ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠭᠤᠷᠪᠠᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/21
      3 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠭᠤᠷᠪᠠᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ᠃     ᠰᠤᠷᠤᠯᠴᠠᠯᠭ᠎ᠠ ᠶᠢᠨ ᠬᠤᠷᠠᠯ ᠠᠴᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠤᠯᠤᠰ ᠲᠥᠷᠥ ᠶᠢᠨ ᠤᠬᠠᠭᠠᠨ ᠤ ᠵᠢᠭᠠᠨ ᠰᠤᠳᠤᠯᠬᠤ ᠬᠡᠯᠲᠡᠰ ᠤᠨ ᠳᠡᠳ᠋ ᠫᠷᠤᠹᠧᠰᠰᠤᠷ᠂ ᠥᠪᠥᠷ ᠮᠣᠩᠭᠤᠯ ᠤᠨ ᠤᠬᠠᠭᠤᠯᠬᠤ ᠬᠡᠯᠲᠡᠰ ᠤᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠬᠦᠨ ᠰᠥ ᠷᠦᠩ ᠢ ᠣᠨᠴᠠᠭᠠᠶᠢᠯᠠᠨ ᠤᠷᠢᠵᠤ ︽ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠠᠵᠠᠷ ᠰᠢᠷᠣᠶ ᠶᠢᠨ ᠬᠤᠷᠰᠢᠶ᠎ᠠ ᠶᠢᠨ ᠡᠵᠡᠩᠨᠡᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠬᠦ - ᠳᠠᠯᠠᠳ ᠬᠤᠰᠢᠭᠤᠨ ᠤ ᠭᠤᠸᠠᠨ ᠨᠢᠦ ᠵᠢᠤᠢ ᠨᠠᠨ ᠬᠤᠷᠰᠢᠶᠠᠨ ᠤ ︿ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ﹀ ᠰᠢᠨ᠎ᠡ ᠶᠢ ᠡᠭᠦᠳᠦᠭᠰᠡᠨ ᠦᠢᠯᠡᠳᠦᠯᠭᠡ ᠪᠠᠷ ᠵᠢᠱᠢᠶ᠎ᠡ ᠪᠤᠯᠭᠠᠬᠤ︾  ᠰᠡᠳᠦᠪᠳᠦ ᠲᠠᠶᠢᠯᠤᠮᠵᠢ ᠬᠢᠪᠡ᠃ ᠰᠤ᠋ ᠫᠷᠤᠹᠧᠰᠰᠤᠷ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠥᠭᠡᠷᠡᠴᠢᠯᠡᠯᠲᠡ᠂ ᠵᠢᠵᠢᠭ ᠲᠠᠷᠢᠶᠠᠴᠢᠨ ᠡᠷᠦᠬᠡ ᠬᠢᠭᠡᠳ ᠣᠲᠣ ᠦᠶ᠎ᠡ ᠶᠢᠨ ᠲᠠᠷᠢᠶᠠᠯᠠᠩ ᠢ ᠵᠣᠯᠭᠠᠭᠤᠯᠬᠤ ᠲᠤᠬᠠᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠲᠠᠶᠢᠯᠤᠮᠵᠢ ᠬᠢᠵᠦ᠂ ᠭᠤᠸᠠᠨ ᠨᠢᠦ ᠵᠢᠤᠢ ᠨᠠᠨ ᠬᠤᠷᠰᠢᠶ᠎ᠠ ᠶᠢᠨ ᠭᠠᠵᠠᠷ ᠰᠢᠷᠣᠶ ᠶᠢᠨ ᠬᠠᠮᠲᠤᠷᠠᠯᠴᠠᠭᠠᠨ ᠤ ᠵᠠᠭᠪᠤᠷ ᠢ ᠬᠠᠶᠢᠨ ᠰᠦᠪᠡᠭᠴᠢᠯᠡᠭᠰᠡᠨ ᠶᠠᠪᠤᠴᠠ᠂ ᠭᠤᠤᠯ ᠠᠷᠭ᠎ᠠ ᠪᠠᠷᠢᠯ᠂ ᠢᠯᠡᠳᠲᠡ ᠦᠷ᠎ᠡ ᠪᠦᠲᠦᠮᠵᠢ ᠪᠠ ᠲᠤᠷᠰᠢᠯᠭ᠎ᠠ ᠰᠡᠩᠬᠡᠷᠡᠭᠦᠯᠦᠯ ᠢ ᠤᠯᠠᠮ ᠨᠢᠭᠡ ᠠᠯᠬᠤᠮ ᠵᠠᠳᠠᠯᠵᠤ᠂ ᠨᠠᠷᠢᠨ ᠪᠣᠳᠠᠲᠠᠶ ᠬᠡᠷᠡᠭ ᠤᠨ ᠵᠢᠱᠢᠶ᠎ᠡ᠂ ᠲᠥᠬᠦᠮ ᠣᠶᠢᠯᠠᠭᠠᠮᠵᠢᠲᠠᠶ ᠦᠭᠡ ᠭᠡᠯᠡᠯᠭᠡ ᠪᠠᠷ ᠳᠠᠮᠵᠢᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠳᠤ ᠡᠷᠬᠢᠮ ᠨᠠᠨᠳᠢᠨ ᠰᠡᠳᠬᠢᠴᠡ ᠪᠠ ᠠᠷᠭ᠎ᠠ ᠬᠡᠮᠵᠢᠶ᠎ᠡ ᠬᠠᠩᠭᠠᠭᠰᠠᠨ ᠪᠠᠶᠢᠨ᠎ᠠ᠃      ᠬᠤᠷᠠᠯ ᠳᠤ ᠣᠷᠣᠯᠴᠠᠭᠰᠠᠳ ᠂ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾᠂ ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠪᠣᠯ ᠳᠠᠷᠤᠶ ᠮᠠᠯᠴᠢᠨ ᠲᠠᠷᠢᠶᠠᠴᠢᠨ ᠳᠤ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠭᠦᠯᠵᠦ᠂ ᠬᠡᠪᠴᠢᠶᠡᠵᠢᠭᠦᠯᠦᠨ ᠳᠠᠷᠢᠬᠤ᠂ ᠲᠡᠵᠢᠭᠡᠨ ᠦᠷᠡᠵᠢᠭᠦᠯᠬᠦ ᠪᠠᠷ ᠳᠠᠮᠵᠢᠭᠤᠯᠤᠨ ᠥᠪᠡᠷ ᠤᠨ ᠥᠷᠲᠡᠭ ᠢ ᠪᠠᠭᠤᠷᠠᠭᠤᠯᠵᠤ᠂  ᠭᠠᠷᠤᠯᠳᠠ  ᠪᠠᠨ ᠨᠡᠮᠡᠭᠳᠡᠬᠦᠯᠵᠦ᠂  ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠨᠡᠮᠡᠭᠳᠡᠭᠦᠯᠬᠦ ᠶᠢᠨ ᠲᠥᠯᠥᠭᠡ ᠶᠤᠮ ᠭᠡᠵᠦ ᠢᠯᠡᠷᠭᠡᠶᠢᠯᠡᠵᠡᠭᠡᠪᠡ᠃ ᠲᠠᠶᠢᠯᠤᠮᠵᠢ ᠠᠴᠠ ᠦᠢᠯᠡᠳᠦᠯᠭᠡ ᠶᠢᠨ ᠰᠢᠮ᠎ᠡ ᠭᠥᠷᠳᠡᠵᠦ᠂ ᠲᠤᠷᠰᠢᠯᠭ᠎ᠠ ᠪᠠᠷ ᠲᠣᠯᠢ ᠪᠣᠯᠭᠠᠨ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾᠂ ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠵᠠᠭᠪᠤᠷ  ᠢᠶᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠪᠠᠨ ᠨᠠᠩ ᠡᠯᠪᠡᠭ ᠪᠠᠶᠠᠯᠢᠭ ᠦᠷ᠎ᠡ ᠪᠦᠲᠦᠭᠡᠯ ᠭᠠᠷᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ  ᠪᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号