ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠪᠠᠭᠠᠨ᠎ᠠ ᠲᠠᠷᠬᠠᠨ ᠰᠤᠮᠤᠨ ᠳᠤ ᠬᠦᠷᠴᠦ ᠠᠳᠤᠭᠤᠨ ᠤ ᠠᠵᠤ ᠦᠢᠯᠡᠰ ᠤᠨ ᠬᠦᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/17
      3 ᠰᠠᠷ᠎ᠠ ᠶᠢᠨ 13 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠪᠠᠭᠠᠨ᠎ᠠ᠂ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠷᠢᠨ᠂  ᠲᠠᠷᠬᠠᠨ ᠰᠤᠮᠤᠨ ᠤ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠰᠤᠮᠤᠨ ᠤ ᠨᠠᠮ ᠤᠨ ᠬᠤᠷᠢᠶᠠᠨ ᠤ ᠱᠦᠵᠢ ᠰᠡᠴᠡᠨᠲᠤᠶᠠᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠲᠤᠯᠢᠩᠭᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠳᠠᠷᠬᠠᠨ ᠰᠤᠮᠤ ᠶᠢᠨ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠨ  ᠦᠷᠡᠵᠢᠬᠦᠯᠬᠦ ᠰᠠᠭᠤᠷᠢᠨ ᠭᠠᠵᠠᠷ ᠨᠢ ᠴᠠᠭᠠᠬᠤᠪᠤᠭ᠎ᠠ ᠭᠠᠴᠠᠭᠠᠨ ᠤ ᠬᠠᠮᠲᠤ ᠶᠢᠨ ᠰᠤᠯᠠ ᠪᠠᠶᠢᠬᠤ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠪᠠᠷ ᠳᠠᠮᠵᠢᠭᠤᠯᠤᠨ᠂ 2.2 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠡᠵᠡᠯᠡᠭᠰᠡᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ 3300 ᠭᠠᠷᠤᠶ ᠮᠥ ᠬᠠᠮᠲᠤ ᠶᠢᠨ ᠨᠤᠳᠤᠭ ᠪᠡᠯᠴᠢᠭᠡᠷ ᠲᠠᠢ ᠤᠶᠠᠯᠳᠤᠭᠤᠯᠤᠨ᠂ 27 ᠡᠷᠦᠬᠡ ᠮᠠᠯᠴᠢᠳ ᠢ ᠵᠣᠬᠢᠶᠠᠨ ᠪᠠᠶᠢᠭᠤᠯᠤᠨ 32 ᠲᠦᠮᠡᠨ ᠲᠥᠭᠦᠷᠢᠭ ᠤᠨ ᠪᠠᠯᠠ ᠭᠠᠷᠭᠠᠵᠤ᠂ 1656 ᠮᠣᠩᠭᠤᠯ ᠠᠳᠤᠭᠤ ᠶᠢ ᠬᠤᠷᠰᠢᠶᠠᠵᠢᠯ ᠳᠤ ᠬᠤᠪᠢ ᠤᠷᠤᠭᠤᠯᠤᠨ᠂ 26 ᠴᠤᠬᠤᠷ ᠠᠳᠤᠭᠤ ᠶᠢ ᠨᠢᠭᠡᠳᠦᠯᠳᠠᠢ ᠬᠤᠳᠠᠯᠳᠤᠨ ᠠᠪᠴᠤ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠨ  ᠦᠷᠡᠵᠢᠬᠦᠯᠦᠨ ᠲᠦᠯᠵᠢᠬᠦᠯᠬᠦ ᠶᠢ ᠤᠨᠢᠯᠠᠵᠤ᠂ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠭᠦᠯᠪᠡ᠃      ᠪᠠᠶᠢᠴᠠᠭᠠᠨ ᠰᠤᠳᠤᠯᠬᠤ ᠶᠠᠪᠤᠴᠠ ᠳᠤ ᠰᠡᠴᠡᠨᠲᠤᠶᠠᠭ᠎ᠠ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠨ ᠦᠷᠡᠵᠢᠭᠦᠯᠬᠦ ᠰᠠᠭᠤᠷᠢᠨ ᠭᠠᠵᠠᠷ ᠤᠨ ᠠᠵᠢᠯᠯᠠᠭᠠᠨ ᠤ ᠵᠠᠭᠪᠤᠷ ᠪᠣᠯᠤᠨ ᠬᠥᠭᠵᠢᠯᠲᠡ ᠶᠢᠨ ᠣᠳᠣᠬᠢ ᠪᠠᠶᠢᠳᠠᠯ ᠢ ᠨᠠᠷᠢᠨ ᠲᠠᠨᠢᠯᠴᠠᠭᠤᠯᠵᠠᠶ᠃ ᠵᠠᠩ ᠪᠠᠭᠠᠨ᠎ᠠ ᠲᠠᠷᠬᠠᠨ ᠰᠤᠮᠤᠨ ᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠪᠣᠯᠤᠨ ᠢᠷᠡᠭᠡᠳᠦᠢ ᠶᠢᠨ ᠲᠥᠯᠥᠪᠵᠢᠭᠦᠯᠭᠡ ᠶᠢ ᠭᠦᠢᠴᠡᠳ ᠨᠤᠲᠠᠯᠠᠭᠰᠠᠨ ᠤ ᠬᠠᠮᠲᠤ ᠠᠵᠤ ᠦᠢᠯᠡᠰ ᠤᠨ ᠬᠥᠭᠵᠢᠯᠲᠡ ᠶᠢ ᠠᠯᠤᠰ ᠬᠡᠳᠦ ᠳᠤ ᠰᠠᠭᠤᠷᠢᠯᠠᠵᠤ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠰᠠᠭᠤᠷᠢᠨ ᠤ ᠴᠢᠳᠠᠪᠬᠢ ᠶᠢᠨ ᠪᠠᠶᠢᠷᠢᠰᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠭᠦᠯᠳᠡᠷ ᠢ ᠬᠠᠮᠠᠭᠠᠯᠠᠬᠤ᠂ ᠦᠷᠡᠵᠢᠭᠦᠯᠦᠨ ᠪᠤᠶᠢᠵᠢᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠤᠯᠠᠨ ᠲᠠᠯ᠎ᠠ ᠶᠢᠨ ᠣᠷᠭᠠᠨᠢᠭ ᠤᠶᠠᠯᠳᠤᠯ ᠢ ᠴᠢᠷᠮᠠᠶᠢᠨ ᠪᠡᠶᠡᠯᠡᠭᠦᠯᠵᠦ᠂ ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠢ ᠵᠡᠷᠭᠡᠪᠡᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠲᠠᠷᠬᠠᠨ ᠰᠤᠮᠤᠨ ᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠰᠡᠳᠬᠢᠮᠵᠢ ᠶᠢ ᠲᠣᠳᠣᠷᠬᠠᠶ ᠪᠣᠯᠭᠠᠬᠤ᠂ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠬᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠵᠢᠴᠢ ᠡᠬᠢ ᠪᠠᠶᠠᠯᠢᠭ ᠤᠨ ᠡᠯᠧᠮᠧᠨ᠋ᠲ ᠢ ᠡᠮᠬᠢᠯᠡᠨ ᠨᠡᠶᠢᠯᠡᠭᠦᠯᠬᠦ ᠳᠤ ᠵᠠᠩᠭᠢᠯᠠᠭ᠎ᠠ ᠶᠢᠨ ᠠᠬᠢᠭᠤᠯᠬᠤ ᠦᠢᠯᠡᠳᠦᠯ ᠦᠵᠡᠭᠦᠯᠪᠡ᠃ ᠲᠠᠷᠠᠭᠠᠴᠢ ᠶᠢᠨ ᠠᠯᠬᠤᠮ ᠳᠤ᠂ ᠲᠠᠷᠬᠠᠨ ᠰᠤᠮᠤᠨ ᠤ ᠠᠳᠤᠭᠤᠨ ᠤ ᠠᠵᠤ ᠦᠢᠯᠡᠰ ᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠪᠠ ᠦᠷᠭᠦᠯᠵᠢᠯᠡᠭᠦᠯᠵᠦ ᠪᠣᠯᠬᠤ ᠴᠢᠭᠯᠡᠯ ᠳᠠᠰᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号