ᠲᠠᠷᠬᠠᠨ ᠮᠤᠤᠮᠢᠩᠭᠠᠨ‌ᠬᠤᠯᠪᠤᠭᠠᠳᠤ ᠬᠤᠰᠢᠭᠤ ᠮᠠᠰᠢᠨ ᠲᠡᠷᠭᠡᠨ ᠤ  ᠭᠡᠭᠡᠷᠡᠯᠡᠨ ᠠᠶᠠᠯᠠᠬᠤ ᠤᠷᠤᠯᠳᠤᠭᠠᠨ ᠢ ᠣᠷᠣᠭᠰᠢᠳᠠᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/3/17
      3 ᠰᠠᠷ᠎ᠠ ᠶᠢᠨ 15 ᠤ ᠡᠳᠦᠷ᠂ 2025 ᠣᠨ ᠤ ᠲᠠᠷᠬᠠᠨ ᠮᠤᠤᠮᠢᠩᠭᠠᠨ ᠤ ᠮᠠᠰᠢᠨ ᠲᠡᠷᠭᠡᠨ ᠤ ᠲᠠᠯᠠᠪᠤᠷ ᠤᠨ ᠤᠷᠤᠯᠳᠤᠭᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠡᠬᠢᠯᠡᠪᠡ᠃ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 11 ᠲᠡᠷᠭᠡ ᠤᠷᠤᠯᠳᠤᠭᠴᠢ ᠪᠣᠯᠤᠨ ᠬᠡᠭᠡᠷᠡᠯᠡᠨ ᠠᠶᠠᠯᠠᠬᠤ ᠳᠤᠷᠠᠲᠠᠢ ᠬᠥᠮᠦᠰ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ‍ᠤᠨ‌ᠮᠠᠰᠢᠨ ᠲᠡᠷᠭᠡᠨ ᠤ ᠤᠷᠤᠯᠳᠤᠭᠠᠨ ᠤ ᠵᠠᠮ ᠳᠤ ᠬᠤᠷᠴᠠ ᠰᠢᠷᠦᠭᠦᠨ ᠤᠷᠤᠯᠳᠤᠵᠥ ᠡᠬᠢᠯᠡᠪᠡ᠃      ᠬᠡᠳᠦ᠋ᠢᠪᠡᠷ ᠬᠠᠪᠤᠷ ᠤᠨ ᠡᠬᠢᠨ ᠤ ᠲᠠᠯ᠎ᠠ ᠨᠤᠲᠤᠭ ᠮᠥᠨ ᠯᠡ ᠬᠠᠬᠢᠷ ᠬᠦᠢᠲᠡᠨ ᠰᠠᠯᠬᠢᠨ ᠶᠡᠭᠡ᠂ ᠠᠭᠠᠷ ᠤᠨ ᠳᠤᠯᠠᠭᠠᠨ ᠲᠡᠭ ᠠᠴᠠ ᠳᠣᠷᠣᠭᠰᠢ ᠪᠠᠶᠢᠭ᠎ᠠ ᠪᠣᠯᠪᠠᠴᠤ ᠲᠡᠷᠭᠡᠴᠢᠳ ᠤᠨ ᠬᠠᠯᠠᠭᠤᠨ ᠰᠡᠳᠬᠢᠯᠭᠡ ᠪᠠ ᠦᠵᠡᠭᠴᠢᠳ ᠤᠨ ᠳᠡᠮᠵᠢᠯᠭᠡ ᠠᠴᠠ ᠪᠦᠬᠦ᠋ᠢᠯᠡ ᠤᠷᠤᠯᠳᠤᠭᠠᠨ ᠣᠷᠬᠢᠯᠤᠮ᠎ᠠ ᠬᠠᠯᠠᠭᠤᠨ ᠶᠠᠪᠤᠭᠳᠠᠵᠤ ᠪᠠᠶᠢᠪᠠ᠃ ᠬᠠᠬᠢᠷ ᠬᠦᠢᠲᠡᠨ ᠠᠭᠤᠷ ᠠᠮᠢᠰᠬᠤᠯ ᠨᠢ ᠤᠷᠤᠯᠳᠤᠭᠠᠨ ᠤ ᠭᠤᠶᠢᠳᠠ ᠰᠠᠶᠢᠬᠠᠨ ᠪᠠᠶᠢᠳᠠᠯ ᠢ ᠨᠥᠯᠥᠭᠡᠯᠡᠭᠰᠡᠨ ᠦᠭᠡᠢ᠂ ᠬᠠᠷᠢᠨ ᠲᠡᠷᠭᠡᠴᠢᠳ ᠨᠡᠩ ᠢᠯᠡᠭᠦᠦ ᠠᠩᠬᠠᠷᠤᠯ ᠲᠠᠯᠪᠢᠵᠤ᠂ ᠲᠡᠷᠭᠡ ᠵᠢᠯᠣᠭᠤᠳᠬᠤ ᠮᠡᠷᠭᠡᠵᠢᠯ ᠪᠣᠯᠤᠨ ᠨᠤᠭᠤᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠶᠢ ᠢᠯᠡᠷᠡᠭᠦᠯᠵᠡᠶ᠃     ᠤᠷᠤᠯᠳᠤᠭᠠᠨ ᠤ ᠵᠠᠮ ᠨᠢ ᠡᠯᠡᠰᠦᠷᠬᠡᠭ ᠭᠠᠵᠠᠷ᠂ ᠴᠢᠯᠠᠭᠤᠨ ᠬᠡᠮᠬᠡᠷᠬᠡᠢ᠂ ᠤᠰᠤᠨ ᠨᠦᠬᠡ ᠵᠡᠷᠭᠡ ᠣᠯᠠᠨ ᠵᠦᠢᠯ ᠤᠨ ᠭᠠᠵᠠᠷ ᠤᠨ ᠪᠠᠶᠢᠴᠠ ᠲᠠᠢ ᠤᠶᠠᠯᠳᠤᠵᠤ᠂ ᠮᠣᠷᠣᠢ ᠵᠠᠮ ᠪᠠ ᠰᠢᠯᠤᠭᠤᠨ ᠵᠠᠮ ᠰᠤᠯᠪᠢᠴᠠᠵᠤ᠂ ᠲᠡᠷᠭᠡᠴᠢᠨ ᠤ ᠮᠡᠷᠭᠡᠵᠢᠯ ᠪᠠ ᠳᠠᠭᠠᠭᠠᠴᠠ ᠶᠢᠨ ᠲᠠᠯ᠎ᠠ ᠪᠠᠷ ᠴᠥᠮ ᠲᠦᠢᠯ ᠤᠨ ᠶᠡᠭᠡ ᠰᠢᠯᠭᠠᠯᠲᠠ ᠪᠣᠯᠬᠤ ᠶᠤᠮ᠃ ᠳᠣᠣᠷ᠎ᠠ ᠳᠤᠯᠠᠭᠠᠨ ᠤ ᠣᠷᠴᠢᠨ ᠳᠤ᠂ ᠳᠣᠭᠤᠶᠢᠯᠠᠪᠤᠷᠢ ᠶᠢᠨ ᠭᠠᠵᠠᠷ ᠲᠤᠰᠬᠤ ᠬᠥᠴᠥᠨ ᠪᠣᠯᠤᠨ ᠮᠠᠰᠢᠨ ᠲᠡᠷᠭᠡᠨ ᠤ ᠴᠢᠳᠠᠪᠬᠢ ᠨᠢ ᠪᠦᠷ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠂ ᠭᠡᠪᠡᠴᠦ ᠲᠡᠷᠭᠡᠴᠢᠳ ᠡᠯᠪᠡᠭ ᠪᠠᠶᠠᠯᠢᠭ ᠲᠤᠷᠰᠢᠯᠭ᠎ᠠ ᠪᠣᠯᠤᠨ ᠨᠠᠷᠢᠯᠢᠭ ᠣᠨᠣᠪᠴᠢᠲᠠᠢ ᠡᠵᠡᠮᠰᠢᠯ ᠢᠶᠠᠷ ᠢᠶᠠᠨ ᠤᠷᠤᠯᠳᠤᠭᠠᠨ ᠤ ᠲᠡᠷᠭᠡ ᠶᠢᠨ ᠳᠠᠯᠳᠠ ᠬᠦᠴᠦᠨ ᠢ ᠶᠡᠬᠡᠪᠡᠷ ᠪᠠᠳᠠᠷᠠᠭᠤᠯᠵᠤ᠂ ᠦᠵᠡᠭᠴᠢᠳ ᠲᠤ ᠨᠢᠭᠡ ᠤᠳᠠᠭᠠᠨ ᠤ ᠬᠠᠷᠠᠭ᠎ᠠ ᠰᠣᠨᠣᠷ ᠤᠨ ᠥᠪᠡᠳᠡᠭᠰᠢ ᠨᠠᠶᠢᠷ ᠢ ᠰᠣᠨᠢᠷᠬᠠᠭᠤᠯᠵᠠᠢ᠃      ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠬᠥᠳᠡᠯᠭᠡᠭᠦᠷ ᠮᠠᠰᠢᠨ ᠤ ᠬᠦᠩᠭᠢᠨᠡᠮ᠎ᠡ ᠲᠠᠭᠤᠨ ᠲᠠᠭᠤᠷᠢᠰᠴᠤ᠂ ᠲᠡᠷᠭᠡ ᠤᠷᠤᠯᠳᠤᠬᠴᠢᠳ ᠬᠦᠴᠢᠷ ᠢ ᠳᠠᠪᠠᠨ ᠰᠠᠭᠠᠳ ᠳᠣᠭᠤᠯᠵᠤ᠂ ᠰᠠᠯᠬᠢ ᠴᠠᠬᠢᠯᠭᠠᠨ ᠮᠡᠳᠥ ᠬᠤᠷᠳᠤᠨ ᠳᠠᠪᠬᠢᠭᠤᠯᠵᠤ᠂ ᠮᠤᠷᠤᠢ ᠰᠠᠷᠤᠢ ᠤᠷᠤᠯᠳᠤᠭᠠᠨ ᠤ ᠵᠠᠮ ᠳᠡᠭᠡᠷ᠎ᠡ ᠨᠢᠭᠡ ᠤᠳᠠᠭᠠᠨ ᠤ ᠤᠷᠬᠢᠯᠤᠮ᠎ᠠ ᠥᠷᠢᠰᠥᠯᠳᠥᠭᠡᠨ ᠢ ᠰᠣᠨᠢᠷᠬᠠᠭᠤᠯᠵᠤ᠂ ᠬᠤᠷᠳᠤᠴᠠ ᠪᠣᠯᠤᠨ ᠬᠦᠴᠦᠨ ᠴᠢᠳᠠᠯ ᠤᠨ ᠲᠡᠭᠦᠰ ᠰᠠᠶᠢᠬᠠᠨ ᠤᠶᠠᠯᠳᠤᠯ ᠢ ᠢᠯᠡᠷᠡᠭᠦᠯᠵᠦ᠂ ᠬᠥᠮᠦᠰ ᠤᠨ ᠬᠠᠯᠠᠭᠤᠨ ᠰᠡᠳᠬᠢᠯ ᠢ ᠣᠷᠭᠢᠯᠤᠭᠤᠯᠪᠠ᠃ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠭᠤᠷᠪᠠᠳᠤᠭᠠᠷ ᠤᠳᠠᠭ᠎ᠠ ᠢᠷᠡᠵᠦ ᠤᠷᠤᠯᠳᠤᠭᠠᠨ ᠳᠤ ᠣᠷᠣᠯᠴᠠᠵᠤ ᠪᠠᠶᠢᠨ᠎ᠠ᠂ ᠡᠨᠡ ᠬᠦ ᠤᠷᠤᠯᠳᠤᠭᠠᠨ ᠤ ᠵᠠᠮ ᠮᠠᠰᠢ ᠪᠦᠷᠢᠨ ᠲᠡᠭᠦᠯᠳᠡᠷ᠂ ᠪᠢᠳᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠦ ᠤᠷᠤᠯᠳᠤᠬᠤ ᠳᠤᠷᠠᠲᠠᠢ᠂ ᠡᠭᠦᠨ ᠤ ᠬᠠᠮᠲᠤ ᠪᠤᠢ ᠪᠦᠬᠦᠢ ᠤᠷᠤᠯᠳᠤᠭᠠᠨ ᠤ ᠲᠡᠷᠭᠡᠴᠢᠨ ᠰᠠᠶᠢᠨ ᠬᠢᠷᠢ ᠪᠦᠲᠦᠮᠵᠢ ᠤᠯᠬᠤ ᠶᠢ ᠢᠷᠥᠭᠡᠶ᠎ᠡ︾ ᠬᠡᠵᠥ ᠰᠢᠯᠢ ᠶᠢᠨ ᠭᠤᠣᠯ ᠠᠶᠢᠮᠠᠭ ᠠᠴᠠ ᠢᠷᠡᠭᠰᠡᠨ ᠲᠠᠮᠢᠷᠴᠢᠨ ᠬᠠᠶᠠᠭᠴᠢ ᠡᠨᠡ ᠤᠳᠠᠭᠠᠨ ᠤ ᠤᠷᠤᠯᠳᠤᠭᠠᠨ ᠳᠤ ᠢᠲᠡᠭᠡᠯ ᠳᠦᠭᠦᠷᠡᠩ ᠪᠠᠶᠢᠬᠤ ᠪᠠᠨ ᠢᠯᠡᠳᠭᠡᠪᠡ᠃      ᠤᠷᠤᠯᠳᠤᠭᠠᠨ ᠤ ᠵᠠᠮ ᠨᠢ ᠲᠡᠷᠭᠡ ᠵᠢᠯᠣᠭᠤᠳᠬᠤ ᠮᠡᠷᠭᠡᠵᠢᠯ ᠢ ᠰᠢᠯᠭᠠᠬᠤ ᠪᠠᠷ ᠪᠠᠷᠠᠬᠤ ᠦᠭᠡᠢ᠂ ᠨᠡᠩ ᠴᠦ ᠲᠡᠳᠡᠨ ᠤ ᠵᠣᠷᠢᠭ ᠰᠥᠰᠥ ᠪᠠ ᠳᠡᠰᠪᠥᠷᠢ ᠬᠠᠳᠠᠭᠤᠵᠢᠯ ᠢ ᠰᠢᠯᠭᠠᠭᠰᠠᠨ ᠪᠠᠶᠢᠨ᠎ᠠ᠃ ᠤᠳᠠᠭ᠎ᠠ ᠪᠦᠷᠢ ᠶᠢᠨ ᠬᠤᠷᠳᠤᠴᠠ ᠪᠠᠨ ᠨᠡᠮᠡᠬᠦ᠂ ᠤᠳᠠᠭ᠎ᠠ ᠪᠦᠷᠢ ᠶᠢᠨ ᠮᠤᠷᠤᠢ ᠵᠠᠮ ᠥᠩᠭᠡᠷᠡᠬᠦ ᠨᠢ ᠴᠥᠮ ᠳᠡᠷᠭᠡᠴᠢᠳ ᠲᠤ ᠲᠦᠢᠯ ᠤᠨ ᠶᠡᠭᠡ ᠥᠷᠢᠰᠥᠯᠳᠦᠭᠡᠨ ᠠᠪᠴᠢᠷᠠᠵᠤ᠂ ᠮᠠᠰᠢᠨ ᠲᠡᠷᠭᠡᠨ ᠤ ᠬᠥᠳᠡᠯᠭᠡᠭᠡᠨ ᠤ ᠭᠡᠨᠡᠨ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃ ᠥᠪᠥᠷ ᠮᠣᠩᠭᠤᠯ ᠤᠨ ᠲᠦᠩ ᠳ᠋ᠡ ᠭᠦᠩ ᠮᠤᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠲᠥᠯᠥᠪᠯᠡᠭᠡ ᠶᠢᠨ ᠬᠡᠯᠲᠡᠰ ᠤᠨ ᠤᠶᠤᠨᠪᠢᠯᠢᠭ᠌᠄ ︽ᠪᠢᠳᠡ ᠡᠶᠢᠮᠦ ᠤᠷᠤᠯᠳᠤᠭᠠᠨ ᠡᠷᠬᠢᠯᠡᠬᠦ ᠪᠠᠷ ᠳᠠᠮᠵᠢᠭᠤᠯᠵᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠯᠳᠠᠷᠰᠢᠯ ᠪᠣᠯᠤᠨ ᠨᠥᠯᠥᠭᠡᠯᠡᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠬᠦ ᠶᠢᠨ ᠬᠠᠮᠲᠤ᠂ ᠲᠤᠰ ᠭᠠᠵᠠᠷ ᠤᠨ ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠪᠢᠳᠡ ᠲᠤᠰ ᠭᠠᠵᠠᠷ ᠤᠨ ᠰᠣᠶᠣᠯ ᠲᠠᠢ ᠤᠶᠠᠯᠳᠤᠭᠤᠯᠤᠨ ᠡᠯ᠎ᠡ ᠲᠥᠷᠥᠯ ᠤᠨ ᠤᠷᠤᠯᠳᠤᠭᠠᠨ ᠶᠠᠪᠤᠭᠳᠠᠭᠤᠯᠤᠨ᠎ᠠ᠂ ᠥᠷᠭᠡᠨ ᠣᠯᠠᠨ ᠨᠠᠶᠢᠵᠠ ᠨᠠᠷ ᠮᠠᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠢᠷᠡᠵᠦ ᠵᠤᠭᠠᠴᠠᠨ ᠲᠣᠭᠤᠷᠢᠨ ᠦᠵᠡᠵᠦ᠂ ᠮᠠᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠲᠦᠮᠡᠨ ᠤ ᠬᠠᠯᠠᠭᠤᠨ ᠳᠣᠲᠣᠨᠣ ᠵᠣᠴᠢᠨᠰᠠᠭ ᠵᠠᠩ ᠦᠢᠯᠡ ᠶᠢ ᠣᠶᠢᠯᠠᠭᠠᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号