ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠶᠡᠷᠦᠩᠬᠡᠢᠯᠡᠨ ᠵᠠᠰᠠᠬᠤ ᠲᠥᠪ  ︽ᠭᠤᠷᠪᠠᠨ ᠵᠢᠷᠤᠮᠵᠢᠭᠤᠯᠬᠤ︾ ᠶᠢ  ᠬᠠᠶᠢᠨ ᠰᠦᠪᠡᠭᠴᠢᠯᠡᠵᠦ ︽ᠹᠧᠩ ᠴᠢᠶᠣᠤ ᠮᠠᠶ᠋ᠢᠭ︾ ᠤᠨ ᠶᠡᠷᠦᠩᠬᠡᠢᠯᠡᠨ ᠵᠠᠰᠠᠬᠤ ᠲᠥᠪ ᠢ ᠬᠠᠮᠲᠤ ᠪᠠᠷ ᠴᠤᠭᠴᠠᠯᠠᠪᠠ
ᠨᠡᠶᠢᠲᠡᠯᠡᠭᠰᠡᠨ ᠴᠠᠭ᠄
2025/3/20
      ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠶᠡᠷᠦᠩᠬᠡᠶᠢᠯᠡᠨ ᠵᠠᠰᠠᠬᠤ ᠲᠥᠪ  ᠠᠴᠠ ᠲᠦᠷᠦᠭᠦᠯᠡᠨ  ᠶᠡᠷᠦᠩᠭᠡᠢ ᠠᠵᠢᠯ ᠢ ᠠᠳᠬᠤᠨ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠂ ᠪᠠᠶᠢᠴᠠᠭᠠᠬᠤ ᠲᠤᠰᠢᠶᠠᠯᠲᠠᠨ ᠤ ᠠᠵᠢᠯ ᠤᠨ ᠥᠷᠲᠡᠭᠡ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠠᠵᠢᠯ ᠤᠨ ᠥᠷᠲᠡᠭᠡ ᠵᠡᠷᠭᠡ ᠬᠠᠮᠲᠤ ᠪᠠᠷ ᠣᠷᠣᠯᠴᠠᠭᠰᠠᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠠᠪᠴᠠᠩ ᠢ ᠬᠦᠴᠦᠯᠡᠨ ᠪᠠᠶᠢᠭᠤᠯᠵᠤ᠂ ᠵᠢᠷᠤᠮᠵᠢᠭᠤᠯᠬᠤ᠂ ᠪᠤᠳᠠᠳᠠᠶᠢᠵᠢᠭᠤᠯᠬᠤ᠂ ᠪᠤᠳᠠᠳᠤ ᠪᠠᠶᠢᠯᠳᠤᠭᠠᠨᠴᠢᠯᠠᠬᠤ ᠪᠠᠷ ᠶᠡᠷᠦᠩᠬᠡᠶᠢᠯᠡᠨ ᠵᠠᠰᠠᠬᠤ ᠲᠥᠪ ᠤᠨ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠶ ᠠᠵᠢᠯᠯᠠᠭᠠᠨ ᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠪᠠ᠃      ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠬᠠᠲᠠᠭᠤ ᠰᠠᠭᠤᠷᠢ︾ ᠢ ᠪᠠᠬᠢᠵᠢᠭᠦᠯᠪᠡ᠃ 2024 ᠣᠨ ᠤ 9 ᠰᠠᠷ᠎ᠠ ᠠᠴᠠ ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠵᠢᠷᠤᠮᠵᠢᠭᠰᠠᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠤᠷᠤᠵᠤ ᠲᠤᠰᠬᠠᠶᠢᠯᠠᠭᠰᠠᠨ᠂ ᠶᠡᠷᠦᠩᠬᠡᠶᠢᠯᠡᠨ ᠵᠠᠰᠠᠬᠤ ᠲᠥᠪ ᠤᠨ ᠠᠵᠢᠯᠯᠠᠬᠤ ᠭᠠᠵᠠᠷ ᠢ ᠪᠠᠶᠢᠭᠤᠯᠵᠤ᠂ ᠣᠯᠠᠨ ᠲᠦᠮᠡᠨ ᠢ ᠭᠥᠯᠢᠶᠡᠨ ᠠᠪᠬᠤ ᠶᠡᠭᠡ ᠲᠢᠩᠬᠢᠮ᠂ ᠵᠥᠷᠢᠴᠡᠯ ᠵᠢᠭᠤᠷᠠᠯᠳᠤᠭᠠᠨ ᠢ ᠲᠣᠬᠢᠷᠠᠭᠤᠯᠬᠤ ᠭᠠᠵᠠᠷ ᠵᠡᠷᠭᠡ 6 ᠴᠢᠳᠠᠮᠵᠢ ᠶᠢᠨ ᠲᠠᠰᠤᠭ ᠢ ᠳᠣᠭᠢᠷᠠᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠲᠤᠰᠬᠠᠶ ᠬᠥᠮᠦᠨ ᠳᠣᠭᠢᠷᠠᠭᠤᠯᠤᠨ ᠪᠠᠶᠢᠩᠭᠤ ᠰᠠᠭᠤᠨ ᠠᠵᠢᠯᠯᠠᠭᠤᠯᠵᠤ᠂ ᠲᠦᠷᠦᠭᠦᠯᠡᠨ ᠶᠡᠷᠦᠩᠬᠡᠶᠢᠯᠡᠨ ᠠᠳᠬᠤᠵᠤ᠂ ᠬᠠᠮᠲᠤᠷᠠᠭᠰᠠᠨ ᠬᠤᠷᠠᠯ ᠤᠨ ᠲᠦᠷᠢᠮ᠂ ᠨᠡᠭᠦᠳᠡᠯ ᠡᠶᠡᠳᠡᠭᠦᠯᠬᠦ ᠲᠦᠷᠢᠮ᠂ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠂ ᠮᠥᠷᠳᠡᠵᠦ ᠬᠠᠷᠢᠭᠤ ᠰᠤᠷᠪᠤᠯᠵᠢᠯᠠᠬᠤ ᠲᠣᠭᠲᠠᠴᠠ ᠵᠡᠷᠭᠡ 18 ᠵᠦᠢᠯ ᠤᠨ ᠲᠦᠷᠢᠮ ᠢ ᠰᠤᠳᠤᠯᠤᠨ ᠲᠣᠭᠲᠠᠭᠠᠵᠤ᠂ ︽ᠭᠥᠯᠢᠶᠡᠨ ᠠᠪᠬᠤ - ᠭᠥᠯᠢᠶᠡᠨ ᠰᠢᠢᠳᠪᠦᠷᠢᠯᠡᠬᠦ - ᠡᠶᠡᠳᠡᠭᠦᠯᠬᠦ - ᠬᠠᠷᠢᠭᠤ ᠰᠤᠷᠪᠤᠯᠵᠢᠯᠠᠬᠤ︾ ᠪᠥᠬᠦ ᠬᠡᠯᠬᠢᠶ᠎ᠡ ᠶᠢᠨ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠪᠠ᠃ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭ᠎ᠠ ᠵᠡᠷᠭᠡ ᠭᠤᠣᠯᠳᠠᠯᠭ᠎ᠠ ᠲᠠᠢ ᠰᠠᠯᠠᠭ᠎ᠠ ᠮᠥᠴᠢᠷ ᠡᠴᠠ‌‍ᠬᠦ᠋ᠮᠦᠨ ᠲᠣᠮᠢᠯᠠᠨ ᠰᠠᠭᠤᠯᠭᠠᠵᠤ ᠠᠯᠪᠠᠯᠠᠨ᠂ ᠰᠤᠷᠭᠠᠨ ᠬᠥᠮᠥᠵᠢᠯ᠂ ᠠᠷᠠᠳ ᠤᠨ ᠶᠠᠪᠤᠳᠠᠯ ᠵᠡᠷᠭᠡ 11 ᠰᠠᠯᠠᠭ᠎ᠠ ᠮᠥᠴᠢᠷ ᠠᠴᠠ ᠬᠠᠷᠢᠯᠴᠠᠬᠤ ᠬᠥᠮᠥᠨ ᠢ ᠵᠢᠭᠠᠨ ᠲᠣᠭᠲᠠᠭᠠᠵᠤ ᠡᠭᠡᠯᠵᠢᠯᠡᠨ ᠠᠵᠢᠯᠯᠠᠭᠤᠯᠵᠤ᠂ 4 ᠡᠶᠡᠳᠡᠭᠦᠯᠦᠭᠴᠢ ᠶᠢ ᠡᠭᠡᠯᠵᠢᠯᠡᠨ ᠬᠦᠯᠢᠶᠡᠯᠭᠡᠵᠦ᠂ ᠪᠦᠬᠦ ᠡᠳᠦᠷ ᠢᠶᠠᠷ ᠡᠶᠡᠳᠡᠭᠦᠯᠬᠦ ᠠᠵᠢᠯ ᠢ ᠥᠷᠨᠢᠭᠦᠯᠦᠨ᠂ ᠠᠰᠠᠭᠤᠳᠠᠯ ᠢ ᠬᠤᠯᠪᠣᠭᠠᠯᠠᠨ ᠵᠠᠰᠠᠬᠤ᠂ ᠠᠮᠤᠷ ᠠᠮᠤᠭᠤᠯᠠᠩ ᠢ ᠬᠤᠯᠪᠣᠭᠠᠯᠠᠨ ᠡᠭᠦᠳᠬᠦ ᠶᠢ ᠪᠡᠶᠡᠯᠡᠭᠦᠯᠪᠡ᠃      ᠪᠤᠳᠠᠳᠠᠶᠢᠵᠢᠭᠤᠯᠤᠨ ᠶᠠᠪᠤᠭᠳᠠᠭᠤᠯᠵᠤ ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠠᠷᠭ᠎ᠠ ᠵᠠᠮ︾ ᠢ ᠨᠡᠪᠲᠡᠷᠡᠭᠦᠯᠪᠡ᠃ ︽ᠵᠥᠷᠢᠴᠡᠯ ᠠᠶᠤᠯ ᠲᠦᠭᠰᠢᠭᠦᠷᠢ ᠶᠢ ᠠᠷᠢᠯᠭᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ ᠲᠤᠰᠬᠠᠶ ᠵᠠᠰᠠᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠭᠤᠷᠪᠠ ᠶᠢ ᠠᠯᠳᠠᠵᠤ ᠨᠢᠭᠡ ᠶᠢ ᠬᠡᠯᠪᠠᠶᠢᠬᠦ ᠵᠡᠷᠭᠡ ᠳᠥᠷᠪᠡᠨ ᠲᠥᠷᠥᠯ ᠤᠨ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ᠂ ︽ᠨᠢᠭᠡ ᠬᠥᠮᠦᠨ ᠳᠤ ᠨᠢᠭᠡ ᠡᠬᠡ ᠲᠠᠩᠰᠠ᠂ ᠬᠥᠮᠦᠨ  ᠨᠢᠭᠡᠪᠦᠷᠢ ᠶᠢ ᠬᠠᠮᠢᠶᠠᠷᠤᠨ ᠡᠵᠡᠮᠳᠡᠬᠦ︾ ᠶᠢ ᠪᠡᠶᠡᠯᠡᠭᠦᠯᠵᠦ᠂ ᠰᠠᠭᠤᠷᠢ ᠲᠤᠭ᠎ᠠ ᠨᠢ ᠲᠤᠳᠤ᠂ ᠪᠠᠶᠢᠳᠠᠯ ᠨᠢ ᠲᠣᠳᠣᠷᠬᠠᠶ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ︽ᠨᠠᠮ ᠤᠨ ᠳᠤᠭᠤᠶᠢᠯᠠᠩ +  