3 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠮᠠᠨᠳᠤᠯ | ᠪᠠᠯᠭᠠᠰᠤᠨ ᠳᠤ ᠭᠦᠨᠵᠡᠭᠡᠶᠢᠷᠡᠵᠦ᠂ ᠮᠠᠨᠳᠤᠯ ᠪᠠᠯᠭᠠᠰᠤ ᠵᠢᠴᠢ ᠪᠣᠭᠤᠮᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ | ᠮᠠᠨᠳᠤᠯ ᠪᠣᠭᠤᠮᠲᠠ ᠳᠤ᠂ ᠵᠢᠶᠠ ᠪᠦᠦ ᠯᠢᠶᠠᠩ ᠤᠷᠢᠳ ᠬᠤᠵᠢᠳ ᠪᠣᠭᠤᠮᠲᠠ ᠶᠢᠨ ᠲᠤᠬᠢᠷᠠᠭᠤᠯᠤᠨ | ᠵᠢᠯᠣᠭᠤᠳᠬᠤ ᠲᠥᠪ᠂ ᠪᠠᠶᠢᠴᠠᠭᠠᠨ ᠰᠢᠯᠭᠠᠬᠤ ᠬᠡᠷ ᠪᠠᠶᠢᠰᠢᠩ ᠤᠨ ᠨᠢᠭᠡᠳᠦᠭᠡᠷ᠂ ᠬᠤᠶᠠᠳᠤᠭᠠᠷ ᠪᠠᠷᠢᠮᠵᠢᠶ᠎ᠠ ᠶᠢᠨ | ᠬᠡᠰᠡᠭ᠂ ᠪᠠᠷᠠᠭᠠᠨ ᠤ ᠲᠡᠭᠡᠭᠡᠪᠦᠷᠢ ᠶᠢᠨ ᠵᠠᠮ ᠢ ᠥᠷᠭᠡᠳᠬᠡᠨ ᠪᠠᠶᠢᠭᠤᠯᠬᠤ ᠢᠨᠵᠧᠨᠧᠷᠢᠩ ᠵᠢᠴᠢ ᠡᠯ᠎ᠡ ᠬᠢᠨᠠᠨ | ᠬᠠᠮᠢᠶᠠᠷᠬᠤ ᠬᠥᠮᠥᠷᠭᠡ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠲᠤᠭᠤᠷᠢᠨ ᠦᠵᠡᠵᠦ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠵᠠᠬ᠎ᠠ ᠳᠡᠯᠭᠡᠭᠦᠷ ᠤᠨ ᠢᠷᠡᠭᠡᠳᠦᠢ ᠵᠢᠴᠢ ᠣᠷᠣᠰᠢᠵᠤ ᠪᠠᠶᠢᠭ᠎ᠠ | ᠠᠰᠠᠭᠤᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠲᠤᠬᠢᠷᠠᠭᠤᠯᠤᠨ ᠰᠢᠢᠳᠪᠦᠷᠢᠯᠡᠪᠡ᠃ | ᠵᠢᠶᠠ ᠪᠦᠦ ᠯᠢᠶᠠᠩ ᠶᠠᠷᠢᠭᠰᠠᠨ ᠨᠢ᠂ ᠮᠠᠨᠳᠤᠯ ᠪᠣᠭᠤᠮᠲᠠ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠲᠠᠭᠤ ᠲᠤᠯᠭᠠᠭᠤᠷᠢᠯᠠᠯ ᠪᠣᠯᠤᠨ᠎ᠠ᠂ ᠬᠠᠷᠠᠯᠲᠠ ᠪᠠᠨ ᠴᠢᠨᠠᠭᠰᠢᠳᠠ | ᠲᠣᠳᠣᠷᠬᠠᠶᠢᠯᠠᠵᠤ᠂ ᠰᠡᠳᠬᠢᠴᠡ ᠪᠠᠨ ᠡᠮᠬᠢᠯᠡᠵᠦ᠂ ᠠᠵᠤ ᠠᠬᠤᠢ ᠶᠢᠨ ᠶᠡᠭᠡ ᠲᠠᠩᠰᠠ ᠶᠢ ᠰᠠᠶᠢᠲᠤᠷ ᠪᠤᠳᠤᠵᠤ᠂ ᠵᠠᠬ᠎ᠠ | ᠳᠡᠯᠭᠡᠭᠦᠷᠴᠢᠯᠡᠭᠰᠡᠨ ᠰᠡᠳᠬᠢᠬᠦᠢ ᠶᠢ ᠪᠤᠢ ᠪᠣᠯᠭᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ | ᠢᠷᠡᠭᠡᠳᠦᠢ ᠶᠢᠨ ᠠᠵᠤ ᠦᠢᠯᠡᠰ ᠤᠨ ᠤᠷᠢᠳᠴᠢᠯᠠᠠᠭᠰᠠᠨ ᠪᠠᠶᠢᠷᠢᠰᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ | ᠦᠯᠡᠳᠡᠭᠳᠡᠯ ᠭᠠᠵᠠᠷ ᠰᠢᠷᠣᠢ ᠶᠢ ᠠᠮᠢᠳᠤᠯᠢᠭᠵᠢᠭᠤᠯᠤᠨ ᠠᠭᠤᠳᠠᠯᠠᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ | ᠂ ᠤᠨᠢᠨ ᠳᠡᠭᠡᠷ᠎ᠡ ᠨᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠣᠬᠢᠰᠲᠠᠢ ᠠᠰᠢᠭᠯᠠᠵᠤ᠂ ᠠᠵᠤ ᠦᠢᠯᠡᠰ ᠤᠨ ᠲᠥᠪᠯᠡᠷᠡᠯ ᠤᠨ | ᠦᠢᠯᠡᠳᠦᠯ ᠢᠶᠠᠷ ᠪᠣᠭᠤᠮᠲᠠ ᠶᠢᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠠᠵᠤ | ᠠᠬᠤᠶᠢᠯᠠᠯ ᠤᠨ ᠬᠢᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠶᠠᠰᠤ | ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠬᠤᠷᠳᠤᠴᠠ ᠪᠠᠨ | ᠳᠡᠭᠡᠭᠰᠢᠯᠡᠭᠦᠯᠵᠦ᠂ ᠠᠬᠢᠴᠠ ᠪᠠᠨ ᠠᠳᠬᠤᠵᠤ᠂ ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ | ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠣᠭᠤᠮᠲᠠ ᠶᠢᠨ ᠠᠵᠤ ᠠᠬᠤᠶ ᠶᠢᠨ ᠪᠥᠲᠥᠭᠡᠨ | ᠪᠠᠶᠢᠭᠤᠯᠤᠯᠲᠠ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ | ᠨᠢᠭᠡ ᠠᠯᠬᠤᠮ ᠴᠢᠩᠭᠠᠳᠬᠠᠵᠤ᠂ ᠪᠣᠭᠤᠮᠲᠠ ᠶᠢᠨ ᠠᠷᠠᠯᠵᠢᠶ᠎ᠠ ᠪᠠ ᠪᠠᠯᠠ ᠣᠷᠣᠭᠤᠯᠤᠯᠲᠠ ᠶᠢ ᠳᠥᠭᠦᠮᠴᠢᠯᠡᠬᠦ | ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠠᠭᠤᠷᠢ ᠲᠦᠬᠦᠭᠡᠷᠦᠮᠵᠢ ᠶᠢ | ᠲᠡᠭᠦᠯᠳᠡᠷᠵᠢᠭᠦᠯᠦᠨ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ | ᠬᠡᠷᠡᠭᠲᠡᠶ ᠃ | ᠮᠠᠨᠳᠤᠯ ᠪᠠᠯᠭᠠᠰᠤᠨ ᠳᠤ᠂ ᠵᠢᠶᠠ ᠪᠦᠦ ᠯᠢᠶᠠᠩ ᠮᠠᠨᠳᠤᠯ ᠪᠠᠯᠭᠠᠰᠤᠨ ᠤ ᠨᠡᠭᠦᠳᠡᠯ ᠠᠷᠠᠳ ᠤᠨ ᠭᠡᠷ᠂ ᠮᠣᠩᠭᠤᠯ | ᠭᠡᠷ ᠬᠤᠨᠤᠭ ᠤᠨ ᠦᠷᠦᠭᠡ ᠶᠢᠨ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠵᠢᠴᠢ ᠠᠷᠠᠯᠵᠢᠶ᠎ᠠ ᠬᠤᠳᠠᠯᠳᠤᠭᠠᠨ ᠤ | ᠬᠤᠳᠠ᠂ ᠮᠠᠰᠢᠨ ᠲᠡᠷᠭᠡᠨ ᠤ ᠠᠷᠠᠯᠵᠢᠶᠠᠨ ᠤ ᠬᠤᠳᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠶᠢ | ᠪᠠᠶᠢᠴᠠᠭᠠᠨ ᠦᠵᠡᠪᠡ᠃ ᠵᠢᠶᠠ ᠪᠦᠦ ᠯᠢᠶᠠᠩ ᠶᠠᠷᠢᠭᠰᠠᠨ ᠨᠢ᠂ ᠮᠠᠨᠳᠤᠯ ᠪᠠᠯᠭᠠᠰᠤ ᠬᠤᠲᠠ ᠪᠠᠯᠭᠠᠰᠤᠨ ᠤ | ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠤ ᠦᠢᠯᠡᠰ ᠤᠨ | ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ᠂ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠳᠤ | ᠰᠠᠭᠤᠷᠢᠯᠠᠵᠤ᠂ ᠪᠠᠷᠠᠭᠠᠯᠬᠢᠯᠠᠯᠳᠤ ᠴᠢᠨᠠᠷ᠂ ᠰᠢᠰᠲ᠋ᠧᠮᠲᠦ ᠴᠢᠨᠠᠷ ᠢᠶᠠᠷ ᠬᠤᠲᠠ ᠪᠠᠯᠭᠠᠰᠤᠨ ᠤ ᠲᠥᠯᠥᠪᠵᠢᠭᠦᠯᠭᠡ ᠶᠢᠨ | ᠠᠵᠢᠯ ᠢ ᠰᠠᠶᠢᠲᠤᠷ ᠬᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠴᠢᠳᠠᠮᠵᠢ ᠶᠢᠨ ᠢᠵᠢ | ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠤᠲᠠ ᠪᠠᠯᠭᠠᠰᠤᠨ ᠤ ᠴᠢᠳᠠᠮᠵᠢ ᠶᠢᠨ ᠲᠠᠰ ᠪᠠ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠣᠭᠤᠮᠲᠠ ᠬᠢᠭᠡᠳ ᠪᠠᠯᠭᠠᠰᠤᠨ ᠤ ᠲᠣᠭᠤᠷᠢᠭ ᠤᠨ | ᠬᠤᠯᠪᠣᠭᠠᠯᠠᠨ ᠬᠥᠭᠵᠢᠬᠦ ᠶᠢ ᠠᠬᠢᠭᠤᠯᠬᠤ ᠬᠡᠷᠡᠭᠲᠡᠶ ᠃ ᠡᠯ᠎ᠡ ᠲᠠᠯ᠎ᠠ ᠶᠢᠨ ᠬᠢᠨ ᠲᠠᠢ ᠤᠯᠤᠯᠴᠠᠭ᠎ᠠ | ᠵᠣᠬᠢᠴᠠᠭᠤᠯᠭ᠎ᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠭᠦᠨᠵᠡᠭᠡᠢ ᠪᠠᠶᠢᠴᠠᠭᠠᠨ ᠰᠤᠳᠤᠯᠵᠤ᠂ | ᠰᠢᠨᠵᠢᠯᠡᠬᠦ ᠤᠬᠠᠭᠠᠨᠴᠢ ᠪᠠᠷ ᠲᠥᠰᠦᠯ ᠢ ᠲᠣᠭᠲᠠᠭᠠᠵᠤ᠂ ᠠᠵᠤ ᠦᠢᠯᠡᠰ ᠤᠨ ᠡᠵᠡᠩᠨᠡᠯᠲᠡ ᠶᠢᠨ ᠬᠡᠯᠪᠡᠷᠢ ᠶᠢ | ᠪᠠᠶᠠᠯᠢᠭᠵᠢᠭᠤᠯᠵᠤ᠂ ᠨᠢᠭᠡ ᠪᠦᠯᠦᠭ ᠴᠢᠨᠠᠷ ᠰᠠᠶᠢᠲᠠᠢ ᠠᠵᠤ ᠦᠢᠯᠡᠰ ᠤᠨ ᠪᠦᠯᠦᠭᠵᠢᠯ ᠢ ᠲᠦᠷᠭᠡᠨ ᠪᠠᠶᠢᠭᠤᠯᠵᠤ᠂ | ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠤᠨ ︽ᠬᠤᠣᠰ ᠠᠮᠵᠢᠯᠲᠠ︾ ᠶᠢ ᠴᠢᠷᠮᠠᠶᠢᠨ | ᠡᠭᠦᠳᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠰᠢᠰᠲ᠋ᠧᠮᠴᠢ ᠦᠵᠡᠯᠲᠡ ᠪᠠᠨ | ᠲᠡᠭᠡᠭᠰᠢᠯᠡᠬᠦᠯᠵᠦ᠂ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠬᠦᠴᠦᠨ ᠤ ᠡᠬᠢ ᠪᠠᠶᠠᠯᠢᠭ ᠢᠶᠠᠨ | ᠲᠥᠪᠯᠡᠷᠡᠭᠦᠯᠵᠦ᠂ ᠮᠠᠨᠳᠤᠯ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠢ ᠃ | ᠬᠤᠰᠢᠭᠤᠨ ᠤ ᠤᠳᠤᠷᠢᠳᠤᠯᠭ᠎ᠠ ᠳ᠋ᠠᠩ ᠰᠢᠶᠤᠤ ᠬᠤᠩ᠂ ᠶᠠᠨ ᠴᠦᠨ ᠯᠸᠢ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ |