ᠬᠠᠪᠤᠷ ᠤᠨ ᠡᠬᠢᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠭᠤᠷ ᠠᠮᠢᠰᠬᠤᠯ ᠬᠦᠢᠲᠡᠨ᠂ | ᠡᠬᠡ ᠭᠠᠵᠠᠷ ᠬᠤᠪᠠᠭ᠋ᠠᠢ ᠰᠢᠷ᠎ᠠ᠂ ᠲᠠᠷᠬᠠᠨ ᠰᠤᠮᠤ ᠶᠢᠨ ᠴᠠᠭᠠᠠᠣᠪᠤᠭᠠ ᠭᠠᠴᠠᠭᠠᠨ ᠤ ᠮᠠᠯᠴᠢᠨ ᠪᠦᠷᠢᠨᠪᠠᠶᠠᠷ ᠮᠣᠲ᠋ᠣᠷ | ᠤᠨᠤᠵᠤ ᠥᠪᠡᠷ ᠤᠨ ᠪᠡᠯᠴᠢᠭᠡᠷ ᠳᠡᠭᠡᠷ᠎ᠡ ᠪᠠᠨ ᠢᠷᠡᠵᠦ᠂ ᠳᠣᠣᠷᠠᠨ ᠬᠠᠰᠢᠶ᠎ᠠ ᠶᠢᠨ ᠢᠶᠠᠨ ᠡᠭᠦᠳᠡ ᠶᠢ ᠨᠡᠭᠡᠭᠡᠬᠦ ᠳᠤ | 30 ᠴᠤᠬᠤᠷ ᠠᠳᠤᠭᠤ ᠰᠢᠬᠠᠯᠳᠤᠨ ᠭᠠᠷᠴᠤ ᠢᠷᠡᠪᠡ᠃ 20 ᠭᠠᠷᠤᠢ ᠬᠡᠭᠡᠯᠢ ᠲᠠᠢ ᠴᠣᠬᠤᠷ ᠬᠡᠭᠦᠥ ᠤᠳ ᠢᠶᠠᠨ | ᠦᠵᠡᠭᠡᠳ᠂ ᠲᠡᠭᠦᠨ ᠤ ᠴᠢᠷᠠᠢ ᠳᠡᠭᠡᠷ᠎ᠡ ᠨᠢ ᠬᠢᠵᠠᠭᠠᠯᠠᠭᠰᠢ ᠦᠭᠡᠢ ᠪᠠᠶᠠᠷ ᠪᠠᠶᠠᠰᠤᠯ ᠢᠯᠡᠷᠡᠵᠥ᠂ ᠰᠠᠷ᠎ᠠ ᠪᠤᠯᠠᠬᠤ | ᠦᠭᠡᠶ ᠪᠠᠷ᠂ ᠡᠳᠡᠭᠡᠷ ᠪᠡᠯᠴᠢᠭᠡᠷ ᠳᠡᠭᠡᠷ᠎ᠡ ᠪᠠᠨ ᠰᠠᠭᠤᠷᠢᠰᠢᠭ᠎ᠠ ᠬᠡᠭᠡᠯᠢ ᠲᠠᠢ ᠴᠣᠬᠤᠷ ᠭᠡᠭᠦᠥ ᠤᠨᠠᠭᠠᠯᠠᠵᠤ᠂ | ᠨᠢᠭᠡᠳᠥᠭᠡᠷ ᠪᠥᠯᠥᠭ ᠴᠣᠬᠤᠷ ᠤᠨᠠᠭ᠎ᠠ ᠠᠳᠡᠭᠢ ᠶᠢᠨ ᠮᠠᠯᠴᠢᠳ ᠲᠤ ᠬᠦᠰᠡᠯ ᠡᠷᠡᠮᠡᠯᠵᠡᠯᠡᠯ ᠠᠪᠴᠢᠷᠠᠬᠤ ᠪᠣᠯᠣᠨ᠎ᠠ᠃ | ᠰᠥᠮ᠎ᠡ ᠶᠢᠨ ᠵᠡᠭᠦᠨ ᠭᠤᠣᠯ ᠤᠨ ᠠᠳᠤᠭᠤᠨ ᠤ ᠲᠠᠯᠠᠪᠠᠢ ᠳᠤ ᠪᠠᠶᠢᠷᠢᠯᠡᠵᠤ ᠪᠠᠶᠢᠭ᠎ᠠ ᠳᠠᠷᠬᠠᠨ ᠮᠣᠩᠭᠤᠯ ᠠᠳᠤᠭᠤᠨ ᠤ | ᠡᠭᠦᠯᠳᠡᠷ ᠬᠠᠮᠠᠭᠠᠯᠠᠬᠤ ︵ᠥᠷᠭᠡᠳᠭᠡᠨ ᠦᠷᠡᠵᠢᠭᠦᠯᠬᠦ︶ ᠰᠠᠭᠤᠷᠢᠨ ᠭᠠᠵᠠᠷ ᠲᠤ᠂ ᠴᠤ᠋ ᠰᠢᠨ᠎ᠡ ᠮᠣᠷᠢᠨ ᠤ ᠬᠠᠰᠢᠶ᠎ᠠ | ᠰᠠᠷᠠᠪᠴᠢ᠂ ᠡᠪᠡᠰᠦ ᠪᠣᠷᠳᠣᠭᠠᠨ ᠤ ᠬᠥᠮᠥᠷᠭᠡ᠂ ᠰᠦ ᠰᠠᠭᠠᠬᠤ ᠬᠠᠰᠢᠶ᠎ᠠ ᠰᠠᠷᠠᠪᠴᠢ᠂ ᠲᠤᠷᠰᠢᠯᠲᠠ ᠶᠢᠨ ᠲᠠᠰᠤᠭ | ᠵᠡᠷᠭᠡ ᠨᠢ ᠴᠥᠮ ᠡᠳᠡᠭᠡᠷ ᠴᠣᠬᠤᠷ ᠬᠡᠭᠦᠨ ᠤ ᠤᠨᠠᠭᠠᠯᠠᠬᠤ ᠶᠢ ᠬᠦᠯᠢᠶᠡᠵᠦ ᠪᠠᠶᠢᠨ᠎ᠠ᠃ | 2024 ᠣᠨ ᠤ 4 ᠰᠠᠷ᠎ᠠ ᠳᠤ᠂ ᠳᠠᠷᠬᠠᠨ ᠰᠤᠮᠤ ᠶᠢᠨ ᠣᠯᠠᠨ ᠵᠢᠯ ᠰᠤᠯᠠ ᠲᠠᠯᠪᠢᠭᠳᠠᠵᠤ ᠪᠠᠶᠢᠭ᠎ᠠ | ᠰᠥᠮ᠎ᠡ ᠶᠢᠨ ᠵᠡᠭᠦᠨ ᠭᠤᠣᠯ ᠤᠨ ᠠᠳᠤᠭᠤᠨ ᠤ ᠲᠠᠯᠠᠪᠠᠢ ᠨᠢ ᠮᠣᠷᠢᠨ ᠤ ᠬᠠᠰᠢᠶ᠎ᠠ ᠰᠠᠷᠠᠪᠴᠢ 6312.8 ᠲᠡᠭᠰᠢ | ᠳᠥᠷᠪᠡᠯᠵᠢᠨ ᠮᠧᠲᠷ᠂ ᠠᠯᠪᠠᠯᠠᠬᠤ ᠲᠣᠭᠤᠷᠢᠭ 740 ᠲᠡᠭᠰᠢ ᠳᠥᠷᠪᠡᠯᠵᠢᠨ ᠮᠧᠲᠷ᠂ ᠬᠥᠮᠥᠷᠭᠡ 263.8 ᠲᠡᠭᠰᠢ | ᠳᠥᠷᠪᠡᠯᠵᠢᠨ ᠮᠧᠲᠷ ᠪᠠᠶᠢᠵᠤ᠂ ᠡᠪᠡᠰᠦ ᠪᠣᠷᠳᠣᠭᠠᠨ ᠤ ᠬᠥᠮᠥᠷᠭᠡ᠂ ᠰᠦ ᠰᠠᠭᠠᠬᠤ ᠬᠠᠰᠢᠶ᠎ᠠ ᠰᠠᠷᠠᠪᠴᠢ ᠶᠢ | ᠰᠢᠨ᠎ᠡ ᠪᠠᠷ ᠵᠠᠰᠠᠵᠤ᠂ ︽ᠳᠠᠷᠬᠠᠨ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ︵ᠥᠷᠭᠡᠳᠭᠡᠨ ᠦᠷᠡᠵᠢᠭᠦᠯᠬᠦ︶ | ᠰᠠᠭᠤᠷᠢᠨ ᠭᠠᠵᠠᠷ︾ ᠢ ᠪᠠᠶᠢᠭᠤᠯᠵᠤ᠂ ᠴᠠᠭᠠᠠᠣᠪᠤᠭᠠ ᠭᠠᠴᠠᠭᠠᠨ ᠤ ᠨᠠᠮ ᠤᠨ ᠡᠭᠦᠷ ᠤᠨ ᠳᠠᠭᠠᠭᠤᠯᠤᠭᠰᠠᠨ | ᠮᠠᠯᠴᠢᠨ ᠤ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠠᠴᠠ ᠪᠣᠳᠠᠲᠠᠢ ᠡᠵᠡᠩᠨᠡᠵᠦ᠂ ᠮᠣᠩᠭᠤᠯ | ᠠᠳᠤᠭᠤᠨ ᠤ ᠲᠡᠵᠢᠭᠡᠨ ᠦᠷᠡᠵᠢᠭᠦᠯᠬᠦ᠂ ᠡᠭᠦᠯᠳᠡᠷ ᠬᠠᠮᠠᠭᠠᠯᠠᠬᠤ᠂ ᠦᠷᠡᠵᠢᠭᠦᠯᠦᠨ ᠪᠤᠶᠢᠵᠢᠭᠤᠯᠬᠤ ᠠᠵᠢᠯ ᠢ ᠬᠢᠬᠦ ᠶᠢᠨ | ᠬᠠᠮᠲᠤ᠂ ᠠᠵᠤ ᠦᠢᠯᠡᠰ ᠤᠨ ᠬᠡᠯᠬᠢᠶ᠎ᠡ ᠶᠢ ᠮᠣᠷᠢ ᠤᠷᠤᠯᠳᠤᠬᠤ᠂ ᠵᠢᠭᠤᠯᠴᠢᠯᠠᠯ᠂ ᠰᠤᠳᠤᠯᠤᠨ ᠰᠤᠷᠤᠯᠴᠠᠬᠤ ᠵᠡᠷᠭᠡ | ᠬᠦᠷᠢᠶ᠎ᠡ ᠬᠡᠪᠴᠢᠶᠡᠨ ᠳᠤ ᠬᠥᠷᠳᠡᠯ᠎ᠡ ᠤᠷᠲᠤᠳᠬᠠᠵᠠᠢ᠃ | ︽ᠪᠢᠳᠡ ᠲᠠᠷᠠᠬᠠᠶ ᠪᠤᠲᠠᠷᠬᠠᠶ ᠮᠠᠯᠵᠢᠬᠤ ᠡᠷᠦᠬᠡ ᠶᠢ ᠨᠢᠭᠲᠠ ᠬᠤᠯᠪᠣᠭᠠᠯᠠᠵᠤ᠂ ᠡᠬᠢ ᠪᠠᠶᠠᠯᠢᠭ ᠢ ᠬᠠᠮᠲᠤ ᠪᠠᠷ | ᠡᠳ᠋ᠯᠡᠬᠦ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ᠂ ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ ᠶᠢ | ᠪᠡᠶᠡᠯᠡᠭᠦᠯᠵᠦ᠂ ᠮᠣᠩᠭᠤᠯ ᠴᠣᠬᠤᠷ ᠠᠳᠤᠭᠤᠨ ᠤ ᠡᠭᠦᠯᠳᠡᠷ ᠢ ᠰᠠᠶᠢᠵᠢᠷᠠᠭᠤᠯᠬᠤ ᠪᠠ ᠬᠠᠮᠠᠭᠠᠯᠠᠬᠤ ᠶᠢ ᠬᠠᠮᠲᠤ ᠪᠠᠷ | ᠠᠬᠢᠭᠤᠯᠪᠠ᠃ ᠣᠲᠣ ᠪᠣᠯᠲᠠᠯ᠎ᠠ᠂ ᠨᠢᠭᠡᠨᠲᠡ 28 ᠡᠷᠦᠬᠡ ᠮᠠᠯᠴᠢᠳ ᠬᠤᠪᠢ ᠣᠷᠣᠭᠤᠯᠤᠨ᠂ ᠡᠷᠦᠬᠡ ᠪᠦᠷᠢ 1 | ᠲᠦᠮᠡᠨ ᠲᠥᠭᠦᠷᠢᠭ ᠤᠨ ᠬᠤᠪᠢ ᠣᠷᠣᠭᠤᠯᠵᠤ᠂ ᠭᠠᠴᠠᠭ᠎ᠠ 10 ᠲᠦᠮᠡᠨ ᠲᠥᠭᠦᠷᠢᠭ ᠤᠨ ᠬᠤᠪᠢ ᠣᠷᠣᠭᠤᠯᠵᠤ᠂ | 1200 ᠭᠠᠷᠤᠶ ᠠᠳᠤᠭᠤ ᠬᠤᠷᠰᠢᠶ᠎ᠡ ᠳᠤ ᠣᠷᠣᠵᠤ᠂ ᠪᠢᠳᠡ ᠪᠠᠰᠠ 30 ᠴᠣᠬᠤᠷ ᠮᠤᠷᠢ ᠬᠤᠳᠠᠯᠳᠤᠨ ᠠᠪᠴᠠᠢ᠂ | ᠡᠭᠦᠨ ᠳᠤ ᠬᠡᠭᠡᠯᠢ ᠲᠠᠢ ᠭᠡᠭᠦᠤ 20 ᠭᠠᠷᠤᠶ ᠪᠠᠶᠢᠨ᠎ᠠ︾ ᠬᠡᠵᠥ ᠲᠠᠷᠬᠠᠨ ᠰᠤᠮᠤ ᠶᠢᠨ ᠴᠠᠭᠠᠠᠣᠪᠤᠭᠠ ᠭᠠᠴᠠᠭᠠᠨ ᠤ | ᠨᠠᠮ ᠤᠨ ᠡᠭᠦᠷ ᠤᠨ ᠱᠦᠵᠢ᠂ ᠡᠷᠬᠢᠯᠡᠭᠴᠢ᠂ ᠮᠠᠯᠴᠢᠨ ᠤ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ | ᠬᠤᠷᠰᠢᠶ᠎ᠡ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠪᠠᠳᠮᠠᠽᠣᠸᠠ ᠰᠤᠷᠪᠤᠯᠵᠢᠯᠠᠭᠴᠢ ᠳᠤ ᠬᠡᠯᠡᠵᠡᠢ᠂ ᠰᠢᠭᠰᠢᠨ | ᠰᠣᠩᠭᠤᠵᠤ ᠭᠡᠷᠡᠴᠢᠯᠡᠭᠰᠡᠨ ᠪᠠᠷ ᠳᠠᠮᠵᠢᠵᠥ ᠬᠤᠪᠢ ᠣᠷᠣᠭᠰᠠᠨ ᠮᠣᠷᠢᠨ ᠳᠤ ᠨᠢᠭᠡᠳᠦᠯᠲᠡᠢ ᠴᠢᠬᠢᠨ ᠲᠡᠮᠳᠡᠭ | ᠵᠡᠭᠦᠭᠡᠯᠭᠡᠵᠥ᠂ ᠴᠠᠬᠢᠮ ᠢᠯᠳᠠᠰᠤ ᠲᠠᠭᠠᠷᠠᠭᠤᠯᠵᠤ᠂ ᠵᠥᠪᠬᠡᠨ ᠨᠦᠯᠦᠭᠡᠯᠢᠭ ᠲᠤᠭ᠎ᠠ ᠪᠠᠷᠢᠮᠳᠠ ᠴᠤᠭᠯᠠᠭᠤᠯᠬᠤ | ᠬᠡᠮᠵᠢᠭᠦᠷᠯᠢᠭ ᠢᠶᠠᠷ ᠠᠳᠤᠭᠤ ᠶᠢ ᠰᠢᠷᠪᠢᠪᠡᠯ᠂ ᠲᠡᠷᠡ ᠳᠠᠷᠤᠢ ᠡᠨᠡᠬᠦ ᠮᠣᠷᠢᠨ ᠤ ᠪᠦᠷᠢᠨ ᠪᠦᠲᠦᠨ ᠮᠡᠳᠡᠭᠡ ᠵᠠᠩᠭᠢ ᠶᠢ | ᠣᠶᠢᠯᠠᠭᠠᠵᠤ ᠪᠣᠯᠤᠨ᠎ᠠ᠃ | ᠪᠦᠷᠢᠨᠪᠠᠶᠠᠷ ᠪᠣᠯ ᠳᠠᠷᠤᠶ ᠠᠩᠬᠠᠳᠠᠭᠴᠢ ᠪᠦᠯᠦᠭ ᠬᠤᠷᠰᠢᠶᠠᠨ ᠳᠤ ᠤᠷᠤᠭᠰᠠᠨ ᠮᠠᠯᠴᠢᠨ ᠪᠣᠯᠤᠨ᠎ᠠ ᠂ | ᠲᠡᠳᠡᠨ ᠤ ᠬᠢ 35 ᠮᠤᠩᠭᠤᠯ ᠮᠣᠷᠢ ᠶᠢ ᠰᠢᠯᠢᠨ ᠬᠤᠷᠰᠢᠶᠠᠨ ᠳᠤ ᠤᠷᠤᠭᠤᠯᠤᠭᠰᠠᠨ ᠪᠠᠶᠢᠨ᠎ᠠ᠃ ︽ᠬᠤᠷᠰᠢᠶᠠᠨ ᠳᠤ | ᠤᠷᠤᠭᠰᠠᠨ ᠤ ᠳᠠᠷᠠᠭ᠎ᠠ᠂ ᠬᠤᠷᠰᠢᠶ᠎ᠠ ᠠᠴᠠ ᠪᠢᠳᠡᠨ ᠳᠤ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠨᠥᠬᠦᠪᠥᠷᠢ | ᠭᠤᠶᠤᠴᠢᠯᠠᠵᠤ᠂ ᠠᠳᠤᠭᠤ ᠪᠦᠷᠢ ᠳᠤ 1000 ᠲᠥᠭᠦᠷᠢᠭ ᠤᠨ ᠨᠥᠬᠦᠪᠥᠷᠢ ᠶᠢ 3 ᠵᠢᠯ ᠦᠭᠭᠦᠨ᠎ᠡ᠂ ᠵᠠᠯᠭᠠᠭᠠᠳ | ᠪᠠᠰᠠ ᠴᠡᠭᠡ ᠬᠤᠳᠠᠯᠳᠤᠬᠤ ᠪᠠ ᠭᠡᠭᠡᠯᠢ ᠲᠠᠢ ᠬᠡᠭᠦᠤ ᠶᠢᠨ ᠰᠢᠭᠡᠰᠦ ᠪᠠᠷ ᠣᠷᠣᠯᠭ᠎ᠠ ᠣᠯᠵᠤ᠂ ᠬᠤᠷᠰᠢᠶ᠎ᠠ ᠠᠰᠢᠭ | ᠬᠤᠨᠵᠢᠪᠤᠷᠢ ᠲᠠᠢ ᠪᠤᠯᠴᠢᠬᠠᠪᠠᠯ ᠪᠠᠰᠠ ᠠᠰᠢᠭ ᠤᠷᠤᠯᠭ᠎ᠠ ᠬᠤᠪᠢᠶᠠᠨ᠎ᠠ᠂ ᠪᠢᠳᠡ ᠮᠠᠰᠢ ᠶᠡᠭᠡ ᠬᠦᠰᠡᠯ | ᠡᠷᠡᠮᠡᠯᠵᠡᠯ ᠲᠠᠢ ᠪᠠᠶᠢᠨ᠎ᠠ︾ ᠭᠡᠵᠦ ᠪᠦᠷᠢᠨᠪᠠᠶᠠᠷ ᠬᠡᠯᠡᠪᠡ᠃ | ︽ᠰᠠᠭᠤᠷᠢᠨ ᠭᠠᠵᠠᠷ ᠨᠢ ᠶᠠᠭ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠢᠵᠢᠭ ᠬᠦᠷᠢᠶᠡᠯᠡᠩ ᠳᠤ ᠭᠤᠶᠤᠴᠢᠯᠠᠨ ᠮᠡᠳᠡᠭᠦᠯᠵᠦ᠂ ᠣᠳᠣᠬᠠᠨ ᠳᠤ ᠶᠠᠭ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠩᠯᠠᠶ ᠫᠷᠤᠹᠧᠰᠰᠤᠷ ᠲᠠᠢ ᠵᠣᠯᠭᠠᠯᠴᠠᠵᠤ᠂ ᠬᠤᠶᠠᠷ ᠲᠠᠯ᠎ᠠ ᠪᠠᠷ ᠢᠶᠠᠨ | ᠮᠣᠩᠭᠤᠯ ᠠᠳᠤᠭᠤᠨ ᠤ ᠤᠳᠤᠮᠰᠢᠯ ᠤᠨ ᠡᠬᠢ ᠪᠠᠶᠠᠯᠢᠭ ᠢ ᠬᠠᠮᠠᠭᠠᠯᠠᠬᠤ᠂ ᠡᠭᠦᠯᠳᠡᠷ ᠢ ᠰᠠᠶᠢᠵᠢᠷᠠᠭᠤᠯᠬᠤ ᠵᠢᠴᠢ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠤᠳᠤᠯᠭᠠᠨ ᠤ ᠠᠵᠢᠯ ᠢ ᠬᠠᠮᠲᠤᠷᠠᠨ ᠠᠬᠢᠭᠤᠯᠵᠤ᠂ ᠴᠤᠬᠤᠷ | ᠠᠳᠤᠭᠤᠨ ᠤ ᠭᠧᠨ ᠤ ᠲᠣᠭᠲᠠᠭᠤᠨ ᠪᠤᠰᠤ ᠠᠰᠠᠭᠤᠳᠠᠯ ᠢ ᠰᠢᠢᠳᠪᠦᠷᠢᠯᠡᠨ᠎ᠡ︾ ᠭᠡᠵᠦ ᠪᠠᠳᠮᠠᠽᠥᠸᠠ ᠬᠡᠯᠡᠵᠦ᠂ | ᠬᠤᠶᠠᠷ ᠭᠤᠷᠪᠠᠨ ᠵᠢᠯ ᠤᠨ ᠴᠠᠭ ᠢ ᠠᠰᠢᠭᠯᠠᠨ᠂ ᠰᠠᠭᠤᠷᠢᠨ ᠭᠠᠵᠠᠷ ᠤᠨ ᠴᠣᠬᠤᠷ ᠠᠳᠤᠭᠤᠨ ᠤ ᠲᠤᠭ᠎ᠠ ᠶᠢ 100 | ᠭᠠᠷᠤᠢ ᠪᠤᠯᠭᠠᠵᠤ᠂ ᠬᠤᠪᠢ ᠣᠷᠣᠭᠤᠯᠤᠭᠰᠠᠨ ᠮᠠᠯᠴᠢᠳ ᠴᠤᠬᠤᠷ ᠠᠳᠤᠭᠤᠨ ᠤ ᠲᠤᠭ᠎ᠠ ᠭᠡᠮᠵᠢᠶ᠎ᠡ ᠶᠢ 20 % | ᠠᠴᠠ ᠳᠡᠭᠡᠭᠰᠢ ᠬᠦᠷᠦᠬᠦᠯᠬᠦ ᠶᠢ ᠦᠨᠡᠨᠬᠦ ᠪᠠᠳᠤᠯᠠᠨ᠎ᠠ ᠃ | ᠰᠤᠷᠪᠤᠯᠵᠢᠯᠠᠭᠴᠢ ᠶᠠᠭ ᠰᠤᠷᠪᠤᠯᠵᠢᠯᠠᠭ᠎ᠠ ᠠᠪᠴᠤ ᠪᠠᠶᠢᠬᠤ ᠦᠶ᠎ᠡ ᠳᠤ᠂ ᠬᠠᠷᠢᠶᠠᠲᠤ ᠣᠷᠣᠨ ᠤ ᠨᠢᠭᠡᠨ ᠲᠣᠮᠣ | ᠬᠡᠯᠪᠡᠷᠢ ᠶᠢᠨ ᠡᠨᠧᠷᠭᠢ ᠶᠢᠨ ᠠᠵᠤ ᠠᠬᠤᠶᠢᠯᠠᠯ ᠳᠠᠷᠬᠠᠨ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ︵ | ᠥᠷᠭᠡᠳᠬᠡᠨ ᠦᠷᠡᠵᠢᠭᠦᠯᠬᠦ︶ ᠰᠠᠭᠤᠷᠢᠨ ᠭᠠᠵᠠᠷ ᠲᠤ ᠢᠷᠡᠵᠦ ᠬᠠᠮᠳᠤᠷᠠᠯᠠᠴᠠᠭᠠ ᠪᠠᠨ ᠬᠡᠯᠡᠯᠴᠡᠵᠦ ᠪᠠᠶᠢᠪᠠ᠂ | ᠡᠭᠦᠨ ᠠᠴᠠ ᠡᠮᠦᠨ᠎ᠡ᠂ ᠳᠠᠷᠬᠠᠨ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ︵ᠥᠷᠭᠡᠳᠬᠡᠨ ᠦᠷᠡᠵᠢᠭᠦᠯᠬᠦ︶ | ᠰᠠᠭᠤᠷᠢᠨ ᠭᠠᠵᠠᠷ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢ | ᠪᠠᠭᠲᠠᠭᠠᠭᠰᠠᠨ ᠭᠤᠷᠪᠠᠨ ᠨᠢᠭᠡᠴᠡ ᠲᠠᠢ ᠴᠡᠭᠡ ᠶᠢᠨ ᠪᠠᠷᠠᠭ᠎ᠠ ᠬᠠᠩᠭᠠᠬᠤ ᠬᠡᠯᠡᠯᠴᠡᠭᠡᠷ ᠲᠣᠭᠲᠠᠭᠰᠠᠨ ᠪᠠᠶᠢᠨ᠎ᠠ᠃ | ᠤᠯᠠᠮᠵᠢᠯᠠᠯᠲᠤ ᠠᠳᠤᠭᠤᠨ ᠤ ᠠᠵᠤ ᠦᠢᠯᠡᠰ ᠤᠨ ᠬᠥᠭᠵᠢᠯᠲᠡ ᠠᠴᠠ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠨ | ᠦᠷᠭᠡᠳᠭᠡᠨ ᠦᠷᠡᠵᠢᠭᠦᠯᠬᠦ ᠪᠠᠷ ᠭᠠᠷᠳᠠᠴᠠ ᠪᠣᠯᠭᠠᠵᠤ᠂ ᠠᠮᠢᠳᠤ ᠮᠠᠯ ᠤᠨ ᠠᠷᠠᠯᠵᠢᠶ᠎ᠠ᠂ ᠰᠤᠳᠤᠯᠤᠨ ᠰᠤᠷᠤᠯᠴᠠᠬᠤ᠂ | ᠵᠢᠭᠤᠯᠴᠢᠯᠠᠯ᠂ ᠮᠣᠷᠢᠨ ᠤᠷᠤᠯᠳᠤᠭᠠᠨ ᠵᠡᠷᠭᠡ ᠠᠵᠤ ᠦᠢᠯᠡᠰ ᠤᠨ ᠬᠡᠯᠬᠢᠶ᠎ᠡ ᠶᠢ ᠨᠢᠭᠡᠳᠦᠯᠲᠡᠶ ᠲᠥᠯᠥᠪᠯᠡᠨ | ᠳᠠᠶᠢᠴᠢᠯᠠᠵᠤ᠂ ᠳᠠᠷᠬᠠᠨ ᠰᠤᠮᠤ ᠶᠢᠨ ᠠᠳᠤᠭᠤᠨ ᠤ ᠠᠵᠤ ᠦᠢᠯᠡᠰ ᠨᠢᠭᠡᠨᠲᠡ ᠥᠨᠳᠥᠷ ᠪᠠᠷᠢᠮᠵᠢᠶ᠎ᠠ ᠪᠠᠷ ᠡᠬᠢᠯᠡᠵᠦ᠂ | ᠢᠷᠡᠭᠡᠳᠦᠶ ᠳᠤ ᠡᠯᠪᠡᠭ ᠪᠠᠶᠠᠯᠢᠭ ᠮᠠᠯ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠳᠤ ᠲᠦᠰᠢᠭᠯᠡᠨ᠂ ᠪᠥᠬᠦ | ᠬᠤᠰᠢᠭᠤᠨ ᠤ ᠠᠳᠤᠭᠤᠨ ᠤ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠳᠠᠶᠢᠴᠢᠯᠠᠬᠤ ᠪᠣᠯᠤᠨ᠎ᠠ᠃ |