ᠮᠠᠨ ᠤ ᠬᠤᠰᠢᠭᠤᠨ ᠤ ᠨᠢᠭᠡ ᠲᠦᠷᠦᠯ ᠵᠦᠢᠯ ᠪᠡᠭᠡᠵᠢᠩ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠦᠪᠯᠡᠯ ᠤᠨ ᠲᠦᠷᠦᠯ ᠵᠦᠢᠯ ᠲᠤᠭᠳᠠᠭᠠᠬᠤ ᠲᠡᠮᠵᠢᠯᠭᠡ ᠶᠢ ᠤᠯᠪᠠ
ᠨᠡᠶᠢᠲᠡᠯᠡᠭᠰᠡᠨ ᠴᠠᠭ᠄
2025/3/25
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠠᠨᠰᠠᠷ ᠤᠨ ᠠᠶᠠᠯᠠᠯ ᠤᠨ ᠴᠠᠭ ᠦᠶ᠎ᠡ ᠶᠢᠨ ᠹᠧᠢ ᠬᠤᠩ ᠬᠡᠮᠵᠢᠨ ᠰᠢᠯᠭᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠥᠷᠨᠢᠭᠦᠯᠦᠭᠰᠡᠨ ︽ᠵᠢᠯᠣᠭᠤᠴᠢ ᠥᠬᠡᠢ ᠣᠶᠤᠨᠴᠢ ᠰᠢᠰᠲ᠋ᠧᠮ ᠤᠨ ᠰᠣᠷᠢᠯᠳᠡ ᠶᠢᠨ ᠰᠠᠭᠤᠷᠢᠨ ᠭᠠᠵᠠᠷ ᠤᠨ ᠪᠤᠳᠤᠯᠢᠶᠠᠨᠲᠠᠢ ᠣᠷᠴᠢᠨ ᠲᠣᠭᠤᠷᠢᠨ ᠤ ᠪᠦᠲᠦᠴᠡ ᠶᠢᠨ ᠲᠥᠷᠥᠯ ᠵᠦᠢᠯ︾ ᠪᠡᠭᠡᠵᠢᠩ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠷᠣᠨ ᠪᠦᠰᠡ ᠶᠢᠨ ᠬᠠᠮᠲᠤᠷᠠᠯᠴᠠᠭ᠎ᠠ︾ ᠶᠢᠨ ᠳᠣᠰᠬᠠᠢ ᠲᠥᠷᠥᠯ ᠵᠦᠢᠯ ᠳᠣᠭᠳᠠᠭᠠᠬᠤ ᠳᠡᠮᠵᠢᠯᠭᠡ ᠶᠢ ᠣᠯᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 1100 ᠲᠦᠮᠡᠨ ᠲᠥᠭᠦᠷᠢᠭ ᠲᠤ ᠬᠦᠷᠴᠦ᠂ 200 ᠲᠦᠮᠡᠨ ᠲᠥᠭᠦᠷᠢᠭ ᠤᠨ ᠲᠥᠷᠥᠯ ᠵᠦᠢᠯ ᠤᠨ ᠪᠡᠯᠡ ᠮᠥᠩᠭᠦ ᠣᠯᠪᠠ᠃      ᠲᠣᠰ ᠲᠥᠷᠥᠯ ᠵᠦᠢᠯ ᠨᠢ ᠭᠤᠤᠯᠳᠠᠭᠤ ᠵᠢᠯᠣᠭᠤᠴᠢ ᠥᠬᠡᠢ ᠣᠶᠤᠨᠴᠢ ᠰᠢᠰᠲ᠋ᠧᠮ ᠤᠨ ᠰᠣᠷᠢᠯᠳᠡ ᠶᠢᠨ ᠰᠠᠭᠤᠷᠢᠨ ᠭᠠᠵᠠᠷ ᠤᠨ ᠪᠤᠳᠤᠯᠢᠶᠠᠨᠲᠠᠶ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠢ ᠪᠠᠶᠢᠭᠤᠯᠵᠤ᠂ ᠰᠤᠳᠤᠯᠭᠠᠨ ᠤ ᠲᠤᠷᠰᠢᠯᠲᠠ ᠪᠠ ᠡᠯᠧᠺᠲᠷᠣᠨ ᠮᠡᠳᠡᠭᠡ ᠵᠠᠩᠭᠢ ᠶᠢᠨ ᠲᠣᠨᠤᠭ ᠲᠥᠬᠦᠭᠡᠷᠦᠮᠵᠢ ᠶᠢᠨ ᠰᠢᠰᠲ᠋ᠧᠮ ᠤᠨ ᠰᠣᠷᠢᠯᠲᠠ᠂ ᠬᠦᠴᠦᠨ ᠴᠢᠳᠠᠪᠤᠷᠢ ᠶᠢ ᠦᠨᠡᠯᠡᠨ ᠵᠢᠱᠢᠬᠦ ᠮᠡᠷᠭᠡᠵᠢᠯ ᠤᠨ ᠲᠤᠷᠰᠢᠯᠲᠠ ᠶᠢᠨ ᠲᠠᠪᠴᠠᠩ ᠵᠡᠷᠭᠡ ᠶᠢ ᠬᠠᠩᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠦᠭᠰᠡᠨ ᠠᠴᠠ ᠨᠠᠭᠠᠰᠢᠬᠢ ᠪᠤᠭᠤᠲᠤ ᠬᠤᠲᠠ ᠶᠢᠨ ᠠᠩᠬᠠᠳᠠᠭᠴᠢ ᠪᠡᠭᠡᠵᠢᠩ ᠬᠤᠲᠠ ᠶᠢᠨ ᠵᠠᠰᠠᠭ ᠤᠨ ᠣᠷᠳᠣᠨ ᠤ ᠳᠡᠮᠵᠢᠯᠭᠡ ᠶᠢ ᠣᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠪᠣᠯᠤᠨ᠎ᠠ᠃      ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠳᠠᠪᠠᠭᠤᠯᠢᠭ ᠬᠦᠷᠢᠶᠡᠨ ᠤ ᠢᠷᠡᠭᠡᠳᠦᠶ ᠶᠢᠨ ᠠᠵᠤ ᠦᠢᠯᠡᠰ ᠢᠶᠠᠨ ᠲᠦᠷᠭᠡᠳᠬᠡᠨ ᠪᠠᠶᠢᠷᠢᠰᠢᠭᠤᠯᠵᠤ᠂ ᠳᠣᠣᠷ᠎ᠠ ᠠᠭᠠᠷ ᠤᠨ ᠠᠵᠤ ᠠᠬᠤᠶ ᠶᠢ ᠪᠤᠶᠢᠵᠢᠭᠤᠯᠤᠨ ᠬᠥᠭᠵᠢᠭᠦᠯᠵᠦ᠂ ᠵᠢᠯᠣᠭᠤᠴᠢ ᠥᠬᠡᠶ ᠣᠶᠤᠨᠴᠢ ᠰᠢᠰᠲ᠋ᠧᠮ ᠤᠨ ᠰᠤᠳᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠵᠢᠯᠣᠭᠤᠴᠢ ᠥᠬᠡᠶ ᠨᠢᠰᠬᠡᠯ ᠰᠤᠳᠤᠯᠤᠨ ᠨᠡᠭᠡᠭᠡᠬᠦ ᠲᠤᠷᠰᠢᠯᠲᠠ᠂ ᠲᠤᠷᠰᠢᠨ ᠨᠢᠰᠬᠦ᠂ ᠳᠡᠯᠭᠡᠨ ᠦᠵᠡᠭᠦᠯᠵᠦ ᠠᠷᠠᠯᠵᠢᠶᠠᠯᠠᠬᠤ ᠳᠤ ᠪᠥᠬᠦ ᠬᠡᠯᠬᠢᠶ᠎ᠡ ᠪᠠᠷ ᠦᠢᠯᠡᠴᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠭᠤᠤᠯᠳᠠᠯᠭ᠎ᠠ ᠲᠠᠢ ᠴᠡᠭ ᠪᠠᠶᠢᠷᠢ ᠶᠢᠨ ᠪᠠᠶᠢᠷᠢᠰᠢᠭᠤᠯᠤᠯᠲᠠ ᠶᠢ ᠣᠨᠢᠯᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢ ᠲᠣᠮᠢᠯᠠᠨ ᠠᠵᠤ ᠠᠬᠤᠶᠢᠯᠠᠯ ᠳᠤ ᠣᠷᠣᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠂ ᠰᠠᠨᠰᠠᠷ ᠤᠨ ᠠᠶᠠᠯᠠᠯ ᠤᠨ ᠴᠠᠭ ᠦᠶ᠎ᠡ ᠶᠢᠨ ᠹᠧᠢ ᠬᠤᠩ ᠬᠡᠮᠵᠢᠨ ᠰᠢᠯᠭᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠦᠴᠦᠨ ᠢᠶᠠᠨ ᠡᠮᠬᠢᠯᠡᠨ ᠨᠡᠶᠢᠯᠡᠭᠦᠯᠬᠦ ᠶᠢ ᠴᠢᠩᠭᠠᠷᠠᠭᠤᠯᠤᠨ᠂ ᠠᠵᠤ ᠠᠬᠤᠶᠢᠯᠠᠯ ᠳᠤ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠦᠢᠯᠡᠴᠢᠯᠡᠭᠡ ᠬᠠᠩᠭᠠᠪᠠ᠃      2024 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠰᠠᠨᠰᠠᠷ ᠤᠨ ᠠᠶᠠᠯᠠᠯ ᠤᠨ ᠴᠠᠭ ᠦᠶ᠎ᠡ ᠶᠢᠨ ᠹᠧᠢ ᠬᠤᠩ ᠬᠡᠮᠵᠢᠨ ᠰᠢᠯᠭᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠬᠠᠮᠵᠢᠨ ᠮᠡᠷᠭᠡᠵᠢᠯ ᠤᠨ ᠭᠡᠷ᠎ᠡ ᠶᠢ 227.88 ᠲᠦᠮᠡᠨ ᠲᠥᠭᠦᠷᠢᠭ ᠲᠣᠭᠲᠠᠭᠠᠵᠤ᠂ ᠠᠵᠤ ᠠᠬᠤᠶᠢᠯᠠᠯ ᠳᠤ ᠣᠯᠠᠨ ᠤᠳᠠᠭ᠎ᠠ ᠭᠦᠨᠵᠡᠭᠡᠶᠢᠷᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠬᠥᠮᠥᠷᠭᠡ ᠳᠤ ᠣᠷᠣᠭᠤᠯᠬᠤ ᠪᠣᠯᠪᠠᠰᠤᠷᠠᠭᠤᠯᠤᠯ ᠢ ᠥᠷᠨᠢᠭᠦᠯᠦᠭᠰᠡᠨ ᠪᠥᠭᠡᠳ ᠲᠡᠳᠡᠨ ᠢ ᠬᠠᠪᠰᠤᠷᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠬᠠᠭᠳᠠᠬᠤᠨ ᠢ ᠰᠢᠯᠭᠠᠨ ᠪᠠᠲᠤᠯᠠᠬᠤ ᠪᠠᠶᠢᠭᠤᠯᠤᠯᠲᠠ ᠪᠠ ᠪᠤᠶᠢᠵᠢᠭᠤᠯᠬᠤ ᠲᠠᠪᠴᠠᠩ ᠢ ᠭᠤᠶᠤᠴᠢᠯᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠢᠯᠣᠭᠤᠴᠢ ᠥᠬᠡᠢ ᠣᠶᠤᠨᠴᠢ ᠰᠢᠰᠲ᠋ᠧᠮ ᠤᠨ ᠰᠣᠷᠢᠯᠲᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠰᠢᠭᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠴᠢᠯᠡᠭᠡ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠪᠠᠶᠢᠩᠭᠤᠵᠢᠭᠤᠯᠤᠨ ᠥᠷᠨᠢᠭᠦᠯᠵᠦ᠂ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠬᠤ ᠶᠢ ᠴᠢᠬᠤᠯᠠᠴᠢᠯᠠᠵᠤ᠂ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠲᠠᠢ ᠬᠠᠮᠲᠤᠷᠠᠨ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠬᠤ ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ ᠯᠦᠭᠡ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠨᠠᠶᠢᠳᠠᠪᠤᠷᠢᠵᠢᠭᠤᠯᠬᠤ ᠶᠢ ᠭᠤᠤᠯᠳᠠᠯᠭ᠎ᠠ ᠲᠠᠢ ᠠᠬᠢᠭᠤᠯᠵᠤ᠂ ᠨᠠᠩ ᠣᠯᠠᠨ ᠪᠡᠭᠡᠵᠢᠩ ᠤᠨ ᠲᠡᠷᠢᠭᠦᠨ ᠤ ᠮᠡᠷᠭᠡᠵᠢᠯ ᠤᠨ ᠦᠷ᠎ᠡ ᠪᠦᠲᠦᠭᠡᠯ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠬᠤᠪᠢᠷᠠᠭᠤᠯᠤᠨ ᠬᠡᠷᠡᠭᠯᠡᠬᠦ ᠶᠢ ᠠᠬᠢᠭᠤᠯᠵᠤ ᠂ ᠴᠡᠭ ᠢᠶᠠᠷ ᠨᠡᠶᠢᠳᠡᠮ ᠢ ᠳᠠᠶᠢᠴᠢᠯᠠᠨ᠂ ᠬᠥᠴᠥᠨ ᠢᠶᠠᠨ ᠨᠢᠭᠡᠳᠬᠡᠨ ᠰᠢᠨ᠎ᠡ ᠬᠢᠯᠠᠰ ᠴᠡᠭ ᠢ ᠲᠠᠰᠤᠷᠠᠯᠲᠠ ᠥᠬᠡᠶ ᠪᠣᠶ ᠪᠣᠯᠭᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号