ᠠᠵᠤ ᠦᠢᠯᠡᠰ ᠤᠨ ᠬᠥᠭᠵᠢᠯ ᠪᠠᠳᠠᠷᠠᠯ ᠤᠨ ᠬᠦᠴᠦᠷᠬᠡᠭ ᠬᠥᠳᠡᠯᠭᠡᠭᠦᠷ ᠢ ᠨᠣᠴᠣᠭᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠵᠢ‌‍ᠪᠢᠴᠢᠭᠯᠡᠪᠡᠰᠢ ᠾᠧ ᠰᠢᠶᠠᠩ ᠤᠨ ᠴᠢᠶᠠᠨ ᠾᠧ ᠲᠣᠰᠬᠤᠨ ᠤ ᠨᠠᠮ ᠤᠨ ᠡᠭᠦᠷ ᠠᠴᠠ ᠳᠠᠭᠠᠭᠤᠯᠤᠨ ᠡᠷᠬᠢᠯᠡᠭᠰᠡᠨ ᠬᠤᠷᠰᠢᠶ᠎ᠠ ᠲᠠᠪᠤᠬᠤᠪᠤᠭ᠎ᠠ ᠲᠣᠰᠬᠤᠨ ᠤ ᠬᠤᠪᠢ ᠣᠷᠣᠭᠤᠯᠤᠭᠰᠠᠨ ᠶᠡᠭᠡ ᠬᠤᠷᠠᠯ ᠢ ᠠᠮᠵᠢᠯᠲᠠ ᠲᠠᠢ ᠡᠷᠬᠢ᠊
ᠨᠡᠶᠢᠲᠡᠯᠡᠭᠰᠡᠨ ᠴᠠᠭ᠄
2025/3/25
      3 ᠰᠠᠷ᠎ᠠ ᠶᠢᠨ 20 ᠤ ᠡᠳᠦᠷ᠂ ᠲᠠᠪᠤᠬᠤᠪᠤᠭ᠎ᠠ ᠲᠣᠰᠬᠤᠨ ᠬᠦᠷ ᠬᠥᠭᠵᠢᠶᠡᠨ ᠢᠶᠠᠷ ᠪᠢᠯᠬᠠᠵᠤ᠂ ᠲᠣᠰᠬᠤᠨ ᠤ ᠨᠠᠮ ᠤᠨ ᠡᠭᠦᠷ ᠠᠴᠠ ᠳᠠᠭᠠᠭᠤᠯᠤᠨ ᠡᠷᠬᠢᠯᠡᠭᠰᠡᠨ ᠬᠤᠷᠰᠢᠶ᠎ᠠ ᠶᠢᠨ ᠬᠤᠪᠢ ᠣᠷᠣᠭᠤᠯᠤᠯᠲᠠ ᠶᠢᠨ ᠶᠡᠭᠡ ᠬᠤᠷᠠᠯ ᠦᠪᠡᠳᠡᠭᠰᠢ ᠶᠡᠭᠡ ᠪᠠᠷ ᠬᠤᠷᠠᠯᠳᠤᠪᠠ᠂ ᠲᠤᠰ ᠤᠳᠠᠭ᠎ᠠ ᠶᠢᠨ ᠶᠡᠭᠡ ᠬᠤᠷᠠᠯ ᠨᠢ ᠴᠢᠶᠠᠨ ᠾᠧ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠰᠦᠪᠡᠭᠴᠢᠯᠡᠬᠦ ᠵᠠᠮ ᠳᠡᠭᠡᠷ᠎ᠡ ᠵᠠᠩᠭᠢᠯᠠᠭ᠎ᠠ ᠶᠢᠨ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠬᠤ ᠪᠠᠷ ᠪᠠᠷᠠᠬᠤ ᠦᠭᠡᠢ᠂ ᠨᠡᠩ ᠴᠤ ᠲᠣᠰᠬᠤᠨ ᠤ ᠠᠷᠠᠳ ᠤᠨ ᠢᠷᠡᠭᠡᠳᠦᠢ ᠶᠢᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠬᠥᠭᠵᠢᠭᠡᠭᠰᠡᠨ ᠢ ᠬᠠᠷᠠᠭᠤᠯᠵᠤ ᠪᠠᠶᠢᠨ᠎ᠠ᠃      ᠬᠤᠷᠠᠯ ᠳᠡᠭᠡᠷ᠎ᠡ᠂ ᠴᠢᠶᠠᠨ ᠾᠧ ᠲᠣᠰᠬᠤᠨ ᠤ ᠨᠠᠮ ᠤᠨ ᠡᠭᠦᠷ ᠤᠨ ᠱᠦᠵᠢ ᠸᠠᠩ ᠬᠠᠢ ᠵᠢᠶᠦ᠋ᠨ ᠬᠤᠷᠰᠢᠶ᠎ᠠ ᠪᠠᠶᠢᠭᠤᠯᠤᠭᠳᠠᠭᠰᠠᠨ ᠠᠬᠤᠢ ᠪᠠᠶᠢᠳᠠᠯ᠂ ᠠᠴᠢ ᠬᠤᠯᠪᠣᠭᠳᠠᠯ ᠵᠢᠴᠢ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠨ ᠲᠠᠨᠢᠯᠴᠠᠭᠤᠯᠪᠠ᠃ ᠸᠠᠩ ᠬᠠᠢ ᠵᠢᠶᠦ᠋ᠨ ᠢᠯᠡᠳᠭᠡᠭᠰᠡᠨ ᠨᠢ᠂ ᠨᠠᠮ ᠤᠨ ᠡᠭᠦᠷ ᠬᠤᠷᠰᠢᠶ᠎ᠠ ᠶᠢ ᠳᠠᠭᠠᠭᠤᠯᠤᠨ ᠡᠷᠬᠢᠯᠡᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠨᠠᠮ ᠤᠨ ᠡᠭᠦᠷ ᠤᠨ ᠤᠯᠤᠰ ᠲᠦᠷᠦ ᠶᠢᠨ ᠳᠠᠪᠠᠭᠤᠯᠢᠭ ᠪᠠ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠬᠤᠷᠰᠢᠶ᠎ᠠ ᠶᠢᠨ ᠠᠵᠤ ᠠᠬᠤᠢ ᠶᠢᠨ ᠳᠠᠪᠠᠭᠤᠯᠢᠭ ᠲᠠᠢ ᠣᠷᠭᠠᠨᠢᠭ ᠢᠶᠠᠷ ᠤᠶᠠᠯᠳᠤᠭᠤᠯᠬᠤ ᠪᠠᠷ ᠳᠠᠮᠵᠢᠭᠤᠯᠵᠤ᠂ ᠲᠣᠰᠬᠤᠨ ᠤ ᠭᠠᠵᠠᠷ ᠰᠢᠷᠣᠢ᠂ ᠬᠥᠮᠦᠨ ᠤ ᠬᠦᠴᠦᠨ ᠵᠡᠷᠭᠡ ᠡᠬᠢ ᠪᠠᠶᠠᠯᠢᠭ ᠢ ᠪᠦᠲᠦᠮᠵᠢᠲᠡᠢ ᠨᠢᠭᠡᠳᠬᠡᠵᠥ᠂ ᠬᠡᠪᠴᠢᠶᠡᠵᠢᠭᠰᠡᠨ᠂ ᠠᠵᠤ ᠦᠢᠯᠡᠰᠵᠢᠭᠰᠡᠨ ᠡᠵᠡᠩᠨᠡᠯᠲᠡ ᠶᠢ ᠪᠡᠶᠡᠯᠡᠭᠦᠯᠵᠦ᠂ ᠲᠣᠰᠬᠤᠨ ᠤ ᠠᠷᠠᠳ ᠲᠤ ᠦᠨᠡᠨ ᠪᠣᠳᠠᠲᠠᠢ ᠠᠰᠢᠭ ᠬᠦᠷᠲᠡᠭᠡᠵᠦ ᠴᠢᠳᠠᠨ᠎ᠠ ᠭᠡᠵᠡᠢ᠃ ᠡᠭᠦᠨ ᠤ ᠬᠠᠮᠲᠤ ᠪᠠᠰᠠ ᠬᠤᠷᠰᠢᠶ᠎ᠠ ᠶᠢᠨ ᠬᠤᠪᠢ ᠣᠷᠣᠭᠤᠯᠬᠤ ᠲᠥᠷᠥ ᠶᠢᠨ ᠪᠣᠳᠣᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠬᠤᠪᠢ ᠣᠷᠣᠭᠤᠯᠬᠤ ᠠᠷᠭ᠎ᠠ ᠬᠡᠯᠪᠡᠷᠢ᠂ ᠬᠤᠪᠢ ᠣᠷᠣᠭᠤᠯᠤᠭᠰᠠᠨ ᠬᠤᠪᠢᠶᠠᠷᠢᠯᠠᠯᠲᠠ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠠᠭᠤᠯᠭ᠎ᠠ ᠶᠢ ᠪᠠᠭᠲᠠᠭᠠᠭᠰᠠᠨ ᠲᠣᠰᠬᠤᠨ ᠤ ᠠᠷᠠᠳ ᠲᠤ ᠬᠤᠪᠢ ᠣᠷᠣᠭᠤᠯᠬᠤ ᠶᠠᠪᠤᠳᠠᠯ ᠤᠨ ᠲᠤᠬᠠᠶ ᠲᠣᠳᠣᠷᠬᠠᠶ ᠣᠶᠢᠯᠠᠭᠠᠯᠲᠠ ᠲᠠᠢ ᠪᠣᠯᠭᠠᠵᠤ᠂ ᠲᠣᠰᠬᠤᠨ ᠤ ᠠᠷᠠᠳ ᠤᠨ ᠬᠤᠶᠢᠰᠢᠳᠠ ᠶᠢᠨ ᠵᠣᠪᠠᠨᠢᠯ ᠢ ᠠᠷᠢᠯᠭᠠᠪᠠ᠃ᠬᠥᠭᠵᠢᠶᠡᠨᠲᠡᠢ ᠶᠠᠷᠢᠯᠴᠠᠬᠤ ᠶᠠᠪᠤᠴᠠ ᠳᠤ᠂ ᠲᠣᠰᠬᠤᠨ ᠤ ᠠᠷᠠᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠥᠪᠡᠷ ᠤᠨ ᠠᠩᠬᠠᠷᠴᠤ ᠪᠠᠶᠢᠭ᠎ᠠ ᠠᠰᠠᠭᠤᠳᠠᠯ ᠢᠶᠠᠨ ᠳᠤᠷᠠᠳᠴᠠᠢ᠃ ᠵᠠᠷᠢᠮ ᠲᠣᠰᠬᠤᠨ ᠤ ᠠᠷᠠᠳ ᠬᠤᠷᠰᠢᠶ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠬᠤ ᠠᠷᠭ᠎ᠠ ᠵᠠᠮ ᠢ ᠬᠡᠷᠬᠢᠨ ᠪᠠᠲᠤᠯᠠᠬᠤ ᠲᠤᠬᠠᠢ ᠯᠠᠪᠯᠠᠨ ᠠᠰᠠᠭᠤᠵᠤ᠂ ᠵᠠᠷᠢᠮ ᠨᠢ ᠬᠤᠪᠢ ᠣᠷᠣᠭᠤᠯᠤᠭᠰᠠᠨ ᠤ ᠳᠠᠷᠠᠭ᠎ᠠ ᠠᠰᠢᠭ ᠣᠯᠵᠠᠪᠤᠷᠢ ᠨᠢ ᠲᠣᠭᠲᠠᠭᠤᠨ ᠪᠣᠯᠬᠤ ᠡᠰᠡᠬᠦ ᠶᠢ ᠠᠰᠠᠭᠤᠵᠤ᠂ ᠪᠠᠰᠠ ᠵᠠᠷᠢᠮ ᠨᠢ ᠬᠤᠷᠰᠢᠶ᠎ᠠ ᠶᠢᠨ ᠬᠠᠮᠢᠶᠠᠷᠤᠯᠲᠠ ᠶᠢᠨ ᠵᠠᠭᠪᠤᠷ ᠤᠨ ᠲᠤᠬᠠᠶ ᠰᠠᠨᠠᠭᠤᠯᠭ᠎ᠠ ᠳᠤᠷᠠᠳᠴᠠᠶ᠃ ᠲᠣᠰᠬᠤᠨ ᠤ ᠬᠤᠶᠠᠷ ᠵᠥᠪᠯᠡᠯ ᠤᠨ ᠺᠠᠳ᠋ᠷ ᠠᠰᠠᠭᠤᠳᠠᠯ ᠨᠢᠭᠡᠪᠦᠷᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠨᠠᠷᠢᠨ ᠨᠢᠮᠪᠠᠢ᠂ ᠬᠦᠯᠢᠴᠡᠩᠭᠦᠢ ᠬᠠᠷᠢᠭᠤᠯᠲᠠ ᠥᠭᠴᠡᠢ᠃ ︽ᠤᠤᠯ ᠳᠠᠭᠠᠨ ᠪᠢᠳᠡ ᠲᠠᠷᠢᠶ᠎ᠠ ᠲᠠᠷᠢᠬᠤ ᠨᠢ ᠴᠥᠮ ᠭᠠᠭᠴᠠᠭᠠᠷ ᠲᠡᠮᠡᠴᠡᠵᠦ᠂ ᠭᠠᠷᠤᠯᠲᠠ ᠨᠢ ᠳᠣᠣᠷ᠎ᠠ ᠪᠠᠶᠢᠬᠤ ᠪᠠᠷ ᠪᠠᠷᠠᠬᠤ ᠦᠭᠡᠢ᠂ ᠰᠠᠶᠢᠨ ᠦᠨ᠎ᠡ ᠪᠠᠷ ᠬᠤᠳᠠᠯᠳᠤᠵᠤ ᠳᠡᠶᠢᠯᠬᠦ ᠦᠭᠡᠢ᠂ ᠤᠳᠤ ᠨᠠᠮ ᠤᠨ ᠡᠭᠦᠷ ᠨᠢ ᠳᠠᠭᠠᠭᠤᠯᠤᠨ ᠬᠤᠷᠰᠢᠶ᠎ᠠ ᠶᠢ ᠡᠷᠬᠢᠯᠡᠪᠡᠯ ᠪᠢᠳᠡ ᠲᠦᠰᠢᠭ ᠲᠤᠯᠭᠠᠭᠤᠷᠢ ᠲᠠᠢ ᠪᠤᠯᠵᠤ᠂ ᠬᠤᠶᠢᠰᠢᠳᠠ ᠶᠢᠨ ᠠᠮᠢᠳᠤᠷᠠᠯ ᠤᠯᠠᠮ ᠠᠴᠠ ᠤᠯᠠᠮ ᠰᠠᠶᠢᠵᠢᠷᠠᠬᠤ ᠶᠢ ᠢᠲᠡᠭᠡᠵᠦ ᠪᠠᠶᠢᠨ᠎ᠠ︕︾ ᠬᠡᠵᠥ ᠬᠤᠪᠢ ᠣᠷᠣᠭᠤᠯᠤᠭᠰᠠᠨ ᠲᠤᠰᠬᠤᠨ ᠤ ᠠᠷᠠᠳ ᠰᠡᠳᠬᠢᠯ  ᠳᠣᠭᠳᠤᠯᠤᠨ ᠶᠠᠷᠢᠪᠠ᠃      ᠭᠦᠢᠴᠡᠳ ᠣᠶᠢᠯᠠᠭᠠᠯᠴᠠᠭ᠎ᠠ ᠪᠠ ᠰᠣᠯᠢᠯᠴᠠᠭ᠎ᠠ ᠪᠠᠷ ᠳᠠᠮᠵᠢᠨ᠂ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠣᠷᠭᠢᠯ ᠳᠤ ᠪᠠᠨ ᠬᠦᠷᠴᠦ᠂ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠬᠤᠪᠢ ᠣᠷᠣᠭᠤᠯᠬᠤ ᠬᠡᠯᠡᠯᠴᠡᠭᠡᠷ ᠲᠣᠭᠲᠠᠵᠤ᠂ ᠬᠤᠪᠢ ᠣᠷᠣᠭᠤᠯᠤᠭᠰᠠᠨ ᠪᠡᠯᠡ ᠮᠥᠩᠭᠦ ᠪᠠᠨ ᠲᠤᠰᠢᠶᠠᠪᠠ᠃ ᠣᠲᠣ ᠪᠣᠯᠲᠠᠯ᠎ᠠ᠂ ᠨᠡᠶᠢᠲᠡ 46 ᠡᠷᠥᠬᠡ ᠲᠣᠰᠬᠤᠨ ᠤ ᠠᠷᠠᠳ 1967 ᠮᠥ ᠭᠠᠵᠠᠷ ᠰᠢᠷᠣᠶ ᠪᠠᠷ ᠬᠤᠪᠢ ᠣᠷᠣᠭᠤᠯᠵᠤ᠂ ᠪᠡᠯᠡᠨ ᠵᠣᠭᠤᠰ ᠢᠶᠠᠷ ᠬᠤᠪᠢ ᠣᠷᠣᠭᠤᠯᠤᠭᠰᠠᠨ ᠨᠢ 9 ᠲᠦᠮᠡ ᠭᠠᠷᠤᠶ ᠲᠥᠭᠦᠷᠢᠭ ᠲᠤ ᠬᠦᠷᠴᠦ᠂ ᠬᠤᠪᠢ ᠣᠷᠣᠭᠤᠯᠤᠭᠰᠠᠨ ᠨᠢ ᠪᠠᠰᠠ ᠦᠷᠭᠦᠯᠵᠢᠯᠡᠨ ᠶᠠᠪᠤᠭᠳᠠᠵᠤ᠂ ᠬᠤᠷᠰᠢᠶ᠎ᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃      ᠲᠣᠰ ᠤᠳᠠᠭᠠᠨ ᠤ ᠬᠤᠪᠢ ᠣᠷᠣᠭᠤᠯᠤᠭᠰᠠᠨ ᠶᠡᠭᠡ ᠬᠤᠷᠠᠯ ᠢ ᠠᠮᠵᠢᠯᠲᠠ ᠲᠠᠢ ᠡᠷᠬᠢᠯᠡᠭᠰᠡᠨ ᠨᠢ ᠴᠢᠶᠠᠨ ᠾᠧ ᠲᠣᠰᠬᠤᠨ ᠤ ᠨᠠᠮ ᠤᠨ ᠡᠭᠦᠷ ᠠᠴᠠ ᠳᠠᠭᠠᠭᠤᠯᠤᠨ ᠡᠷᠬᠢᠯᠡᠭᠰᠡᠨ ᠬᠤᠷᠰᠢᠶ᠎ᠠ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠴᠢᠶᠠᠨ ᠾᠧ ᠲᠣᠰᠬᠤᠨ ᠤ ᠨᠠᠮ ᠤᠨ ᠡᠭᠦᠷ ᠠᠴᠠ ᠳᠠᠭᠠᠭᠤᠯᠤᠨ ᠡᠷᠬᠢᠯᠡᠭᠰᠡᠨ ᠬᠤᠷᠰᠢᠶ᠎ᠠ ᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠠᠰᠤᠷᠠᠯᠲᠠ ᠦᠭᠡᠢ ᠰᠦᠪᠡᠭᠴᠢᠯᠡᠨ ᠰᠢᠨ᠎ᠡ ᠶᠢ ᠡᠭᠦᠳᠴᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠣᠷᠣᠨ ᠨᠤᠲᠤᠭ ᠤᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠳᠥ ᠲᠡᠮᠳᠡᠭᠳᠥ ᠶᠢ ᠡᠭᠦᠳᠬᠦ ᠪᠣᠯᠤᠨ᠎ᠠ᠃ ᠡᠭᠦᠨ ᠤ ᠬᠠᠮᠲᠤ᠂ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠥᠷᠭᠡᠳᠬᠡᠵᠦ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠤᠯᠠᠨ ᠡᠰᠢᠴᠢᠯᠡᠭᠰᠡᠨ ᠠᠵᠤ ᠦᠢᠯᠡᠰ ᠢ ᠬᠥᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠵᠦ᠂ ᠲᠣᠰᠬᠤᠨ ᠤ ᠠᠷᠠᠳ ᠲᠤ ᠨᠡᠩ ᠤᠯᠠᠨ ᠠᠵᠢᠯ ᠣᠯᠭᠤᠯᠲᠠ ᠶᠢᠨ ᠠᠵᠠ ᠲᠣᠬᠢᠶᠠᠯ ᠪᠣᠯᠤᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠤᠯᠠᠨ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠵᠦ᠂ ᠨᠡᠩ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号