ᠴᠠᠭᠳᠠᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2025/3/18
      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ ᠲᠣᠭᠲᠠᠭᠠᠯ ᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ 3 ᠰᠠᠷ᠎ᠠ ᠶᠢᠨ 7 ᠤ ᠡᠳᠦᠷ ᠠᠴᠠ 4 ᠰᠠᠷ᠎ᠠ ᠶᠢᠨ 18 ᠤ ᠡᠳᠦᠷ ᠪᠣᠯᠲᠠᠯ᠎ᠠ ᠣᠷᠣᠰᠢᠭᠤᠯᠭ᠎ᠠ ᠶᠢᠨ ᠦᠢᠯᠡᠴᠢᠯᠡᠭᠡᠨ ᠤ ᠬᠦᠷᠢᠶᠡᠨ ᠳᠠᠬᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠤᠰᠬᠠᠶ ᠵᠦᠢᠯ ᠤᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠠᠴᠠ ᠳᠡᠭᠡᠭᠰᠢᠬᠢ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠳᠤ ᠲᠠᠰ ᠳᠡᠪᠰᠢᠭᠦᠯᠦᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ  ᠲᠤᠭᠤᠷᠢᠨ ᠪᠠᠶᠢᠴᠠᠭᠠᠯᠳᠠ ᠶᠢ ᠬᠤᠲᠠ ᠰᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤ ᠵᠡᠭᠡᠯᠢ ᠭᠤᠳᠤᠮᠵᠢ ᠬᠦᠷᠲᠡᠯ᠎ᠡ ᠤᠷᠳᠤᠳᠬᠠᠨ᠎ᠠ᠃ 3 ᠰᠠᠷ᠎ᠠ ᠶᠢᠨ 7 ᠤ ᠡᠳᠦᠷ ᠠᠴᠠ 4 ᠰᠠᠷ᠎ᠠ ᠶᠢᠨ 18 ᠤ ᠡᠳᠦᠷ ᠪᠣᠯᠲᠠᠯ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠲᠤᠰᠬᠠᠶ ᠴᠠᠭᠳᠠᠨ ᠪᠠᠶᠢᠴᠠᠭᠠᠯᠲᠠ ᠥᠷᠨᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠲᠠᠰ ᠳᠡᠪᠰᠢᠭᠦᠯᠦᠨ ᠴᠠᠭᠳᠠᠨ ᠪᠠᠶᠢᠴᠠᠭᠠᠯᠲᠠ ᠬᠢᠵᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ  ᠲᠤᠭᠤᠷᠢᠨ ᠪᠠᠶᠢᠴᠠᠭᠠᠯᠳᠠ ᠶᠢ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤ ᠵᠡᠭᠡᠯᠢ ᠭᠤᠳᠤᠮᠵᠢ ᠬᠦᠷᠲᠡᠯ᠎ᠡ ᠤᠷᠳᠤᠳᠬᠠᠨ᠎ᠠ ᠃      ᠴᠠᠭᠳᠠᠨ ᠪᠠᠶᠢᠴᠠᠭᠠᠬᠤ ᠬᠤᠭᠤᠴᠠᠭᠠᠨ ᠳᠤ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠣᠷᠣᠰᠢᠭᠤᠯᠭ᠎ᠠ ᠶᠢᠨ ᠬᠦᠷᠢᠶᠡᠨ ᠳᠤ ᠨᠠᠮ ᠤᠨ ᠲᠥᠪ ᠬᠤᠷᠢᠶᠠᠨ ᠤ ᠣᠷᠣᠰᠢᠭᠤᠯᠭ᠎ᠠ ᠶᠢᠨ ᠠᠵᠢᠯ ᠤᠨ ᠲᠤᠬᠠᠢ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠰᠠᠮᠠᠭᠤᠨ ᠦᠵᠡᠭᠳᠡᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠦᠭᠰᠡᠨ ᠪᠠᠶᠢᠳᠠᠯ᠂ ᠠᠵᠢᠯ ᠲᠦᠷᠦᠯ ᠤᠨ ᠭᠤᠣᠯᠯᠠᠨ ᠬᠠᠮᠢᠶᠠᠷᠴᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂ ᠢᠯᠵᠠᠷᠠᠯ ᠤᠨ ᠠᠰᠠᠭᠤᠳᠠᠯ ᠪᠣᠯᠤᠨ ᠲᠥᠪ ᠪᠤᠰᠤ ᠰᠤᠷᠲᠠᠯ ᠢ ᠵᠠᠯᠬᠠᠭᠠᠨ ᠰᠢᠢᠳᠬᠡᠭᠰᠡᠨ ᠪᠠᠶᠢᠳᠠᠯ᠂ ᠬᠤᠯᠪᠣᠭᠳᠠᠯ ᠪᠦᠬᠦᠢ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠵᠡᠷᠭᠡ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠢᠨᠠᠨ ᠪᠠᠶᠢᠴᠠᠭᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠤᠭᠰᠠᠨ ᠵᠢᠴᠢ ᠨᠠᠰᠤᠲᠠᠨ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠰᠬᠠᠢ ᠲᠦᠷᠦᠯ ᠤᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠪᠣᠯᠤᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠵᠡᠷᠭᠡ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠢᠨᠠᠨ ᠪᠠᠶᠢᠴᠠᠭᠠᠨ᠎ᠠ᠃ ᠭᠤᠣᠯᠳᠠᠭᠤ ᠲᠣᠭᠤᠷᠢᠨ ᠪᠠᠶᠢᠴᠠᠭᠠᠭᠳᠠᠬᠤ ᠭᠠᠵᠠᠷ ᠣᠷᠣᠨ᠂ ᠰᠠᠯᠠᠭ᠎ᠠ ᠮᠥᠴᠢᠷ ᠤᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠢᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠬᠢᠬᠦ ᠪᠠ ᠲᠤᠰᠬᠠᠯ  ᠭᠠᠷᠭᠠᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃      ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮᠲᠤᠷᠠᠭᠰᠠᠨ ᠰᠤᠷᠪᠤᠯᠵᠢᠯᠠᠯ ᠢ ᠬᠦᠯᠢᠶᠡᠨ ᠠᠪᠬᠤ ᠲᠥᠪ︔  ᠡᠯᠧᠺᠲᠷᠣᠨ ᠵᠠᠬᠢᠳᠠᠯ ᠤᠨ ᠬᠠᠶᠢᠷᠴᠠᠭ ᠄ btswdyxcz2022@163.com ᠴᠠᠭᠳᠠᠨ ᠪᠠᠶᠢᠴᠠᠭᠠᠬᠤ ᠬᠤᠭᠤᠴᠠᠭᠠᠨ ᠳᠤ ᠵᠢᠵᠢᠭᠦᠷᠯᠡᠬᠦ ᠤᠲᠠᠰᠤ ᠲᠣᠬᠢᠷᠠᠭᠤᠯᠪᠠ᠄ 19969022986︔ ︵ᠬᠦᠯᠢᠶᠡᠨ ᠠᠪᠬᠤ ᠴᠠᠭ᠄ 3 ᠰᠠᠷ᠎ᠠ ᠶᠢᠨ 7 ᠤ ᠡᠳᠦᠷ ᠠᠴᠠ 4 ᠰᠠᠷ᠎ᠠ ᠶᠢᠨ 18 ᠤ ᠡᠳᠦᠷ ᠪᠣᠯᠲᠠᠯ᠎ᠠ᠂ ᠥᠷᠯᠥᠭᠡ ᠶᠢᠨ 9 ᠴᠠᠭ ᠠᠴᠠ ᠣᠷᠣᠶ ᠶᠢᠨ 18 ᠴᠠᠭ ᠬᠦᠷᠲᠡᠯ᠎ᠡ︶︔ ᠬᠠᠷᠢᠯᠴᠠᠬᠤ ᠵᠠᠬᠢᠳᠠᠯ ᠤᠨ ᠬᠠᠶᠢᠷᠴᠠᠭ᠄ 1. ᠪᠤᠭᠤᠲᠤ ᠬᠤᠲᠠ ᠶᠢᠨ ᠳᠠᠷᠬᠠᠨ  ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠡᠭᠦᠳᠡᠨ ᠡᠮᠦᠨᠡᠬᠢ ᠵᠡᠭᠦᠨ ᠬᠡᠷᠡᠮ ᠤᠨ ᠰᠡᠷᠡᠯᠵᠢ ︵ᠭᠤᠸᠠᠩ ᠹᠦ᠋ ᠵᠠᠮ ᠪᠠ  ᠪᠦᠯᠬᠦᠮᠳᠡᠯ ᠵᠠᠮ ᠤᠨ ᠠᠭᠤᠯᠵᠠᠷ ᠠᠴᠠ ᠪᠠᠷᠠᠭᠤᠨᠰᠢ 100 ᠮᠧᠲᠷ︶︔ 2. ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠠᠰᠠᠷ ᠤᠨ ᠭᠤᠷᠪᠠᠳᠤᠭᠠᠷ ᠲᠠᠪᠬᠤᠷᠭ᠎ᠠ ᠶᠢᠨ ᠱᠠᠲᠤᠨ ᠤ ᠬᠤᠶᠢᠲᠤ ᠬᠡᠷᠡᠮ ︵ᠪᠠᠳᠤᠬᠠᠭᠠᠯᠭ᠎ᠠ ᠶᠡᠭᠡ ᠵᠡᠭᠡᠯᠢ ᠪᠣᠯᠤᠨ ᠪᠠᠶᠠᠨ ᠵᠠᠮ ᠤᠨ ᠠᠭᠤᠯᠵᠠᠷ︶ ︔ 3. ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠢᠭᠡᠳᠦᠭᠡᠷ  ᠬᠤᠶᠠᠳᠤᠭᠠᠷ ᠲᠠᠪᠬᠤᠷᠭ᠎ᠠ ᠶᠢᠨ ᠠᠰᠠᠷ ᠤᠨ ᠱᠠᠳᠤ ᠶᠢᠨ ᠬᠤᠶᠢᠲᠤ ᠬᠡᠷᠡᠮ ︵ᠪᠠᠢ ᠶᠦᠨ ᠵᠠᠮ ᠪᠠ ᠪᠠᠶᠠᠨ ᠵᠠᠮ ᠤᠨ ᠠᠭᠤᠯᠵᠠᠷ ᠠᠴᠠ ᠵᠡᠬᠦᠨᠰᠢ 160 ᠮᠧᠲᠷ︶︔  4. ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠭᠦᠳᠡᠨ ᠤ ᠠᠰᠠᠷ ᠤᠨ ᠱᠠᠳᠤ ︵ᠪᠠᠲᠤᠬᠠᠭᠠᠯᠭ᠎ᠠ ᠶᠡᠭᠡ ᠵᠡᠭᠡᠯᠢ ᠪᠠ ᠪᠠᠶᠠᠨ ᠵᠠᠮ ᠤᠨ ᠠᠭᠤᠯᠵᠠᠷ ᠠᠴᠠ ᠵᠡᠭᠦᠨ ᠬᠤᠶᠢᠰᠢ 160 ᠮᠧᠲᠷ︶︔ 5. ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ  ᠤᠢ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠠᠰᠠᠷ ᠤᠨ ᠡᠬᠦᠳᠡᠨ ᠤ ᠬᠡᠷᠡᠮ ︵ᠪᠤᠶᠠᠨ ᠪᠠᠳᠠᠷᠠᠭᠤᠯᠤᠭᠴᠢ ᠰᠦᠮ᠎ᠡ ᠪᠠ  ᠪᠠᠢ ᠶᠦᠨ ᠵᠠᠮ ᠤᠨ ᠠᠭᠤᠯᠵᠠᠷ ᠤᠨ ᠵᠡᠬᠦᠨ ᠡᠮᠦᠨᠡᠰᠢ 150 ᠮᠧᠲᠷ︶︔ 6. ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠢᠭᠡᠳᠦᠭᠡᠷ ᠠᠰᠠᠷ ᠤᠨ ᠵᠡᠭᠦᠨ ᠲᠠᠯ᠎ᠠ ᠶᠢᠨ ᠬᠡᠷᠡᠮ ᠳᠡᠭᠡᠷ᠎ᠡ ︵ᠬᠤᠩᠭᠤᠷᠳᠠᠯ᠎ᠠ ᠮᠠᠯᠵᠢᠯ ᠤᠨ ᠲᠠᠯᠠᠪᠠᠢ ᠠᠴᠠ ᠵᠡᠭᠦᠨᠰᠢ 200 ᠮᠧᠲᠷ︶︔ 7᠂ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠳᠡᠨ ᠲᠢᠩᠬᠢᠮ ᠤᠨ ᠵᠡᠭᠦᠨ ᠲᠠᠯ᠎ᠠ ᠶᠢᠨ ᠬᠡᠷᠡᠮ ᠳᠡᠭᠡᠷ᠎ᠡ ︵ᠤᠯᠠᠭᠠᠨᠴᠠᠪ ᠵᠠᠮ ᠬᠢᠭᠡᠳ ᠲᠠᠷᠭᠤᠨ ᠵᠠᠮ ᠤᠨ ᠠᠭᠤᠯᠵᠠᠷ ᠠᠴᠠ ᠪᠠᠷᠠᠭᠤᠨ ᠬᠤᠶᠢᠰᠢ 360 ᠮᠧᠲᠷ︶︔ 8. ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠩᠭᠤᠷᠳᠠᠯ᠎ᠠ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ ᠤ ᠵᠡᠭᠦᠨ ᠲᠠᠯ᠎ᠠ ︵ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 005 ᠰᠢᠶᠠᠩ ᠤᠨ ᠵᠠᠮ ᠬᠢᠭᠡᠳ 333 ᠤᠯᠤᠰ ᠤᠨ ᠵᠠᠮ ᠤᠨ ᠠᠭᠤᠯᠵᠠᠷ ᠠᠴᠠ ᠪᠠᠷᠠᠭᠤᠨ ᠡᠮᠦᠨᠡᠰᠢ 300 ᠮᠧᠲᠷ ︶︔ 9. ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠡᠤᠭᠡᠨ ᠠᠭᠤᠯᠠ ᠵᠡᠭᠡᠯᠢ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠶᠡᠭᠡ ᠡᠭᠦᠳᠡ ᠶᠢᠨ ᠵᠡᠭᠦᠨ ᠲᠠᠯ᠎ᠠ ︵ᠪᠠᠳᠤᠬᠠᠭᠠᠯᠭ᠎ᠠ ᠪᠠᠯᠭᠠᠰᠤᠨ ᠤ ᠰᠢᠨ ᠰᠢᠩ ᠬᠤᠸᠠ ᠶᠤᠸᠡᠨ ᠰᠠᠭᠤᠭᠠᠯᠢ ᠠᠷᠠᠳ ᠤᠨ ᠲᠤᠭᠤᠷᠢᠭ ᠤᠨ 11 ᠳ᠋ᠦ᠋ᠭᠡᠷ ᠠᠰᠠᠷ ᠤᠨ ᠵᠡᠭᠦᠨ ᠲᠠᠯ᠎ᠠ︶᠃    
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号