ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠳᠠᠷ ᠣᠷᠣᠨ ᠤ ᠮᠠᠯ ᠢ ᠣᠷᠣᠭᠤᠯᠤᠨ ᠠᠪᠴᠢᠷᠠᠵᠤ ᠮᠠᠯᠵᠢᠬᠤ ᠶᠢ ᠴᠢᠩᠭ᠎ᠠ ᠴᠠᠭᠠᠵᠠᠯᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/3/20
      ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠲᠡᠩᠴᠡᠭᠦᠷᠢ ᠶᠢ ᠬᠠᠤᠯᠢ ᠶᠣᠰᠣᠭᠠᠷ ᠬᠠᠮᠠᠭᠠᠯᠠᠨ᠂ ᠣᠷᠣᠭᠤᠯᠤᠨ ᠠᠪᠴᠢᠷᠠᠬᠤ ᠬᠡᠯᠪᠡᠷᠢ ᠶᠢᠨ ᠮᠠᠯ ᠪᠡᠯᠴᠢᠭᠡᠷᠯᠡᠭᠦᠯᠬᠦ ᠠᠰᠠᠭᠤᠳᠠᠯ ᠢ ᠬᠤᠷᠢᠭᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ ᠲᠦᠷᠢᠮ︾᠂ ︽ᠪᠤᠭᠤᠲᠤ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠣᠯᠭᠤᠨ ᠱᠠᠩᠨᠠᠬᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 - 2025︶︾᠂ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ ᠲᠦᠷᠢᠮ︾ ᠢ ᠦᠨᠳᠦᠰᠦᠯᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠨᠤᠲᠤᠭ ᠪᠡᠯᠴᠢᠭᠡᠷ ᠢ ᠡᠵᠡᠩᠨᠡᠵᠦ ᠪᠠᠶᠢᠭ᠎ᠠ ᠡᠯ᠎ᠡ ᠪᠠᠶᠢᠭᠤᠯᠭ᠎ᠠ ᠨᠢᠭᠡᠴᠡ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠵᠦ ᠪᠠᠶᠢᠭ᠎ᠠ ᠡᠷᠦᠬᠡ ᠶᠠᠮᠠᠷᠪᠠ ᠰᠢᠯᠲᠠᠭ ᠪᠤᠶᠤ ᠶᠠᠮᠠᠷᠪᠠ ᠬᠡᠯᠪᠡᠷᠢ ᠪᠠᠷ ᠮᠠᠨ ᠤ ᠬᠤᠰᠢᠭᠤᠨ ᠤ ᠨᠤᠲᠤᠭ ᠪᠡᠯᠴᠢᠭᠡᠷ ᠲᠤ ᠭᠠᠳᠠᠷ ᠣᠷᠣᠨ ᠤ ᠮᠠᠯ ᠤᠨᠤᠭ᠎ᠠ ᠶᠢ ᠣᠷᠣᠭᠤᠯᠤᠨ ᠠᠪᠴᠢᠷᠠᠵᠤ ᠮᠠᠯᠵᠢᠵᠤ ᠪᠣᠯᠬᠤ ᠦᠭᠡᠶ᠃      ᠬᠤᠶᠠᠷ᠂ ᠭᠠᠳᠠᠷ ᠣᠷᠣᠨ ᠤ ᠮᠠᠯ ᠤᠨᠤᠭ᠎ᠠ ᠶᠢ ᠮᠠᠨ ᠤ ᠬᠤᠰᠢᠭᠤᠨ ᠤ ᠬᠢᠯᠢ ᠳᠤ ᠣᠷᠣᠭᠤᠯᠤᠨ ᠮᠠᠯᠵᠢᠭᠰᠠᠨ ᠡᠵᠡᠩᠨᠡᠯᠲᠡ ᠶᠢᠨ ᠪᠠᠶᠢᠭᠤᠯᠭ᠎ᠠ ᠨᠢᠭᠡᠴᠡ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠦᠬᠡ ᠶᠢ ᠪᠠᠶᠢᠴᠠᠭᠠᠨ ᠳᠣᠲᠣᠯᠠᠭᠰᠠᠨ ᠤ ᠳᠠᠷᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ ᠲᠦᠷᠢᠮ︾᠂ ︽ᠪᠤᠭᠤᠲᠤ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠣᠯᠭᠤᠨ ᠱᠠᠩᠨᠠᠬᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 - 2025︶︾ ᠂ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ ᠲᠦᠷᠢᠮ︾  ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠪᠥᠭᠡᠳ ᠬᠦᠨᠳᠦ ᠪᠠᠷ ᠰᠢᠢᠳᠬᠡᠭᠦ ᠶᠢᠨ ᠬᠠᠮᠲᠤ᠂ ᠲᠤᠬᠠᠶ ᠶᠢᠨ ᠵᠢᠯ ᠤᠨ ᠡᠯ᠎ᠡ ᠵᠦᠢᠯ ᠤᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢᠨ ᠨᠥᠬᠦᠪᠥᠷᠢ ᠵᠢᠴᠢ ᠬᠠᠮᠢᠶ᠎ᠠ ᠪᠥᠬᠦᠶ ᠮᠠᠯᠴᠢᠳ ᠲᠤ ᠠᠰᠢᠭ ᠬᠦᠷᠲᠡᠭᠡᠬᠦ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢ ᠬᠦᠴᠦᠨ ᠥᠬᠡᠶ ᠪᠣᠯᠭᠠᠨ᠎ᠠ᠃        ᠭᠤᠷᠪᠠ᠂ ᠭᠠᠳᠠᠷ ᠣᠷᠣᠨ ᠤ ᠮᠠᠯ ᠤᠨᠤᠭ᠎ᠠ ᠶᠢ ᠨᠢᠭᠡᠨᠳᠡ ᠣᠷᠣᠭᠤᠯᠤᠨ ᠠᠪᠴᠢᠷᠠᠵᠤ ᠪᠡᠯᠴᠢᠭᠡᠷᠯᠡᠭᠦᠯᠥᠭᠰᠡᠳ ᠡᠷᠬᠡᠪᠰᠢ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ ᠣᠷᠣᠭᠤᠯᠤᠨ  ᠠᠪᠴᠢᠷᠠᠭᠰᠠᠨ ᠮᠠᠯ ᠢᠶᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠵᠠᠬᠢᠷᠭᠠᠨ ᠤ ᠬᠥᠷᠢᠶ᠎ᠡ ᠬᠡᠪᠴᠢᠶ᠎ᠡ ᠠᠴᠠ ᠴᠡᠪᠡᠷᠯᠡᠨ ᠭᠠᠷᠭᠠᠬᠤ ᠬᠡᠷᠡᠭᠲᠡᠶ᠃ ᠲᠣᠰ ᠠᠯᠪᠠᠨ ᠵᠠᠷ ᠤᠨ ᠲᠣᠭᠲᠠᠭᠠᠯ ᠢ ᠬᠡᠷᠡᠭᠵᠢᠭᠦᠯᠬᠦ ᠶᠢ ᠲᠡᠪᠴᠢᠭᠰᠡᠨ ᠪᠠᠶᠢᠪᠠᠯ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠪᠥᠭᠡᠳ ᠬᠦᠨᠳᠦ ᠪᠠᠷ ᠰᠢᠢᠳᠪᠦᠷᠢᠯᠡᠬᠦ ᠶᠢᠨ ᠬᠠᠮᠲᠤ᠂ ᠲᠤᠬᠠᠶ ᠶᠢᠨ ᠵᠢᠯ ᠤᠨ ᠡᠯ᠎ᠡ ᠵᠦᠢᠯ ᠤᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢᠨ ᠨᠥᠬᠦᠪᠥᠷᠢ ᠵᠢᠴᠢ ᠬᠠᠮᠢᠶ᠎ᠠ ᠪᠥᠬᠦᠶ ᠮᠠᠯ ᠠᠵᠤ ᠠᠬᠤᠶ ᠳᠤ ᠠᠰᠢᠭ ᠬᠦᠷᠲᠡᠭᠡᠬᠦ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢ ᠬᠦᠴᠦᠨ ᠥᠬᠡᠶ ᠪᠣᠯᠭᠠᠨ᠎ᠠ᠃      ᠳᠥᠷᠪᠡ᠂ ᠡᠯ᠎ᠡ ᠰᠤᠮᠤ ᠰᠢᠶᠠᠩ ᠪᠠᠯᠭᠠᠰᠤ ᠭᠠᠳᠠᠷ ᠣᠷᠣᠨ ᠤ ᠮᠠᠯ ᠢ ᠣᠷᠣᠭᠤᠯᠤᠨ ᠠᠪᠴᠢᠷᠠᠵᠤ ᠮᠠᠯᠵᠢᠬᠤ ᠶᠢ ᠴᠢᠩᠭ᠎ᠠ ᠴᠠᠭᠠᠵᠠᠯᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠢᠶᠠᠷᠬᠤ ᠤᠬᠠᠮᠰᠠᠷ ᠢ ᠨᠢ ᠦᠨᠡᠨᠬᠦ ᠪᠠᠳᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠬᠤ ᠬᠡᠷᠡᠭᠲᠡᠶ᠃      ᠲᠠᠪᠤ᠂ ᠥᠷᠭᠡᠨ ᠣᠯᠠᠨ ᠮᠠᠯᠴᠢᠨ ᠲᠠᠷᠢᠶᠠᠴᠢᠨ ᠭᠠᠳᠠᠷ ᠣᠷᠣᠨ ᠤ ᠮᠠᠯ ᠢ ᠣᠷᠣᠭᠤᠯᠤᠨ ᠠᠪᠴᠢᠷᠠᠵᠤ ᠮᠠᠯᠵᠢᠬᠤ ᠶᠢ ᠴᠢᠩᠭ᠎ᠠ ᠴᠠᠭᠠᠵᠠᠯᠠᠬᠤ ᠠᠵᠢᠯ ᠳᠤ ᠢᠳᠡᠪᠬᠢᠲᠡᠶ ᠣᠷᠣᠯᠴᠠᠵᠤ᠂ ᠶᠠᠮᠠᠷᠪᠠ ᠪᠠᠶᠢᠭᠤᠯᠭ᠎ᠠ ᠨᠢᠭᠡᠴᠡ ᠬᠤᠪᠢ ᠬᠥᠮᠦᠨ ᠴᠥᠮ ᠢᠯᠡᠴᠢᠯᠡᠨ ᠮᠡᠳᠡᠭᠦᠯᠬᠦ ᠡᠭᠦᠷᠭᠡ ᠲᠠᠢ ᠪᠠᠶᠢᠵᠤ᠂ ᠭᠠᠳᠠᠷ ᠣᠷᠣᠨ ᠤ ᠮᠠᠯ ᠢ ᠣᠷᠣᠭᠤᠯᠤᠨ ᠠᠪᠴᠢᠷᠠᠵᠤ ᠮᠠᠯᠵᠢᠬᠤ ᠦᠢᠯᠡ ᠠᠵᠢᠯᠯᠠᠭ᠎ᠠ ᠪᠠ ᠨᠤᠲᠤᠭ ᠪᠡᠯᠴᠢᠭᠡᠷ ᠢ ᠡᠪᠳᠡᠬᠦ ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠬᠦᠰᠡᠵᠦ ᠪᠠᠶᠢᠨ᠎ᠠ᠂ ᠪᠢᠳᠡ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠴᠢᠩᠭ᠎ᠠ ᠨᠢᠮᠪᠠᠢ ᠬᠠᠮᠠᠭᠠᠯᠠᠨ᠎ᠠ᠃    ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄    ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ 0472 - 8423850    ᠪᠠᠲᠤᠬᠠᠭᠠᠯᠭ᠎ᠠ ᠪᠠᠯᠭᠠᠰᠤ᠄ 0472 - 8428394    ᠮᠠᠨᠳᠤᠯ ᠪᠠᠯᠭᠠᠰᠤ᠄ 0472 - 8315630    ᠰᠢᠷᠠᠮᠦ᠋ᠷᠡᠨ ᠪᠠᠯᠭᠠᠰᠤ᠄ 0472 - 8313101    ᠪᠠᠶ᠋ᠬᠠᠤᠪᠤᠭ᠎ᠠ ᠰᠤᠮᠤ᠄ 0472 - 8310006    ᠳᠠᠷᠬᠠᠨ ᠰᠤᠮᠤ᠄ 0472 - 8315393    ᠪᠠᠶᠠᠨᠬᠤᠸᠠ ᠪᠠᠯᠭᠠᠰᠤ᠄ 0472 - 8315274    ᠴᠠᠭᠠᠨᠬᠠᠳᠠ ᠰᠤᠮᠤ᠄ 0472 - 8315586    ᠮᠢᠩᠭᠠᠨ ᠪᠠᠯᠭᠠᠰᠤ᠄ 0472 - 8421447   ᠦᠬᠡᠷᠬᠤᠳᠳᠤᠭ ᠪᠠᠯᠭᠠᠰᠤ᠄ 0472 - 8312116   ᠰᠢ ᠾᠧ ᠰᠢᠶᠠᠩ᠄ 0472 - 8315175   ᠰᠢᠪᠠᠷᠭᠥ᠋ᠷᠢᠶ᠎ᠡ ᠪᠠᠯᠭᠠᠰᠤ᠄ 0472 - 8311651   ᠪᠠᠭ᠎ᠠ ᠣᠩᠭᠤᠨ ᠰᠢᠶᠠᠩ᠄ 0472 - 8315850
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号