ᠰᠢᠷᠠᠮᠥ᠋ᠷᠡᠨ ᠪᠠᠯᠭᠠᠰᠤ ᠰᠢᠢᠳᠪᠥᠷᠢᠯᠡᠭᠳᠡᠭᠦᠢ ᠰᠡᠳᠬᠢᠬᠦᠶ ᠶᠢ ᠪᠠᠲᠤ ᠪᠠᠬᠢ ᠪᠤᠢ ᠪᠣᠯᠭᠠᠵᠤ᠂ ︽ᠬᠤᠶᠠᠷ ᠭᠠᠵᠠᠷ | ᠭᠤᠷᠪᠠᠨ ᠲᠠᠯ᠎ᠠ︾ ᠶᠢᠨ ᠲᠡᠵᠢᠭᠡᠨ ᠦᠷᠡᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠥᠪᠥᠷ ᠮᠣᠩᠭᠤᠯ ᠤᠨ ᠮᠥ | ᠯᠠᠶ ᠭᠧ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠯᠴᠠᠭ᠎ᠠ ᠪᠠᠨ | ᠨᠢᠭᠲᠠᠷᠠᠭᠤᠯᠤᠨ᠂ ᠡᠷᠴᠢᠮᠵᠢᠭᠦᠯᠦᠨ ᠲᠡᠵᠢᠭᠡᠨ ᠦᠷᠡᠵᠢᠭᠦᠯᠵᠥ ᠬᠤᠳᠠᠯᠳᠤᠨ ᠠᠪᠬᠤ ᠲᠠᠪᠴᠠᠩ ᠢ ᠪᠠᠶᠢᠭᠤᠯᠵᠤ᠂ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠡᠷᠴᠢᠮᠵᠢᠭᠦᠯᠦᠨ ᠡᠵᠡᠩᠨᠡᠬᠦ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ᠂ ︽ᠨᠢᠭᠡᠳᠦᠯᠲᠡᠶ | ᠲᠡᠵᠢᠭᠡᠵᠦ ᠬᠠᠮᠲᠤ ᠪᠠᠷ ᠪᠠᠶᠠᠵᠢᠬᠤ︾ ᠶᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠬᠡᠳᠥ ᠪᠡᠯᠴᠢᠭᠡᠷᠯᠡᠭᠦᠯᠬᠦ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠠᠰᠢᠭᠯᠠᠬᠤ ᠪᠠ | ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠬᠤᠤᠰ ᠠᠮᠵᠢᠯᠲᠠ ᠶᠢ ᠬᠦᠴᠦᠯᠡᠨ ᠪᠡᠶᠡᠯᠡᠭᠦᠯᠪᠡ᠃ ᠰᠢᠷᠠᠮᠦ᠋ᠷᠡᠨ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠦᠷᠭᠦᠯᠵᠢᠯᠡᠨ ᠬᠦᠴᠦᠯᠡᠵᠦ᠂ ᠠᠮᠢᠳᠤ ᠮᠠᠯ | ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠮᠠᠯᠴᠢᠳ ᠤᠨ ᠮᠠᠯ | ᠤᠨᠤᠭ᠎ᠠ ᠪᠠᠨ ᠭᠠᠷᠭᠠᠨ ᠪᠣᠷᠣᠯᠠᠭᠤᠯᠬᠤ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠮᠢᠳᠤ ᠮᠠᠯ | ᠬᠤᠳᠠᠯᠳᠤᠨ ᠠᠪᠬᠤ ᠲᠠᠪᠴᠠᠩ ᠢ ᠦᠨᠡᠨ ᠬᠦ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ︽ᠰᠢᠨ᠎ᠡ ᠬᠥᠳᠡᠯᠭᠡᠭᠦᠷ | ︾ ᠪᠣᠯᠭᠠᠪᠠ᠃ | ᠰᠢᠷᠠᠮᠦ᠋ᠷᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠮᠢᠳᠤ ᠮᠠᠯ ᠬᠤᠳᠠᠯᠳᠤᠨ | ᠠᠪᠬᠤ ᠲᠠᠪᠴᠠᠩ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠮᠠᠯᠴᠢᠳ ᠢ ᠨᠡᠩ ᠰᠠᠨᠠᠭ᠎ᠠ ᠠᠮᠤᠷ | ᠪᠣᠯᠭᠠᠨ᠎ᠠ᠃ ᠣᠶᠢᠷ᠎ᠠ ᠳᠤ᠂ ᠥᠪᠥᠷ ᠮᠣᠩᠭᠤᠯ ᠤᠨ ᠮᠥ ᠯᠠᠶ ᠭᠧ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠠᠮᠢᠳᠤ ᠮᠠᠯ ᠬᠤᠳᠠᠯᠳᠤᠨ ᠠᠪᠬᠤ ᠦᠢᠯᠡᠴᠢᠯᠡᠭᠡᠨ ᠤ ᠥᠷᠲᠡᠭᠡ ᠰᠢᠷᠠᠮᠦ᠋ᠷᠡᠨ | ᠪᠠᠯᠭᠠᠰᠤᠨ ᠳᠤ ᠵᠢᠩᠬᠢᠨᠢ ᠪᠠᠷ ᠪᠠᠶᠢᠭᠤᠯᠤᠭᠳᠠᠪᠠ᠃ ᠲᠣᠰ ᠦᠢᠯᠡᠴᠢᠯᠡᠭᠡᠨ ᠤ ᠥᠷᠲᠡᠭᠡ ᠵᠠᠬ᠎ᠠ ᠳᠡᠯᠭᠡᠭᠦᠷ ᠲᠠᠢ ᠴᠠᠭ | ᠲᠤᠬᠠᠶ ᠳᠤᠨᠢ ᠵᠣᠯᠭᠠᠭᠤᠯᠵᠤ᠂ ᠡᠳᠦᠷ ᠪᠦᠷᠢ ᠠᠮᠢᠳᠤ ᠮᠠᠯ ᠬᠤᠳᠠᠯᠳᠤᠨ ᠠᠪᠬᠤ ᠵᠢᠯᠣᠭᠤᠳᠬᠤ ᠦᠨ᠎ᠡ ᠶᠢ ᠢᠯᠡ | ᠪᠣᠯᠭᠠᠵᠤ᠂ ᠦᠨ᠎ᠡ ᠬᠠᠩᠰᠢ ᠶᠢ ᠢᠯᠡ ᠪᠣᠯᠭᠠᠬᠤ ᠶᠢ ᠪᠡᠶᠡᠯᠡᠭᠦᠯᠵᠦ᠂ ᠦᠨ᠎ᠡ ᠬᠠᠩᠰᠢ ᠶᠢ ᠳᠠᠷᠤᠬᠤ ᠦᠢᠯᠡ | ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠮᠠᠯᠴᠢᠳ ᠢ ︽ᠬᠤᠳᠠᠯᠳᠤᠬᠤ ᠳᠤ ᠪᠠᠨ ᠲᠣᠳᠣᠷᠬᠠᠶ᠂ | ᠬᠤᠳᠠᠯᠳᠤᠬᠤ ᠳᠤ ᠪᠠᠨ ᠰᠠᠨᠠᠭ᠎ᠠ ᠠᠮᠤᠷ ᠪᠠᠶᠢᠯᠭᠠᠨ᠎ᠠ᠃ ᠦᠢᠯᠡᠴᠢᠯᠡᠭᠡᠨ ᠤ ᠥᠷᠲᠡᠭᠡ ᠨᠢ ᠪᠥᠬᠦ ᠪᠠᠯᠭᠠᠰᠤᠨ ᠤ | ᠮᠠᠯᠴᠢᠳ ᠢ ᠨᠥᠯᠥᠭᠡᠯᠡᠵᠦ᠂ ᠣᠶᠢᠷ᠎ᠠ ᠬᠠᠪᠢ ᠳᠠᠭᠠᠨ ᠦᠢᠯᠡᠴᠢᠯᠡᠭᠡ ᠬᠥᠷᠳᠡᠭᠡᠭᠦ ᠶᠢ ᠪᠡᠶᠡᠯᠡᠭᠦᠯᠵᠦ᠂ ᠮᠠᠯᠴᠢᠳ | ᠣᠶᠢᠷ᠎ᠠ ᠬᠠᠪᠢ ᠳᠠᠭᠠᠨ ᠮᠠᠯ ᠢᠶᠠᠨ ᠰᠢᠯᠭᠠᠨ ᠪᠠᠶᠢᠴᠠᠭᠠᠵᠤ᠂ ᠬᠦᠨᠳᠦ ᠶᠢ ᠬᠡᠮᠵᠢᠵᠦ᠂ ᠠᠷᠠᠯᠵᠢᠶᠠᠯᠠᠵᠤ᠂ ᠴᠠᠭ ᠪᠠ | ᠬᠦᠴᠦᠨ ᠢᠶᠠᠨ ᠠᠷᠪᠢᠯᠡᠠᠭᠰᠠᠨ ᠪᠠᠶᠢᠨ᠎ᠠ᠃ ᠡᠭᠦᠨ ᠤ ᠬᠠᠮᠲᠤ ᠠᠮᠢᠳᠤ ᠮᠠᠯ ᠲᠡᠭᠡᠭᠡᠪᠦᠷᠢ ᠶᠢᠨ ᠲᠡᠷᠭᠡ ᠬᠥᠰᠬᠡ ᠶᠢᠨ | ᠲᠣᠬᠢᠷᠠᠭᠤᠯᠤᠯᠲᠠ᠂ ᠬᠢᠵᠢᠭ ᠢ ᠪᠠᠶᠢᠴᠠᠭᠠᠬᠤ ᠭᠠᠷ ᠭᠦᠢᠴᠡᠳᠬᠡᠯ ᠵᠡᠷᠭᠡ ᠪᠥᠬᠦ ᠶᠠᠪᠤᠴᠠ ᠶᠢᠨ ᠦᠢᠯᠡᠴᠢᠯᠡᠭᠡ | ᠬᠠᠩᠭᠠᠵᠤ᠂ ᠮᠠᠯᠴᠢᠳ ᠤᠨ ᠲᠡᠭᠡᠭᠡᠪᠦᠷᠢ ᠦᠨᠡᠲᠡᠶ᠂ ᠲᠡᠭᠡᠭᠡᠪᠥᠷᠢᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ | ᠰᠢᠢᠳᠪᠦᠷᠢᠯᠡᠨ᠂ ᠠᠮᠢᠳᠤ ᠮᠠᠯ ᠪᠣᠷᠣᠯᠠᠭᠤᠯᠬᠤ ︽ᠡᠴᠦᠰ ᠤᠨ ᠨᠢᠭᠡ ᠺᠢᠯᠥᠮᠧᠲᠷ︾ ᠢ ᠨᠡᠪᠲᠡᠷᠡᠭᠦᠯᠵᠦ᠂ ᠪᠥᠬᠦ | ᠪᠠᠯᠭᠠᠰᠤᠨ ᠤ ᠮᠠᠯᠴᠢᠳ ᠲᠤ ᠳᠥᠭᠦᠮ ᠳᠥᠲᠡ᠂ ᠥᠨᠳᠥᠷ ᠪᠦᠲᠦᠮᠵᠢᠲᠡᠶ᠂ ᠠᠰᠢᠭ ᠬᠥᠷᠳᠡᠭᠰᠡᠨ ᠬᠤᠳᠠᠯᠳᠤᠨ | ᠠᠪᠬᠤ ᠪᠠ ᠪᠣᠷᠣᠯᠠᠭᠤᠯᠬᠤ ᠦᠢᠯᠡᠴᠢᠯᠡᠭᠡ ᠬᠠᠩᠭᠠᠵᠤ᠂ ᠰᠢᠷᠠᠮᠦ᠋ᠷᠡᠨ ᠪᠠᠯᠭᠠᠰᠤᠨ ᠤ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ︕ | ᠰᠢᠷᠠᠮᠦ᠋ᠷᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠮᠢᠳᠤ ᠮᠠᠯ ᠬᠤᠳᠠᠯᠳᠤᠨ ᠠᠪᠬᠤ | ᠲᠠᠪᠴᠠᠩ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠮᠠᠯᠴᠢᠳ ᠤᠨ ᠬᠡᠷᠡᠭᠴᠡᠭᠡ ᠳᠤ ᠬᠠᠷᠢᠭᠤ | ᠥᠭᠪᠡ᠃ ᠣᠶᠢᠷ᠎ᠠ ᠶᠢᠨ ᠵᠢᠯ ᠳᠤ᠂ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢᠨ | ᠠᠬᠢᠭᠤᠯᠤᠯᠳᠡ ᠠᠴᠠ ᠪᠣᠯᠵᠣ᠂ ᠮᠠᠯᠴᠢᠳ ᠢ ᠬᠥᠲᠥᠯᠦᠨ ᠵᠢᠯᠣᠭᠤᠳᠴᠤ ᠡᠷᠴᠢᠮᠵᠢᠭᠦᠯᠥᠭᠰᠡᠨ᠂ | ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠬᠡᠯᠪᠡᠷᠢ ᠳᠠᠰᠢ ᠬᠤᠪᠢᠷᠠᠭᠤᠯᠤᠭᠰᠠᠨ ᠪᠣᠯᠪᠠᠴᠤ ᠮᠠᠯᠴᠢᠳ ︽ᠮᠠᠯ | ᠬᠤᠳᠠᠯᠳᠤᠬᠤ ᠳᠤ ᠬᠦᠴᠢᠷ᠂ ᠦᠨ᠎ᠡ ᠬᠠᠩᠰᠢ ᠨᠢ ᠳᠣᠤᠷ᠎ᠠ᠂ ᠲᠡᠭᠡᠭᠡᠪᠦᠷᠢ ᠶᠢᠨ ᠥᠪᠡᠷ ᠤᠨ ᠥᠷᠲᠡᠭ ᠨᠢ ᠥᠨᠳᠥᠷ︾ | ᠪᠠᠶᠢᠬᠤ ᠠᠰᠠᠭᠤᠳᠠᠯ ᠤᠳ ᠢ ᠲᠤᠰᠬᠠᠵᠤ ᠮᠠᠯ ᠠᠵᠤ ᠠᠬᠤᠶ ᠶᠢᠨ ᠬᠥᠭᠵᠢᠯᠲᠡ ᠶᠢ ᠬᠦᠨᠳᠦ ᠨᠣᠴᠢᠲᠠᠶ ᠬᠢᠵᠠᠭᠠᠷᠯᠠᠵᠤ | ᠪᠠᠶᠢᠪᠠ᠃ ᠠᠮᠢᠳᠤ ᠮᠠᠯ ᠬᠤᠳᠠᠯᠳᠤᠨ ᠠᠪᠬᠤ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠨᠢᠭᠡ ᠲᠠᠯ᠎ᠠ ᠪᠠᠷ | ᠪᠣᠷᠣᠯᠠᠭᠤᠯᠭ᠎ᠠ ᠶᠢᠨ ᠪᠣᠭᠤᠮᠢ ᠶᠢ ᠲᠠᠶᠢᠯᠵᠤ᠂ ᠮᠠᠯᠴᠢᠳ ᠤᠨ ᠬᠡᠷᠡᠭᠴᠡᠭᠡ ᠱᠠᠭᠠᠷᠳᠠᠯᠭ᠎ᠠ ᠳᠤ ᠬᠠᠷᠢᠭᠤ ᠥᠭᠴᠦ᠂ | ᠬᠤᠳᠠᠯᠳᠤᠭᠠᠨ ᠤ ᠳᠤᠮᠳᠠᠬᠢ ᠵᠥᠷᠢᠶ᠎ᠡ ᠦᠨ᠎ᠡ ᠶᠢ ᠪᠠᠭᠠᠰᠬᠠᠨ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠡᠯᠪᠡᠯᠵᠡᠯ ᠤᠨ ᠲᠦᠭᠰᠢᠭᠦᠷᠢ ᠶᠢ ᠡᠰᠡᠷᠭᠦᠴᠡᠨ ᠬᠤᠷᠢᠭᠯᠠᠪᠠ᠃ | ᠨᠥᠭᠦᠭᠡ ᠲᠠᠯ᠎ᠠ ᠪᠠᠷ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠬᠠᠩᠭᠠᠨ ᠪᠣᠷᠣᠯᠠᠭᠤᠯᠬᠤ ᠶᠢ ᠨᠢᠭᠡ | ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠪᠣᠬᠢᠷᠲᠤᠯ ᠥᠬᠡᠶ ᠲᠠᠷᠢᠶᠠᠯᠠᠩ ᠮᠠᠯ | ᠠᠵᠤ ᠠᠬᠤᠶ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠮᠠᠯ ᠠᠵᠤ ᠠᠬᠤᠶ ᠶᠢᠨ ᠠᠵᠤ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠪᠠ᠃ | ᠰᠢᠷᠠᠮᠦ᠋ᠷᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠮᠢᠳᠤ ᠮᠠᠯ ᠬᠤᠳᠠᠯᠳᠤᠨ | ᠠᠪᠬᠤ ᠲᠠᠪᠴᠠᠩ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠮᠠᠯᠴᠢᠳ ᠤᠨ ᠣᠷᠣᠯᠭ᠎ᠠ ᠶᠢ | ᠨᠡᠮᠡᠭᠳᠡᠭᠦᠯᠦᠨ ᠠᠷᠠᠳ ᠤᠨ ᠠᠮᠢᠳᠤᠷᠠᠯ ᠳᠤ ᠠᠰᠢᠭ ᠬᠥᠷᠳᠡᠭᠡᠪᠡ᠃ ᠮᠥ ᠯᠠᠶ ᠭᠧ ᠺᠣᠮᠫᠠᠨᠢ ᠭᠠᠵᠠᠷ ᠵᠦᠶ ᠶᠢᠨ | ᠳᠠᠪᠠᠭᠤᠯᠢᠭ ᠪᠠᠶᠢᠷᠢᠯᠠᠯ᠂ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠪᠠ ᠴᠢᠨᠠᠷ ᠰᠠᠶᠢᠲᠠᠶ ᠠᠮᠢᠳᠤ ᠮᠠᠯ ᠤᠨ | ᠠᠷᠠᠯᠵᠢᠶᠠᠨ ᠤ ᠦᠢᠯᠡᠴᠢᠯᠡᠭᠡ ᠪᠠᠨ ᠠᠰᠢᠭᠯᠠᠨ᠂ ᠠᠯᠠᠵᠤ ᠨᠢᠲᠤᠯᠬᠤ ᠠᠵᠤ ᠠᠬᠤᠶᠢᠯᠠᠯ᠂ ᠰᠢᠨ᠎ᠡ ᠰᠣᠷᠭᠤᠭ | ᠢᠳᠡᠭᠡᠨ ᠤ ᠡᠯᠧᠺᠲᠷᠣᠨ ᠬᠤᠳᠠᠯᠳᠤᠭᠠᠨ ᠤ ᠲᠠᠪᠴᠠᠩ ᠲᠠᠢ ᠬᠠᠮᠲᠤᠷᠠᠨ᠂ ᠲᠡᠵᠢᠭᠡᠨ ᠦᠷᠡᠵᠢᠭᠦᠯᠬᠦ - ᠬᠤᠳᠠᠯᠳᠤᠨ | ᠠᠪᠬᠤ - ᠡᠳ᠋ᠰᠢᠭᠦᠯᠬᠦ - ᠪᠣᠷᠣᠯᠠᠭᠤᠯᠬᠤ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠠᠮᠢᠳᠤ ᠮᠠᠯ ᠤᠨ | ᠪᠣᠷᠣᠯᠠᠭᠤᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠠᠵᠤ ᠦᠢᠯᠡᠰ ᠤᠨ ᠦᠷ᠎ᠡ ᠠᠰᠢᠭ ᠢ | ᠨᠡᠮᠡᠭᠳᠡᠭᠦᠯᠬᠦ᠂ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠤᠨ ︽ᠬᠤᠣᠰ ᠢᠯᠡᠯᠳᠡ︾ ᠶᠢᠨ ᠪᠠᠶᠢᠳᠠᠯ ᠨᠢ | ᠬᠥᠳᠡᠭᠡ ᠳᠤᠰᠬᠤᠨ ᠢ ᠬᠥᠭᠵᠢᠭᠦᠯᠥᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠰᠢᠷᠠᠮᠥ᠋ᠷᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ︽ᠬᠤᠶᠠᠷ ᠭᠠᠵᠠᠷ | ᠭᠤᠷᠪᠠᠨ ᠲᠠᠯ᠎ᠠ︾ ᠶᠢᠨ ᠲᠡᠵᠢᠭᠡᠨ ᠦᠷᠡᠵᠢᠭᠦᠯᠬᠦ ᠠᠵᠢᠯ ᠢ ᠲᠠᠰᠤᠷᠠᠯᠲᠠ ᠥᠬᠡᠶ ᠠᠬᠢᠭᠤᠯᠵᠤ᠂ ᠨᠠᠩ ᠣᠯᠠᠨ ᠮᠠᠯᠴᠢᠨ | ᠲᠠᠷᠢᠶᠠᠴᠢᠨ ᠢ ᠳᠠᠶᠢᠴᠢᠯᠠᠨ ︽ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ︾ ᠳᠤᠮᠳᠠ ᠣᠶᠢᠯᠠᠭᠠᠭᠤᠯᠤᠨ | ᠣᠷᠣᠯᠴᠠᠭᠤᠯᠵᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠠᠵᠤ ᠦᠶᠢᠯᠡᠰᠵᠢᠭᠦᠯᠦᠨ ᠡᠵᠡᠩᠨᠡᠬᠦ᠂ ᠨᠠᠷᠠᠲᠤ | ᠲᠡᠮᠳᠡᠭᠵᠢᠭᠦᠯᠦᠨ ᠡᠵᠡᠩᠨᠡᠨ ᠪᠣᠷᠣᠯᠠᠭᠤᠯᠬᠤ ᠶᠢ ᠪᠡᠶᠡᠯᠡᠭᠦᠯᠵᠦ᠂ ᠮᠠᠯᠴᠢᠳ ᠤᠨ ᠲᠡᠵᠢᠭᠡᠨ ᠦᠷᠡᠵᠢᠭᠦᠯᠬᠦ ︽ | ᠪᠠᠶᠠᠵᠢᠯ ᠤᠨ ᠵᠠᠮ︾ ᠢ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ ᠮᠠᠯᠴᠢᠨ ᠤ | ᠳᠠᠭᠤᠤ︾ ᠶᠢ ᠴᠤᠤᠷᠢᠶᠠᠲᠤᠭᠤᠯᠤᠨ᠎ᠠ᠃ | |