ᠨᠢᠭᠡ᠂ ᠴᠠᠭ ᠠᠭᠤᠷ ᠤᠨ ᠶᠠᠪᠤᠴᠠ ᠶᠢᠨ ᠤᠷᠢᠳᠴᠢᠯᠠᠭᠰᠠᠨ ᠮᠡᠳᠡᠭᠡ | ᠵᠢᠱᠢᠯᠲᠡ ᠪᠠᠷ 23 ᠤ ᠡᠳᠦᠷ ᠠᠴᠠ 28 ᠤ ᠡᠳᠦᠷ ᠪᠣᠯᠲᠠᠯ᠎ᠠ ᠮᠠᠨ ᠤ ᠬᠤᠰᠢᠭᠤ ᠨᠢᠭᠡ ᠤᠳᠠᠭᠠᠨ ᠤ ᠶᠡᠭᠡ | ᠰᠠᠯᠬᠢ ᠡᠯᠡᠰᠦᠨ ᠰᠢᠭᠤᠷᠭ᠎ᠠ ᠬᠦᠢᠲᠡᠨ ᠤᠷᠤᠰᠬᠠᠯ ᠤᠨ ᠶᠠᠪᠤᠴᠠ ᠲᠠᠢ ᠪᠥᠭᠡᠳ ᠬᠡᠰᠡᠭ ᠪᠤᠰᠠᠭ ᠴᠠᠰᠤ ᠪᠤᠲᠠᠷᠠᠨ᠎ᠠ᠃ | ᠡᠭᠦᠨ ᠳᠤ 23 ᠤ ᠡᠳᠦᠷ ᠠᠴᠠ 25 ᠤ ᠡᠳᠦᠷ ᠪᠣᠯᠲᠠᠯ᠎ᠠ ᠪᠥᠬᠦ ᠬᠤᠰᠢᠭᠤᠨ ᠳᠤ ᠡᠯᠡᠰᠦᠨ ᠰᠢᠭᠤᠷᠭ᠎ᠠ ᠬᠡᠶᠢᠰᠴᠥ᠂ | ᠡᠯᠡᠰᠦᠨ ᠰᠢᠭᠤᠷᠭ᠎ᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠤ ᠬᠤᠪᠢᠷᠠᠯᠲᠠ ᠶᠡᠭᠡ ᠪᠢᠰᠢ᠂ 26 ᠤ | ᠡᠳᠦᠷ ᠠᠴᠠ ᠡᠬᠢᠯᠡᠨ ᠠᠭᠠᠷ ᠤᠨ ᠳᠤᠯᠠᠭᠠᠨ ᠳᠣᠷᠣᠭᠰᠢᠯᠠᠵᠤ᠂ ᠠᠭᠠᠷ ᠤᠨ ᠳᠣᠯᠠᠭᠠᠨ ᠤ ᠬᠡᠮᠵᠢᠶ᠎ᠡ 10 ~ 12 ℃ | ᠪᠠᠭᠤᠷᠠᠵᠤ᠂ 27 ᠤ ᠡᠳᠦᠷ ᠬᠡᠰᠡᠭ ᠪᠤᠰᠠᠭ ᠴᠠᠰᠤ ᠪᠤᠲᠠᠷᠠᠵᠤ᠂ ᠳᠤᠮᠳᠠᠴᠢ ᠰᠠᠯᠬᠢᠨ ᠤ ᠬᠦᠴᠦ ᠨᠢ 4 ~ 5 | ᠲᠠᠰ ᠲᠤ ᠬᠥᠷᠴᠥ᠂ ᠵᠠᠷᠢᠮ ᠦᠶ᠎ᠡ ᠳᠤ ᠪᠠᠨ 7 ᠲᠠᠰ ᠠᠴᠠ ᠳᠡᠭᠡᠭᠰᠢ ᠪᠤᠯᠤᠨ᠎ᠠ᠃ | ᠬᠤᠶᠠᠷ᠂ ᠴᠠᠭ ᠠᠭᠤᠷ ᠤᠨ ᠪᠣᠳᠠᠲᠠᠶ ᠤᠷᠢᠳᠴᠢᠯᠠᠭᠰᠠᠨ ᠮᠡᠳᠡᠭᠡ | ᠡᠯᠡᠰᠦᠨ ᠰᠢᠭᠤᠷᠭ᠎ᠠ᠄ 23 ᠤ ᠡᠳᠦᠷ ᠪᠦᠬᠦ ᠬᠤᠰᠢᠭᠤᠨ ᠳᠤ ᠡᠯᠡᠰᠦ ᠬᠡᠶᠢᠰᠴᠦ᠂ 24 ᠤ ᠡᠳᠦᠷ ᠡᠯᠡᠰᠤᠨ | ᠰᠢᠭᠤᠷᠭ᠎ᠠ ᠰᠢᠭᠤᠷᠠᠵᠤ᠂ 25 ᠤ ᠡᠳᠦᠷ ᠪᠦᠬᠦ ᠬᠤᠰᠢᠭᠤᠨ ᠳᠤ ᠡᠯᠡᠰᠦ ᠬᠡᠶᠢᠰᠭᠦ ᠪᠤᠶᠤ ᠲᠣᠭᠤᠰᠣ ᠳᠡᠭᠳᠡᠭᠦ | ᠪᠤᠯᠤᠨ᠎ᠠ᠃ | ᠬᠦᠢᠲᠡᠷᠡᠬᠦ᠄ 26 ᠤ ᠡᠳᠦᠷ ᠠᠴᠠ ᠡᠬᠢᠯᠡᠨ ᠠᠭᠠᠷ ᠤᠨ ᠳᠤᠯᠠᠭᠠᠨ ᠪᠠᠭᠤᠷᠠᠵᠤ᠂ ᠪᠥᠬᠦ ᠬᠤᠰᠢᠭᠤᠨ ᠤ 48 | ᠴᠠᠭ ᠤᠨ ᠠᠭᠠᠷ ᠤᠨ ᠳᠤᠯᠠᠭᠠᠨ 10 ~ 12 ᠭᠷᠠᠳᠦ᠋ᠰ ᠪᠠᠭᠤᠷᠠᠵᠤ᠂ ᠬᠠᠮᠤᠭ ᠤᠨ ᠳᠣᠤᠷ᠎ᠠ ᠠᠭᠠᠷ ᠤᠨ ᠳᠤᠯᠠᠭᠠᠨ | 28 ᠤ ᠡᠳᠦᠷ ᠤᠨ ᠥᠷᠯᠥᠭᠡ ᠢᠯᠡᠷᠡᠵᠤ᠂ ᠠᠭᠠᠷ ᠤᠨ ᠳᠣᠯᠠᠭᠠᠨ ᠤ ᠬᠡᠮᠵᠢᠶ᠎ᠡ -13 ~ 10 ᠭᠷᠠᠳᠦ᠋ᠰ ᠪᠣᠯᠤᠨ᠎ᠠ᠃ | ᠶᠡᠭᠡ ᠰᠠᠯᠬᠢ᠄ 23 ᠤ ᠡᠳᠦᠷ ᠠᠴᠠ ᠡᠬᠢᠯᠡᠨ ᠰᠠᠯᠬᠢᠨ ᠤ ᠬᠦᠴᠦ ᠨᠢ ᠨᠡᠮᠡᠭᠳᠡᠵᠦ᠂ 23 ᠤ ᠡᠳᠦᠷ ᠠᠴᠠ | 28 ᠡᠳᠦᠷ ᠤᠨ ᠳᠤᠮᠳᠠᠴᠢ ᠰᠠᠯᠬᠢᠨ ᠤ ᠬᠦᠴᠦ ᠨᠢ 4 ~ 5 ᠲᠠᠰ ᠲᠤ ᠬᠥᠷᠴᠥ᠂ ᠵᠠᠷᠢᠮ ᠦᠶ᠎ᠡ ᠳᠤ ᠪᠠᠨ 7 | ᠲᠠᠰ ᠠᠴᠠ ᠳᠡᠭᠡᠭᠰᠢ ᠪᠣᠯᠣᠨ᠎ᠠ᠃ | ᠭᠤᠷᠪᠠ᠂ ᠭᠠᠮᠰᠢᠭ ᠤᠨ ᠨᠦᠯᠦᠭᠡ ᠶᠢᠨ ᠵᠢᠱᠢᠯᠲᠠ | ᠡᠨᠡ ᠤᠳᠠᠭᠠᠨ ᠤ ᠡᠯᠡᠰᠦᠨ ᠰᠢᠭᠤᠷᠭ᠎ᠠ ᠲᠠᠢ ᠴᠠᠭ ᠠᠭᠤᠷ ᠤᠨ ᠨᠥᠯᠥᠭᠡᠯᠡᠬᠦ ᠬᠡᠪᠴᠢᠶ᠎ᠡ ᠥᠷᠭᠡᠨ᠂ | ᠰᠠᠯᠬᠢᠨ ᠤ ᠬᠦᠴᠦ ᠶᠡᠭᠡ᠂ ᠦᠵᠡᠭᠳᠡᠭᠴᠡ ᠶᠢᠨ ᠬᠡᠮᠵᠢᠶ᠎ᠡ ᠠᠨᠠᠶ᠃ ᠵᠠᠮ ᠬᠠᠷᠢᠯᠴᠠᠭ᠎ᠠ ᠲᠡᠭᠡᠭᠡᠪᠦᠷᠢ᠂ ᠴᠠᠬᠢᠯᠭᠠᠨ | ᠬᠦᠴᠦᠨ ᠤ ᠴᠢᠮᠡᠭᠡ ᠬᠤᠯᠪᠣᠭ᠎ᠠ᠂ ᠥᠨᠳᠥᠷ ᠣᠭᠲᠠᠷᠭᠤᠶ ᠶᠢᠨ ᠠᠵᠢᠯᠯᠠᠭ᠎ᠠ᠂ ᠥᠨᠳᠥᠷ ᠳᠠᠪᠬᠤᠷᠭᠠᠲᠤ ᠪᠠᠷᠢᠯᠭ᠎ᠠ᠂ | ᠲᠦᠷ ᠴᠠᠭ ᠤᠨ ᠪᠠᠷᠢᠯᠭ᠎ᠠ᠂ ᠮᠠᠯ ᠤᠨ ᠬᠠᠰᠢᠶ᠎ᠠ ᠰᠠᠷᠠᠪᠴᠢ ᠵᠢᠴᠢ ᠣᠯᠠᠨ ᠨᠡᠶᠢᠲᠡ ᠶᠢᠨ ᠡᠷᠡᠭᠦᠯ ᠮᠡᠨᠳᠦ᠂ ᠣᠯᠠᠨ | ᠨᠡᠶᠢᠲᠡ ᠶᠢᠨ ᠶᠠᠪᠤᠵᠤ ᠰᠠᠭᠤᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠲᠠᠯ᠎ᠠ ᠳᠤ ᠠᠰᠢᠭ | ᠥᠬᠡᠶ ᠨᠥᠯᠥᠭᠡ ᠦᠵᠡᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠣᠯᠠᠨ ᠨᠡᠶᠢᠲᠡ ᠤᠷᠢᠳᠴᠢᠯᠠᠨ | ᠰᠡᠷᠭᠡᠶᠢᠯᠡᠬᠦ ᠠᠵᠢᠯ ᠢᠶᠠᠨ ᠰᠠᠶᠢᠲᠤᠷ ᠬᠢᠭᠦ ᠶᠢ ᠰᠠᠨᠠᠭᠤᠯᠤᠶ᠎ᠠ᠃ | ᠳᠥᠷᠪᠡ᠂ ᠦᠢᠯᠡᠳᠪᠦᠷᠢᠯᠡᠯ ᠤᠨ ᠰᠠᠨᠠᠭᠤᠯᠭ᠎ᠠ | 1. ᠶᠡᠭᠡ ᠰᠠᠯᠬᠢ ᠡᠯᠡᠰᠦᠨ ᠰᠢᠭᠤᠷᠭ᠎ᠠ ᠲᠠᠢ ᠴᠠᠭ ᠠᠭᠤᠷ ᠤᠨ ᠵᠠᠮ ᠬᠠᠷᠢᠯᠴᠠᠭ᠎ᠠ ᠲᠡᠭᠡᠭᠡᠪᠦᠷᠢ ᠳᠤ | ᠦᠵᠡᠭᠦᠯᠬᠦ ᠠᠰᠢᠭ ᠦᠭᠡᠢ ᠨᠥᠯᠥᠭᠡ ᠶᠢ ᠠᠩᠬᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠠᠷᠭᠠᠴᠠᠭᠠᠬᠤ ᠠᠷᠭ᠎ᠠ ᠬᠡᠮᠵᠢᠶ᠎ᠡ ᠪᠠᠨ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ | 2. ᠶᠡᠭᠡ ᠰᠠᠯᠬᠢ ᠲᠠᠢ ᠴᠠᠭ ᠠᠭᠤᠷ ᠠᠴᠠ ᠪᠣᠯᠵᠣ ᠮᠡᠳᠡᠬᠦ ᠬᠤᠤᠷ ᠬᠥᠨᠥᠭᠡᠯ ᠢ ᠰᠡᠷᠭᠡᠶᠢᠯᠡᠵᠦ᠂ ᠲᠦᠷ | ᠴᠠᠭ ᠤᠨ ᠪᠠᠷᠢᠯᠭ᠎ᠠ᠂ ᠪᠠᠷᠢᠯᠭ᠎ᠠ ᠶᠢᠨ ᠠᠵᠢᠯ ᠤᠨ ᠰᠠᠷᠠᠪᠴᠢ᠂ ᠮᠠᠯ ᠤᠨ ᠬᠠᠰᠢᠶ᠎ᠠ ᠰᠠᠷᠠᠪᠴᠢ ᠵᠡᠷᠭᠡ ᠶᠢᠨ ᠰᠠᠯᠬᠢ ᠶᠢ | ᠰᠡᠷᠭᠡᠶᠢᠯᠡᠨ ᠪᠠᠬᠢᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ | 3᠂ ᠡᠯᠡᠰᠦᠨ ᠰᠢᠭᠤᠷᠭ᠎ᠠ ᠲᠠᠢ ᠴᠠᠭ ᠠᠭᠤᠷ ᠤᠨ ᠦᠵᠡᠭᠳᠡᠭᠴᠡ ᠶᠢᠨ ᠬᠡᠮᠵᠢᠶ᠎ᠡ ᠳᠣᠤᠷ᠎ᠠ᠂ ᠠᠮᠢᠰᠬᠤᠯ ᠤᠨ | ᠰᠢᠰᠲ᠋ᠧᠮ ᠤᠨ ᠡᠪᠡᠳᠴᠢᠨ ᠠᠮᠠᠷᠬᠠᠨ ᠡᠭᠦᠰᠳᠡᠭ᠂ ᠬᠡᠷ ᠤᠨ ᠭᠠᠳᠠᠨᠠᠬᠢ ᠪᠠᠷᠢᠯᠭ᠎ᠠ ᠶᠢᠨ ᠠᠵᠢᠯᠲᠠᠳ ᠰᠡᠷᠭᠡᠶᠢᠯᠡᠯᠳᠡ | ᠰᠠᠶᠢᠲᠤᠷ ᠬᠢᠵᠥ᠂ ᠣᠯᠠᠨ ᠨᠡᠶᠢᠲᠡ ᠪᠠᠷ ᠢᠶᠠᠨ ᠠᠯᠢ ᠴᠢᠳᠠᠬᠤ ᠪᠠᠷ ᠭᠠᠳᠠᠭᠰᠢ ᠭᠠᠷᠬᠤ ᠪᠠᠨ ᠪᠠᠭᠠᠰᠬᠠᠵᠤ᠂ ᠭᠠᠳᠠᠭᠰᠢ | ᠭᠠᠷᠬᠤ ᠳᠤ ᠪᠠᠨ ᠰᠠᠯᠬᠢ ᠡᠯᠡᠰᠦᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠵᠠᠮ ᠬᠠᠷᠢᠯᠴᠠᠭᠠᠨ ᠤ ᠠᠮᠤᠷ | ᠲᠦᠪᠰᠢᠨ ᠢ ᠠᠩᠬᠠᠷᠬᠤ ᠬᠡᠷᠡᠭᠲᠡᠶ᠃ | 4. ᠲᠣᠰ ᠤᠳᠠᠭᠠᠨ ᠤ ᠶᠡᠭᠡ ᠰᠠᠯᠬᠢ ᠬᠦᠢᠲᠡᠨ ᠠᠭᠤᠷ ᠠᠮᠢᠰᠬᠤᠯ ᠤᠨ ᠨᠥᠯᠥᠭᠡ ᠨᠢ ᠢᠯᠡᠷᠬᠡᠶ᠂ ᠣᠯᠠᠨ | ᠨᠡᠶᠢᠲᠡ ᠪᠠᠷ ᠢᠶᠠᠨ ᠴᠠᠭ ᠠᠭᠤᠷ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠶ ᠳᠤᠨᠢ ᠬᠤᠪᠴᠠᠰᠤ ᠬᠤᠨᠠᠷ ᠢᠶᠠᠨ | ᠵᠤᠵᠠᠭᠠᠯᠠᠵᠤ᠂ ᠬᠦᠢᠲᠡᠨ ᠢ ᠰᠡᠷᠭᠡᠶᠢᠯᠡᠨ ᠰᠠᠯᠬᠢ ᠠᠴᠠ ᠬᠠᠮᠠᠭᠠᠯᠠᠬᠤ ᠠᠵᠢᠯ ᠢᠶᠠᠨ ᠰᠠᠶᠢᠲᠤᠷ ᠬᠢᠵᠦ᠂ ᠲᠠᠭᠰᠢᠭᠤᠷ | ᠵᠢᠴᠢ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠵᠡᠷᠭᠡ ᠡᠪᠡᠳᠴᠢᠨ ᠡᠭᠦᠰᠬᠦ ᠶᠢ ᠰᠡᠷᠭᠡᠶᠢᠯᠡᠬᠦ ᠬᠡᠷᠡᠭᠲᠡᠶ᠃ | 5. ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠳ ᠶᠡᠭᠡ ᠰᠠᠯᠬᠢ᠂ ᠡᠯᠡᠰᠦᠨ ᠰᠢᠭᠤᠷᠭ᠎ᠠ᠂ | ᠠᠭᠠᠷ ᠤᠨ ᠳᠣᠯᠠᠭᠠᠨ ᠤ ᠬᠡᠮᠵᠢᠶ᠎ᠡ ᠪᠠᠭᠤᠷᠠᠬᠤ ᠠᠴᠠ ᠪᠣᠯᠤᠭᠰᠠᠨ ᠠᠰᠢᠭ ᠥᠬᠡᠶ ᠨᠥᠯᠥᠭᠡ ᠶᠢ ᠠᠩᠬᠠᠷᠤᠨ | ᠰᠡᠷᠭᠡᠶᠢᠯᠡᠵᠦ᠂ ᠠᠶᠤᠯ ᠥᠬᠡᠶ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | 6. ᠣᠶᠢᠷ᠎ᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠥᠨᠳᠥᠷ᠂ ᠰᠠᠯᠬᠢᠨ ᠤ ᠬᠦᠴᠦ ᠨᠡᠯᠢᠶᠡᠳ ᠶᠡᠭᠡ᠂ | ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠠᠰ ᠨᠡᠯᠢᠶᠡᠳ ᠥᠨᠳᠥᠷ ᠪᠠᠶᠢᠵᠤ᠂ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠶ | ᠃ | 7. ᠴᠠᠭ ᠠᠭᠤᠷ ᠤᠨ ᠰᠠᠯᠠᠭ᠎ᠠ ᠮᠥᠴᠢᠷ ᠤᠨ ᠦᠷᠭᠦᠯᠵᠢᠯᠡᠨ ᠰᠢᠨᠡᠳᠬᠡᠵᠦ ᠨᠡᠶᠢᠲᠡᠯᠡᠭᠰᠡᠨ ᠤᠷᠢᠳᠴᠢᠯᠠᠭᠰᠠᠨ | ᠮᠡᠳᠡᠭᠡ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠤᠭᠠᠷᠠᠢ᠃ | |