ᠲᠤᠤᠷᠵᠢᠭᠤᠯᠤᠨ ᠬᠠᠮᠢᠶᠠᠷᠬᠤ ᠬᠡᠰᠢᠬᠦᠨ + ᠨᠢᠭᠡᠴᠡ ᠶᠢᠨ ᠳᠠᠷᠤᠭ᠎ᠠ︾ ᠶᠢᠨ ᠦᠨᠳᠦᠰᠦᠨ ᠱᠠᠲᠤᠨ ᠤ ᠪᠢᠴᠢᠯ ᠵᠠᠰᠠᠯᠲᠠ ᠶᠢᠨ ᠲᠡᠮᠦᠷ ᠭᠤᠷᠪᠠᠯᠵᠢᠯ ᠤᠨ ᠪᠦᠲᠦᠴᠡ ᠶᠢ ᠢᠳᠡᠪᠬᠢᠲᠡᠶ ᠰᠦᠪᠡᠭᠴᠢᠯᠡᠵᠦ᠂ ᠪᠥᠬᠦ ᠬᠤᠰᠢᠭᠤᠨ ᠤ 77 ᠭᠠᠴᠠᠭ᠎ᠠ ᠲᠣᠰᠬᠤᠨ ᠤ 357 ᠨᠡᠷᠡᠰ ᠲᠤᠤᠷᠵᠢᠭᠤᠯᠤᠨ ᠬᠠᠮᠢᠶᠠᠷᠬᠤ ᠬᠡᠰᠢᠬᠦᠨ᠂ 651 ᠨᠡᠷᠡᠰ ᠡᠷᠦᠬᠡ ᠶᠢᠨ ᠬᠤᠯᠪᠣᠭᠠᠯᠠᠭᠰᠠᠨ ᠳᠠᠷᠤᠭ᠎ᠠ᠂ 52 ᠰᠠᠭᠤᠭᠠᠯᠢ ᠲᠣᠭᠤᠷᠢᠭ ᠤᠨ 1472 ᠨᠡᠷᠡᠰ ᠨᠢᠭᠡᠴᠡ ᠶᠢᠨ ᠳᠠᠷᠤᠭ᠎ᠠ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ᠂ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠬᠤ᠂ ᠰᠢᠯᠢᠳᠡᠭ ᠢ ᠨᠢ ᠰᠣᠩᠭᠤᠨ ᠡᠯᠰᠡᠬᠦ᠂ ᠲᠦᠷᠢᠮ ᠢ ᠪᠦᠷᠢᠨᠰᠢᠬᠦᠯᠬᠦ ᠪᠠᠷ ᠲᠤᠤᠷᠵᠢᠭᠤᠯᠤᠨ ᠬᠠᠮᠢᠶᠠᠷᠤᠨ ᠮᠡᠳᠡᠭᠡ ᠵᠠᠩᠭᠢ ᠴᠤᠭᠯᠠᠭᠤᠯᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠲᠥᠷᠥ ᠶᠢᠨ ᠪᠣᠳᠣᠯᠭ᠎ᠠ ᠶᠢ ᠤᠬᠠᠭᠤᠯᠬᠤ ᠵᠡᠷᠭᠡ ᠠᠵᠢᠯ ᠢ ᠢᠳᠡᠪᠬᠢᠲᠡᠶ ᠥᠷᠨᠢᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ  ᠺᠢᠯᠤᠮᠧᠲᠷ︾ ᠢ ᠨᠡᠪᠲᠡᠷᠡᠭᠦᠯᠪᠡ᠃ 2025 ᠣᠨ ᠤ 1 - 2 ᠰᠠᠷ᠎ᠠ  ᠳᠤ ᠬᠤᠰᠢᠭᠤᠨ ᠤ ᠱᠠᠲᠤᠨ ᠤ ᠶᠡᠷᠦᠩᠬᠡᠶᠢᠯᠡᠨ ᠵᠠᠰᠠᠬᠤ ᠲᠥᠪ 77 ᠬᠡᠷᠡᠭ ᠢ ᠭᠥᠯᠢᠶᠡᠨ ᠠᠪᠴᠤ  ᠰᠢᠢᠳᠪᠦᠷᠢᠯᠡᠨ᠂ 52 ᠬᠡᠷᠡᠭ ᠢ ᠰᠢᠢᠳᠪᠦᠷᠢᠯᠡᠵᠦ ᠲᠠᠭᠤᠰᠬᠠᠨ᠂ 45 ᠬᠡᠷᠡᠭ ᠢ ᠡᠶᠡᠳᠡᠭᠦᠯᠦᠭᠡᠳ ᠠᠮᠵᠢᠯᠲᠠ ᠣᠯᠵᠤ᠂ ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ ᠨᠢ 87%  ᠳᠤ ᠬᠦᠷᠪᠡ᠃      ᠠᠵᠢᠯ ᠢᠶᠠᠨ ᠪᠣᠳᠠᠲᠤ ᠪᠠᠶᠢᠯᠳᠤᠭᠠᠨᠴᠢᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠬᠥᠳᠡᠯᠭᠡᠬᠦ ᠬᠦᠴᠦᠨ︾ ᠢ ᠬᠦᠭᠵᠢᠭᠡᠪᠡ᠃ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠪᠣᠳᠠᠲᠤ ᠴᠣᠭᠴᠠᠵᠢᠭᠤᠯᠤᠨ ᠠᠵᠢᠯᠯᠠᠭᠰᠠᠨ ᠠᠴᠠ ᠨᠠᠰᠢ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠰᠦᠯᠵᠢᠶᠡᠨ ᠤ ᠠᠵᠢᠯᠲᠠᠨ᠂ ᠡᠶᠡᠳᠡᠭᠦᠯᠦᠭᠴᠢ᠂ ᠨᠢᠭᠡᠴᠡ ᠶᠢᠨ ᠳᠠᠷᠤᠭ᠎ᠠ᠂ ᠨᠤᠲᠤᠭ ᠤᠨ  ᠮᠡᠷᠭᠡᠳ ᠵᠡᠷᠭᠡ ᠬᠦᠴᠦᠨ ᠢ ᠨᠡᠶᠢᠭᠡᠮ ᠤᠨ ᠵᠠᠰᠠᠯᠲᠠ ᠳᠤ ᠡᠮᠬᠢ ᠵᠢᠷᠤᠮ ᠲᠠᠢ ᠪᠠᠷ ᠣᠷᠣᠯᠴᠠᠭᠤᠯᠵᠤ᠂ ᠣᠯᠠᠨ ᠡᠰᠢᠲᠦ ᠰᠢᠢᠳᠪᠦᠷᠢᠯᠡᠬᠦ ᠲᠣᠭᠲᠠᠴᠠ ᠳᠤ ᠲᠦᠰᠢᠭᠯᠡᠨ᠂ ᠣᠯᠠᠨ ᠲᠦᠮᠡᠨ ᠳᠤ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠮᠠᠰᠢ ᠣᠯᠠᠨ ᠵᠥᠷᠢᠴᠡᠯ ᠵᠢᠭᠤᠷᠠᠯᠳᠤᠭᠠᠨ ᠢ ᠦᠳᠲᠡᠷ ᠲᠦᠷᠭᠡᠨ ᠲᠣᠬᠢᠲᠠᠶ ᠰᠢᠢᠳᠪᠦᠷᠢᠯᠡᠵᠦ᠂ ᠵᠥᠷᠢᠴᠡᠯ  ᠤᠨ ᠬᠤᠷᠴᠠᠳᠴᠤ ᠲᠡᠰ ᠲᠡᠪᠰᠢᠬᠦ ᠶᠢ  ᠪᠦᠳᠦᠮᠵᠢᠳᠠᠢ ᠰᠡᠷᠬᠡᠶᠢᠯᠡᠵᠦ᠂ ᠥᠷᠭᠡᠨ ᠣᠯᠠᠨ ᠲᠦᠮᠡᠨ ᠤ ᠳᠡᠭᠡᠳᠦ ᠬᠡᠮᠵᠢᠶᠡᠨ ᠤ ᠵᠥᠪᠰᠢᠶᠡᠷᠡᠯ ᠪᠠ ᠳᠡᠮᠵᠢᠯᠭᠡ ᠶᠢ ᠣᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠦᠷᠭᠦᠯᠵᠢᠯᠡᠨ ᠰᠠᠶᠢᠵᠢᠷᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号