ᠰᠢᠨ᠎ᠡ ᠴᠡᠷᠢᠭ ᠢᠶᠠᠨ ᠦᠳᠡᠨ ᠮᠤᠷᠳᠠᠭᠤᠯᠤᠰᠤᠭᠠᠢ
ᠨᠡᠶᠢᠲᠡᠯᠡᠭᠰᠡᠨ ᠴᠠᠭ᠄
2025/3/24
      ᠭᠤᠷᠪᠠᠳᠤᠭᠠᠷ ᠰᠠᠷ᠎ᠠ ᠂ ᠡᠨᠡᠬᠦ ᠬᠦᠰᠡᠯ ᠡᠷᠡᠮᠡᠯᠵᠡᠯ ᠪᠠ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠤᠯᠠᠷᠢᠯ ᠳᠤ᠂ ᠪᠠᠰᠠ ᠨᠢᠭᠡ ᠪᠦᠯᠦᠭ ᠬᠠᠯᠠᠭᠤᠨ ᠰᠡᠳᠬᠢᠯᠲᠦ ᠵᠠᠯᠠᠭᠤᠴᠤᠳ ᠨᠤᠲᠤᠭ ᠤᠰᠤ ᠠᠴᠠ ᠪᠠᠨ ᠰᠠᠯᠵᠤ᠂ ᠠᠶᠠᠨ ᠵᠠᠮ ᠳᠠᠭᠠᠨ ᠮᠣᠷᠳᠠᠪᠠ᠃ 3 ᠰᠠᠷ᠎ᠠ ᠶᠢᠨ 16 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ 2025 ᠣᠨ ᠤ ᠬᠠᠪᠤᠷ ᠤᠨ ᠤᠯᠠᠷᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠳᠠᠭᠤᠯᠵᠤ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢᠨ ᠯᠸᠢ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠠᠷᠤᠭ᠎ᠠ ᠬᠤᠩ ᠬᠠᠶ ᠢᠳᠡᠪᠬᠢᠲᠡᠶ ᠪᠠᠷ ᠴᠡᠷᠢᠭ ᠲᠤ ᠤᠷᠤᠭᠰᠠᠨ ᠬᠡᠷ ᠤᠨ ᠠᠬᠠᠮᠠᠳ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃ ᠢᠷᠠᠭᠤ ᠠᠯᠳᠠᠷᠲᠠᠢ ᠪᠠᠷ ᠴᠡᠷᠢᠭ ᠲᠤ ᠤᠷᠤᠭᠰᠠᠨ ᠣᠶᠤᠲᠠᠨ ᠰᠢᠨ᠎ᠡ ᠴᠡᠷᠢᠭ ᠲᠤ ᠬᠠᠯᠠᠭᠤᠨ ᠪᠠᠶᠠᠷ ᠬᠦᠷᠭᠡᠪᠡ ︕      9 ᠨᠡᠷᠡᠰ ᠰᠢᠨ᠎ᠡ ᠴᠡᠷᠢᠭ  ᠪᠠᠶᠢᠯᠳᠤᠭᠴᠢ ᠴᠣ ᠰᠢᠨ᠎ᠡ  ᠴᠡᠷᠢᠭ ᠤᠨ ᠬᠤᠪᠴᠠᠰᠤ ᠡᠮᠦᠰᠦᠨ᠂ ᠤᠯᠠᠭᠠᠨ ᠬᠤᠸᠠᠷ ᠵᠡᠭᠦᠵᠦ᠂ ᠴᠤᠭ ᠵᠢᠪᠬᠤᠭ᠎ᠠ ᠪᠠᠳᠠᠷᠠᠩᠭᠤᠶ ᠪᠠᠶᠢᠯ᠎ᠠ᠃ ᠲᠡᠳᠡᠨ ᠤ ᠴᠢᠷᠠᠢ ᠳᠤ ᠵᠠᠯᠠᠭᠤ ᠨᠠᠰᠤᠨ ᠤ ᠴᠤᠭ ᠵᠢᠪᠬᠤᠭ᠎ᠠ ᠪᠠᠳᠠᠷᠠᠵᠤ᠂ ᠴᠡᠷᠢᠭ ᠤᠨ ᠬᠤᠸᠠᠷᠠᠨ ᠳᠤ ᠣᠴᠢᠬᠤ ᠭᠡᠵᠦ ᠪᠠᠶᠢᠭ᠎ᠠ ᠪᠠᠶᠠᠷ ᠪᠠᠭ᠋ᠠᠲᠤᠯ ᠢᠯᠡᠷᠡᠵᠦ ᠪᠠᠶᠢᠪᠠᠴᠤ᠂ ᠬᠠᠷᠠᠴᠠ ᠠᠴᠠ ᠨᠢ ᠨᠤᠲᠤᠭ ᠤᠰᠤ ᠪᠣᠯᠣᠨ ᠡᠯᠢᠭᠡᠨ ᠰᠠᠳᠤᠨ ᠠᠴᠠ ᠪᠠᠨ ᠰᠠᠯᠵᠤ ᠶᠠᠳᠠᠭᠰᠠᠨ  ᠰᠡᠳᠬᠢᠯᠭᠡ ᠲᠤᠳᠤᠷᠠᠨ᠎ᠠ᠃      ᠰᠢᠨ᠎ᠡ ᠴᠡᠷᠢᠭ ᠲᠠᠩᠭᠠᠷᠢᠭᠯᠠᠬᠤ ᠶᠣᠰᠣᠯᠠᠯ ᠳᠡᠭᠡᠷ᠎ᠡ᠂ ᠪᠦᠬᠦ ᠰᠢᠨ᠎ᠡ ᠴᠡᠷᠢᠭ ᠴᠥᠮ ᠲᠦᠪ ᠵᠣᠭᠰᠣᠵᠤ᠂ ᠨᠢᠳᠤᠷᠭ᠎ᠠ ᠪᠠᠨ ᠴᠢᠩᠭ᠎ᠠ  ᠵᠠᠩᠬᠢᠳᠤᠨ᠂  ᠲᠥᠪ ᠴᠢᠩᠭ᠎ᠠ ᠪᠠᠷ ᠄ ︽ᠪᠢᠳᠡ ᠥᠨᠥᠳᠦᠷ ᠴᠡᠷᠢᠭ ᠲᠤ ᠤᠷᠤᠵᠤ ᠵᠠᠪᠠᠯ ᠬᠤᠪᠢᠰᠬᠠᠯ ᠤᠨ ᠠᠬᠠᠮᠠᠳ ᠦᠶ᠎ᠡ ᠶᠢᠨ ᠰᠢᠯᠢᠳᠡᠭ ᠤᠯᠠᠮᠵᠢᠯᠠᠯ ᠢ ᠵᠠᠪᠠᠯ ᠤᠯᠠᠮᠵᠢᠯᠠᠵᠤ᠂ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠭᠤᠯᠵᠤ᠂ ᠡᠴᠢᠭᠡ ᠡᠬᠡ ᠪᠣᠯᠤᠨ ᠨᠤᠲᠤᠭ ᠤᠨ ᠠᠷᠠᠳ ᠲᠦᠮᠡᠨ ᠤ ᠪᠠᠨ ᠨᠢᠭᠤᠷ ᠢ ᠶᠠᠭᠠᠬᠢᠭᠰᠠᠨ ᠴᠤ ᠪᠠᠷᠠᠬᠤ ᠦᠭᠡᠢ᠂ ᠯᠠᠪᠲᠠᠢ ᠡᠬᠡ ᠤᠯᠤᠰ ᠤᠨ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠥᠪᠡᠷ ᠤᠨ ᠭᠡᠷᠡᠯ ᠭᠢᠯᠪᠠᠭ᠎ᠠ ᠪᠠᠨ ᠨᠡᠮᠡᠷᠢᠯᠡᠨ᠎ᠡ︾ ᠭᠡᠵᠦ ᠲᠠᠩᠭᠠᠷᠢᠭᠯᠠᠪᠠ᠃ ᠡᠨᠡ ᠪᠣᠯ ᠰᠢᠨ᠎ᠡ ᠴᠡᠷᠢᠭ ᠤᠨ ᠲᠠᠩᠭᠠᠷᠢᠭᠯᠠᠬᠤ ᠶᠣᠰᠣᠯᠠᠯ ᠳᠤ ᠣᠷᠣᠯᠴᠠᠭᠰᠠᠨ ᠤ ᠳᠠᠷᠠᠭᠠᠬᠢ ᠬᠠᠮᠲᠤ ᠶᠢᠨ ᠰᠡᠳᠬᠢᠯ ᠤᠨ ᠳᠠᠭᠤᠨ ᠪᠣᠯᠤᠨ᠎ᠠ᠃ ᠣᠶᠢᠷ᠎ᠠ ᠬᠠᠪᠢ ᠳᠤ ᠨᠢ ᠦᠳᠡᠨ ᠮᠣᠷᠳᠠᠭᠤᠯᠬᠤ ᠪᠠᠷ ᠢᠷᠡᠭᠰᠡᠨ ᠭᠡᠷ ᠤᠨ ᠬᠥᠮᠦᠰ᠂ ᠨᠠᠶᠢᠵᠠ ᠨᠥᠬᠦᠳ ᠪᠠ ᠨᠤᠲᠤᠭ ᠤᠨ ᠠᠬ᠎ᠠ ᠳᠡᠭᠦᠦ ᠨᠡᠷ ᠪᠣᠯᠤᠨ᠎ᠠ᠂ ᠲᠡᠳᠡᠨ ᠤ ᠨᠢᠳᠦᠨ ᠳᠤ ᠣᠮᠤᠭ ᠪᠠᠭ᠋ᠠᠳᠤᠯ ᠪᠠ  ᠰᠠᠨᠠᠭᠠᠯᠵᠠᠯ  ᠲᠤᠳᠤᠷᠠᠵᠤ  ᠪᠠᠶᠢᠯ᠎ᠠ᠃      ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢᠨ ᠯᠸᠢ ᠴᠡᠷᠢᠭ ᠲᠤ ᠤᠷᠤᠭᠰᠠᠨ ᠰᠢᠨ᠎ᠡ ᠪᠠᠶᠢᠯᠳᠤᠭᠴᠢᠳ ᠲᠤ ᠬᠠᠯᠠᠭᠤᠨ ᠪᠠᠶᠠᠷ ᠬᠦᠷᠭᠡᠵᠦ᠂ ᠲᠡᠳᠡᠨ ᠤ ᠴᠡᠷᠢᠭ ᠲᠤ ᠤᠷᠤᠭᠰᠠᠨ ᠤ ᠳᠠᠷᠠᠭ᠎ᠠ ᠰᠢᠷᠭᠠᠭᠤ ᠰᠤᠷᠤᠯᠴᠠᠵᠤ᠂ ᠬᠡᠪ ᠴᠢᠨᠠᠷ ᠢᠶᠠᠨ ᠳᠡᠭᠡᠭᠰᠢᠯᠡᠭᠦᠯᠦᠨ᠂ ᠡᠩ ᠤᠨ ᠵᠠᠯᠠᠭᠤᠴᠤᠳ ᠠᠴᠠ ᠬᠢᠷᠢ ᠲᠡᠩᠴᠡᠭᠰᠡᠨ ᠴᠡᠷᠢᠭ ᠳᠠᠰᠢ ᠬᠤᠪᠢᠷᠠᠭᠤᠯᠬᠤ ᠶᠢ ᠲᠦᠷᠭᠡᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃      ᠬᠡᠩᠭᠡᠷᠭᠡ  ᠴᠠᠩ  ᠤᠨ ᠲᠠᠭᠤᠨ ᠤ ᠳᠤᠮᠳᠠ ᠰᠢᠨ᠎ᠡ ᠴᠡᠷᠢᠭ  ᠤᠳ ᠭᠡᠷ ᠤᠨ ᠬᠥᠮᠦᠰ ᠲᠠᠢ ᠪᠠᠨ  ᠰᠠᠯᠬᠤ ᠶᠤᠰᠤ ᠬᠦᠢᠴᠡᠳᠭᠡᠵᠦ᠂ ᠲᠦᠷᠦᠯ ᠰᠠᠳᠤᠨ ᠤ ᠪᠠᠨ ᠭᠦᠨ ᠵᠤᠵᠠᠭᠠᠨ ᠬᠦᠰᠡᠯ ᠨᠠᠶᠢᠳᠠᠯᠭ᠎ᠠ ᠶᠢ ᠡᠪᠦᠷᠯᠡᠨ᠂ ᠴᠡᠷᠢᠭ ᠤᠨ ᠠᠮᠢᠳᠤᠷᠠᠯ ᠤᠨ ᠠᠩᠬᠠᠨ ᠤ ᠠᠯᠬᠤᠮ ᠢ ᠠᠯᠬᠤᠵᠤ᠂ ᠬᠥᠮᠦᠨ ᠤ ᠠᠮᠢᠳᠤᠷᠠᠯ ᠤᠨ ᠰᠢᠨ᠎ᠡ ᠠᠶᠠᠨ ᠢᠶᠠᠨ ᠡᠬᠢᠯᠡᠭᠦᠯᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号