ᠵᠢᠶᠠ ᠪᠦᠦ ᠯᠢᠶᠠᠩ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/25
      3 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠡᠬᠦᠰᠦᠳᠦᠷᠦᠭᠴᠢ ᠦᠬᠡᠢ ᠬᠦᠷᠢᠶᠡᠯᠡᠩ ᠲᠣᠭᠤᠷᠢᠭ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠵᠢᠴᠢ ᠵᠡᠭᠦᠨ ᠠᠮᠬᠠᠤᠰᠤ ᠲᠣᠰᠬᠤᠨ ᠳᠤ ᠬᠦᠷᠴᠦ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ᠂ ᠬᠤᠰᠢᠭᠤᠨ ᠤ ᠤᠳᠤᠷᠢᠳᠤᠯᠭ᠎ᠠ ᠴᠠᠩ ᠬᠤᠩ᠂ ᠯᠢᠦ ᠰᠢ ᠴᠧᠨ᠂ ᠰᠦᠨ ᠿᠢ ᠴᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠡᠬᠦᠰᠦᠳᠦᠷᠦᠭᠴᠢ ᠦᠬᠡᠢ ᠬᠦᠷᠢᠶᠡᠯᠡᠩ ᠲᠣᠭᠤᠷᠢᠭ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠳᠤ᠂ ᠵᠢᠶᠠ ᠪᠦᠦ ᠯᠢᠶᠠᠩ ᠬᠠᠷ᠎ᠠ ᠣᠪᠣᠭ᠎ᠠ ᠲᠡᠮᠦᠷ ᠤᠨ ᠠᠭᠤᠷᠬᠠᠢ ᠶᠢᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ︵  ᠨᠦᠬᠡ  ᠶᠢ ᠪᠦᠭᠯᠡᠬᠦ︶ ᠲᠠᠯᠠᠪᠠᠢ ᠳᠤ ᠬᠦᠷᠴᠦ ᠬᠠᠶᠠᠭᠳᠠᠮᠠᠯ ᠴᠢᠯᠠᠭᠤ ᠬᠠᠶᠠᠭᠳᠠᠮᠠᠯ ᠰᠢᠭᠠᠷᠤ ᠰᠢᠷᠤᠢ ᠶᠢᠨ ᠲᠠᠯᠠᠪᠠᠢ᠂  ᠰᠢᠨ᠎ᠡ ᠲᠠᠷᠬᠠᠨ ᠮᠤᠤᠮᠢᠩᠭᠠᠨ ᠬᠤᠪᠣᠷ ᠰᠢᠷᠣᠢ ᠶᠢᠨ ᠺᠣᠮᠫᠠᠨᠢ᠂ ᠲᠦᠩ ᠸᠧᠢ ᠶᠢᠨ ᠲᠦᠷ ᠴᠠᠭ ᠤᠨ ᠠᠮᠢᠳᠤᠷᠠᠯ ᠤᠨ ᠬᠤᠭ ᠨᠣᠪᠰᠢ ᠬᠠᠳᠠᠭᠠᠯᠠᠬᠤ ᠭᠠᠵᠠᠷ ᠵᠢᠴᠢ ᠬᠦᠷᠢᠶᠡᠯᠡᠩ ᠲᠣᠭᠤᠷᠢᠭ ᠤᠨ ᠰᠢᠭᠠᠷᠤ ᠶᠢᠨ ᠲᠠᠯᠠᠪᠠᠢ ᠳᠤ ᠬᠦᠷᠴᠦ᠂ ᠪᠠᠷᠢᠯᠭ᠎ᠠ ᠶᠢᠨ ᠠᠵᠢᠯ ᠤᠨ ᠲᠦᠷᠦᠯ ᠵᠦᠢᠯ ᠤᠨ ᠪᠠᠶᠢᠳᠠᠯ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠠᠶᠢᠳᠠᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠪᠠᠶᠢᠳᠠᠯ ᠢ ᠭᠦᠨᠵᠡᠭᠡᠢ ᠣᠶᠢᠯᠠᠭᠠᠵᠤ᠂ ︽ᠨᠤᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠠᠶᠢᠭᠠᠯᠢ ᠶᠢᠨ ᠠᠮᠢ ᠠᠬᠤᠢ ᠶᠢᠨ ᠰᠡᠷᠭᠦᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠠᠵᠢᠯᠯᠠᠭ᠎ᠠ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠰᠤᠯᠠ ᠪᠠᠶᠢᠬᠤ ᠡᠬᠢ ᠪᠠᠶᠠᠯᠢᠭ ᠢ ᠡᠮᠬᠢᠯᠡᠵᠦ᠂ ᠬᠠᠷ᠎ᠠ ᠤᠪᠤᠭ᠎ᠠ ᠠᠭᠤᠷᠬᠠᠶ ᠶᠢᠨ ᠨᠦᠬᠡ ᠶᠢ ᠵᠠᠰᠠᠨ ᠰᠡᠷᠭᠦᠭᠡᠬᠦ ᠢᠨᠵᠧᠨᠧᠷᠢᠩ ᠢ ᠲᠦᠷᠭᠡᠳᠬᠡᠵᠦ᠂ ᠠᠭᠤᠷᠬᠠᠶ ᠶᠢᠨ ᠨᠦᠬᠡ ᠶᠢᠨ ᠡᠷᠬᠢᠨ ᠲᠣᠭᠤᠷᠢᠨ ᠤ ᠭᠠᠵᠠᠷ ᠰᠢᠷᠣᠶ ᠵᠡᠷᠭᠡ ᠰᠤᠯᠠ ᠪᠠᠶᠢᠬᠤ ᠡᠬᠢ ᠪᠠᠶᠠᠯᠢᠭ ᠢ ᠰᠤᠳᠤᠯᠤᠨ ᠠᠮᠢᠯᠠᠭᠤᠯᠵᠤ᠂  ᠰᠢᠨ᠎ᠡ ᠲᠠᠷᠬᠠᠨ ᠮᠤᠤᠮᠢᠩᠭᠠᠨ ᠬᠤᠪᠣᠷ ᠰᠢᠷᠣᠶ ᠶᠢᠨ ᠬᠠᠮᠢᠶ᠎ᠠ ᠪᠥᠬᠦᠶ ᠶᠠᠪᠤᠴᠠ ᠶᠢ ᠲᠦᠷᠭᠡᠳᠬᠡᠨ ᠠᠬᠢᠭᠤᠯᠵᠤ᠂  ᠰᠢᠨ᠎ᠡ ᠲᠠᠷᠬᠠᠨ ᠮᠤᠤᠮᠢᠩᠭᠠᠨ ᠬᠤᠪᠣᠷ ᠰᠢᠷᠣᠶ ᠵᠢᠴᠢ ᠣᠶᠢᠷ᠎ᠠ ᠬᠠᠪᠢ ᠳᠤ ᠣᠷᠣᠰᠢᠵᠤ ᠪᠠᠶᠢᠭ᠎ᠠ ᠰᠤᠯᠠ ᠪᠠᠶᠢᠬᠤ ᠭᠠᠵᠠᠷ ᠰᠢᠷᠣᠶ ᠶᠢᠨ ᠡᠬᠢ ᠪᠠᠶᠠᠯᠢᠭ ᠢ ᠡᠮᠬᠢᠯᠡᠨ ᠠᠮᠢᠳᠤᠯᠢᠭ ᠪᠣᠯᠭᠠᠬᠤ ᠬᠡᠷᠡᠭᠲᠡᠶ᠃      ᠵᠡᠭᠦᠨ ᠠᠮᠬᠠᠤᠰᠤ ᠲᠣᠰᠬᠤᠨ ᠳᠤ᠂ ᠵᠢᠶᠠ ᠪᠦᠦ ᠯᠢᠶᠠᠩ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠯᠪᠣᠭᠠᠨ ᠤ ᠡᠳ᠋ ᠪᠣᠳᠠᠰ ᠨᠥᠭᠡᠴᠡᠯᠡᠬᠦ ᠴᠡᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯᠲᠡ ᠬᠠᠩᠭᠠᠯᠭ᠎ᠠ ᠵᠢᠴᠢ ᠪᠣᠷᠣᠯᠠᠭᠤᠯᠭ᠎ᠠ ᠶᠢᠨ ᠦᠨ᠎ᠡ ᠬᠠᠩᠰᠢ ᠵᠡᠷᠭᠡ ᠪᠠᠶᠢᠳᠠᠯ ᠢ ᠨᠠᠷᠢᠨ ᠠᠰᠠᠭᠤᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠢᠨ ᠬᠠᠩᠭᠠᠨ ᠪᠣᠷᠣᠯᠠᠭᠤᠯᠬᠤ ᠬᠤᠷᠰᠢᠶ᠎ᠠ ᠲᠠᠢ ᠬᠠᠷᠢᠯᠴᠠᠨ ᠤᠶᠠᠯᠳᠤᠨ ᠬᠠᠮᠲᠤᠷᠠᠯᠴᠠᠬᠤ ᠪᠠᠨ ᠴᠢᠩᠭᠠᠳᠬᠠᠵᠤ᠂ ᠨᠢᠭᠡᠳᠦᠯᠳᠠᠢ ᠲᠠᠷᠢᠵᠤ ᠨᠢᠭᠡᠳᠦᠯᠳᠠᠢ ᠲᠡᠵᠢᠬᠡᠬᠦ ᠠᠵᠢᠯ ᠲᠠᠢ ᠤᠶᠠᠯᠳᠤᠭᠤᠯᠤᠨ ᠂ ᠲᠥᠷᠥᠯ ᠵᠦᠢᠯ᠂ ᠡᠬᠢ ᠪᠠᠶᠠᠯᠢᠭ᠂ ᠵᠠᠬ᠎ᠠ ᠳᠡᠯᠭᠡᠭᠦᠷ ᠢ ᠡᠮᠬᠢᠯᠡᠨ ᠨᠡᠶᠢᠯᠡᠭᠦᠯᠵᠦ᠂ ᠪᠥᠬᠦ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠬᠠᠳᠠᠭᠠᠯᠠᠵᠤ ᠪᠣᠷᠣᠯᠠᠭᠤᠯᠬᠤ ᠡᠯ᠎ᠡ ᠭᠤᠭᠴᠤᠭ᠎ᠠ ᠶᠢ ᠨᠢᠭᠡᠳᠦᠯᠲᠡᠶ ᠲᠥᠯᠥᠪᠯᠡᠨ᠂ ᠲᠠᠷᠢᠮᠠᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠲᠠᠷᠢᠶᠠᠯᠠᠩ ᠤᠨ ᠲᠠᠷᠢᠮᠠᠯ ᠤᠨ ᠮᠠᠰᠢᠨᠴᠢᠯᠠᠯᠲᠠ᠂ ᠬᠡᠪᠴᠢᠶᠡᠵᠢᠯᠲᠡ᠂ ᠠᠮᠢ ᠠᠬᠤᠶ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠠᠶᠤᠯ ᠲᠦᠭᠰᠢᠭᠦᠷᠢ ᠳᠤ ᠦᠨᠳᠦᠰᠦᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号