ᠠᠷᠪᠠᠨ ᠳᠥᠷᠪᠡᠳᠦᠭᠡᠷ ᠬᠤᠭᠤᠴᠠᠭᠠᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/20
      3 ᠰᠠᠷ᠎ᠠ ᠶᠢᠨ 19 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠤᠸᠠᠨ ᠸᠧᠨ ᠶᠤᠸᠠᠨ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠼᠦᠢ ᠬᠤ᠋ ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠬᠤ ᠵᠢᠴᠢ ᠡᠭᠦᠷᠭᠡ ᠶᠢᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠴᠠᠭᠳᠠᠨ ᠪᠠᠶᠢᠴᠠᠭᠠᠬᠤ ᠳᠤᠭᠤᠶᠢᠯᠠᠩ᠂ ᠠᠯᠪᠠᠨ ᠬᠡᠷ ᠤᠨ ᠪᠥᠬᠦ ᠺᠠᠳ᠋ᠷ᠂ ᠴᠠᠭᠳᠠᠨ ᠪᠠᠶᠢᠴᠠᠭᠠᠬᠤ ᠠᠵᠢᠯ ᠤᠨ ᠬᠠᠮᠵᠢᠯᠴᠠᠬᠤ ᠪᠦᠷᠢᠯᠳᠦᠬᠦᠨ ᠪᠠᠶᠢᠭᠤᠯᠭ᠎ᠠ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠬᠤᠷᠠᠯ ᠳᠤ ᠣᠷᠣᠯᠴᠠᠵᠠᠶ᠃    ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠯᠵᠠᠷᠠᠬᠤ ᠠᠴᠠ ᠵᠢᠷᠦᠬᠡᠰᠢᠶᠡᠬᠦ  ᠶᠢ ᠨᠡᠩ ᠴᠢᠩᠭᠠᠳᠬᠠᠵᠤ᠂ ᠢᠯᠵᠠᠷᠠᠵᠤ ᠪᠣᠯᠬᠤ ᠦᠭᠡᠢ ᠲᠤᠭᠳᠠᠴᠠ ᠶᠢ ᠦᠷᠭᠦᠯᠵᠢᠯᠡᠨ ᠪᠠᠬᠢᠵᠢᠭᠦᠯᠵᠦ᠂ ᠢᠯᠵᠠᠷᠠᠬᠤ ᠶᠢ ᠪᠤᠳᠤᠬᠤ ᠦᠭᠡᠢ  ᠪᠠᠶᠢᠬᠤ ᠤᠬᠠᠮᠰᠠᠷ ᠢᠶᠠᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠬᠦᠨᠵᠡᠬᠡᠢ ᠬᠦᠭᠵᠢᠬᠦᠯᠬᠦ᠂ ᠦᠨᠳᠦᠰᠦᠨ ᠱᠠᠳᠤ ᠲᠡᠰᠢ ᠦᠷᠭᠡᠳᠭᠡᠬᠦ ᠶᠢ ᠠᠬᠢᠭᠤᠯᠬᠤ ᠬᠡᠷᠡᠭᠲᠡᠢ᠃ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠲᠥᠷᠥᠯ ᠵᠦᠢᠯ᠂ ᠭᠤᠤᠯᠳᠠᠯᠭ᠎ᠠ ᠲᠠᠢ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠢ ᠨᠥᠯᠥᠭᠡᠯᠡᠵᠦ ᠪᠠᠶᠢᠭ᠎ᠠ ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠣᠰ ᠡᠭᠡᠯᠵᠢ 4 ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠬᠠᠩᠭᠠᠨ ᠪᠣᠷᠣᠯᠠᠭᠤᠯᠬᠤ ᠬᠤᠷᠰᠢᠶ᠎ᠠ᠂ ᠴᠠᠭᠠᠨᠬᠠᠳᠠ ᠰᠤᠮᠤᠨ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠬᠢᠵᠦ︔ ᠰᠢ ᠾᠧ ᠰᠢᠶᠠᠩ ᠵᠢᠴᠢ ᠲᠡᠬᠦᠨ ᠤ ᠬᠠᠷᠢᠶ᠎ᠠ 3 ᠵᠠᠰᠠᠭ ᠵᠠᠬᠢᠷᠭᠠᠨ ᠤ ᠲᠣᠰᠬᠤᠨ ︵ᠰᠢ ᠾᠧ ᠲᠣᠰᠬᠤᠨ᠂ ᠳ᠋ᠧ ᠴᠧᠩ ᠶᠦᠩ ᠲᠣᠰᠬᠤᠨ᠂ ᠪᠣᠮᠪᠣᠲᠠᠢ ᠲᠣᠰᠬᠤᠨ︶᠂ ᠪᠠᠲᠤᠬᠠᠭᠠᠯᠭ᠎ᠠ  ᠪᠠᠯᠭᠠᠰᠤ ᠵᠢᠴᠢ ᠲᠡᠬᠦᠨ ᠤ 7 ᠬᠠᠷᠢᠶ᠎ᠠ ᠨᠡᠶᠢᠭᠡᠮ ᠲᠣᠭᠤᠷᠢᠭ ︵ᠠᠶᠢᠪᠠᠭ᠎ᠠ ᠵᠡᠭᠡᠯᠢ ᠨᠡᠶᠢᠭᠡᠮ ᠲᠣᠭᠤᠷᠢᠭ᠂  ᠱᠦᠢ ᠲᠠ ᠵᠡᠭᠡᠯᠢ ᠨᠡᠶᠢᠭᠡᠮ ᠲᠣᠭᠤᠷᠢᠭ᠂ ᠱᠤᠸᠠᠩ ᠲᠠ ᠵᠡᠭᠡᠯᠢ ᠨᠡᠶᠢᠭᠡᠮ ᠲᠣᠭᠤᠷᠢᠭ᠂  ᠵᠢᠢ ᠰᠢᠶᠠᠩ ᠸᠠᠨ ᠵᠡᠭᠡᠯᠢ ᠨᠡᠶᠢᠭᠡᠮ ᠲᠣᠭᠤᠷᠢᠭ᠂  ᠭᠡᠤᠭᠡᠨ ᠠᠭᠤᠯᠠ ᠵᠡᠭᠡᠯᠢ ᠨᠡᠶᠢᠭᠡᠮ ᠲᠣᠭᠤᠷᠢᠭ᠂ ᠲᠤᠯᠠᠭᠠᠨ  ᠭᠡᠷ ᠵᠡᠭᠡᠯᠢ ᠨᠡᠶᠢᠭᠡᠮ ᠲᠣᠭᠤᠷᠢᠭ ᠂ ᠴᠢᠯᠤᠭᠡᠯᠡᠯᠳᠡ ᠵᠡᠭᠡᠯᠢ ᠨᠡᠶᠢᠭᠡᠮ ᠲᠣᠭᠤᠷᠢᠭ ︶ ᠲᠤ ︽ᠬᠥᠳᠡᠭᠡ ᠲᠣᠰᠬᠤᠨ ᠢ ᠨᠢᠭᠡ ᠴᠤᠭᠴᠠᠵᠢᠭᠤᠯᠤᠨ ᠲᠣᠭᠤᠷᠢᠨ ᠪᠠᠶᠢᠴᠠᠭᠠᠬᠤ︾ ᠠᠵᠢᠯᠯᠠᠭ᠎ᠠ ᠦᠷᠨᠢᠬᠦᠯᠦᠨ᠎ᠡ︔ ᠪᠠᠲᠤᠬᠠᠭᠠᠯᠭ᠎ᠠ ᠪᠠᠯᠭᠠᠰᠤᠨ ᠤ ᠲᠠᠷᠭᠤᠨ ᠣᠪᠣᠭ᠎ᠠ ᠭᠠᠴᠠᠭ᠎ᠠ᠂  ᠬᠤᠵᠢᠷᠳᠤ ᠭᠠᠴᠠᠭ᠎ᠠ᠂ ᠬᠤᠸᠠᠩ ᠬᠤᠸᠠ ᠲᠠᠨ ᠲᠤᠰᠬᠤᠨ᠂  ᠬᠤᠩᠭᠤᠷᠳᠠᠯ᠎ᠠ ᠲᠣᠰᠬᠤᠨ ᠵᠡᠷᠭᠡ 4 ᠭᠠᠴᠠᠭ᠎ᠠ ᠲᠣᠰᠬᠤᠨ ᠳᠤ ︽ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠳᠤ ᠡᠷᠬᠡ ᠤᠯᠭᠤᠨ ᠵᠣᠬᠢᠶᠠᠨ ᠪᠠᠶᠢᠭᠤᠯᠵᠤ ᠲᠣᠭᠤᠷᠢᠨ ᠪᠠᠶᠢᠴᠠᠭᠠᠬᠤ︾ ᠠᠵᠢᠯᠯᠠᠭ᠎ᠠ ᠦᠷᠨᠢᠬᠦᠯᠦᠨ᠎ᠡ᠃ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠬᠤᠭᠤᠴᠠᠭ᠎ᠠ ᠨᠢ ᠬᠤᠶᠠᠷ ᠰᠠᠷ᠎ᠠ ᠬᠠᠭᠠᠰ ᠤᠷᠴᠢᠮ ᠪᠤᠯᠤᠨ᠎ᠠ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号