ᠭᠤᠴᠢᠨ ᠭᠤᠷᠪᠠᠳᠤᠭᠠᠷ ᠬᠤᠭᠤᠴᠠᠭᠠᠨ ᠤ ︽ᠳᠡᠯᠡᠬᠡᠶ ᠶᠢᠨ ᠤᠰᠤᠨ ᠤ ᠡᠳᠦᠷ︾᠂ ᠭᠤᠴᠢᠨ ᠨᠠᠢᠮᠠᠳᠤᠭᠠᠷ | ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠬᠦᠷᠴᠦ ᠢᠷᠡᠬᠦ ᠲᠠᠰᠢᠷᠠᠮ ᠢᠶᠠᠷ᠂ 3 ᠰᠠᠷ᠎ᠠ ᠶᠢᠨ | 21 ᠤ ᠡᠳᠦᠷ᠂ ᠤᠰᠤᠨ ᠤ ᠶᠠᠪᠤᠳᠠᠯ ᠤᠨ ᠲᠥᠪ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠵᠤ ᠣᠯᠠᠨ | ᠶᠠᠩᠵᠤ ᠶᠢᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠪᠠ᠃ | ᠡᠨᠡ ᠵᠢᠯ ᠤᠨ ︽ᠳᠡᠯᠡᠬᠡᠶ ᠶᠢᠨ ᠤᠰᠤᠨ ᠤ ᠡᠳᠦᠷ︾ ᠤᠨ ᠭᠤᠤᠯ ᠰᠡᠳᠦᠪ ︽ᠮᠥᠰᠥᠨ ᠭᠤᠤᠯ ᠤᠨ | ᠬᠠᠮᠠᠭᠠᠯᠠᠯᠲᠠ︾᠂ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠭᠤᠤᠯ ᠰᠡᠳᠦᠪ ︽ᠤᠰᠤᠨ | ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠤᠰᠤᠨ ᠤ ᠠᠮᠤᠷ | ᠲᠦᠪᠰᠢᠨ ᠢ ᠪᠠᠳᠤᠯᠠᠬᠤ︾ ᠭᠡᠬᠦ ᠬᠤᠶᠠᠷ ᠭᠤᠤᠯ ᠰᠡᠳᠦᠪ ᠤᠨ ᠲᠣᠭᠤᠷᠢᠨ ᠳᠤ ᠤᠰᠤᠨ ᠤ ᠠᠮᠤᠷ ᠲᠦᠪᠰᠢᠨ ᠤ | ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ | ᠡᠯᠭᠦᠬᠦ ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠸᠢᠴᠠᠲ ᠤᠨ ᠨᠡᠶᠢᠲᠡ ᠶᠢᠨ ᠳ᠋ᠤᠭᠠᠷ ᠲᠤ ︽︿ᠳᠡᠯᠡᠬᠡᠶ ᠶᠢᠨ | ᠤᠰᠤᠨ ᠤ ᠡᠳᠦᠷ﹀ ︿ᠳᠤᠮᠳᠠᠳᠤ ᠤᠯᠤᠰ ᠤᠨ ᠤᠰᠤᠨ ᠤ ᠭᠠᠷᠠᠭ﹀ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠤᠰᠤᠨ ᠤ ᠶᠠᠪᠤᠳᠠᠯ ᠤᠨ ᠠᠵᠢᠯᠯᠠᠭ᠎ᠠ︾ ᠶᠢᠨ ᠤᠬᠠᠭᠤᠯᠭ᠎ᠠ ᠶᠢᠨ ᠸᠢᠳᠢᠣ᠋ ᠨᠡᠶᠢᠳᠡᠯᠡᠬᠦ ᠵᠡᠷᠭᠡ ᠠᠷᠭ᠎ᠠ | ᠮᠠᠶ᠋ᠢᠭ ᠢᠶᠠᠷ ᠲᠠᠮᠵᠢᠭᠤᠯᠤᠨ᠂ ᠤᠯᠤᠰ ᠤᠨ ᠤᠰᠤ ᠠᠷᠪᠢᠯᠠᠬᠤ ᠠᠵᠢᠯᠯᠠᠭ᠎ᠠ᠂ ᠤᠰᠤᠨ ᠤ ᠡᠬᠢ ᠪᠠᠶᠠᠯᠢᠭ ᠤᠨ | ᠬᠠᠮᠤᠭ ᠤᠨ ᠴᠢᠩᠭ᠎ᠠ ᠲᠦᠷᠢᠮ᠂ ᠭᠤᠤᠯ ᠤᠨ ᠳᠠᠷᠤᠭ᠎ᠠ ︵ᠨᠠᠭᠤᠷ ᠤᠨ ᠳᠠᠷᠤᠭ᠎ᠠ︶ ᠶᠢᠨ ᠲᠦᠷᠢᠮ᠂ ᠬᠥᠷᠥᠰᠥ | ᠰᠢᠷᠣᠶ ᠶᠢ ᠬᠠᠮᠠᠭᠠᠯᠠᠬᠤ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ᠂ ᠤᠰᠤᠨ | ᠴᠥᠭᠦᠷᠥᠮ ᠤᠨ ᠠᠮᠢ ᠠᠬᠤᠶ ᠶᠢ ᠬᠠᠮᠠᠭᠠᠯᠠᠬᠤ᠂ ᠤᠰᠤᠨ ᠤ ᠠᠮᠢ ᠠᠬᠤᠶ ᠶᠢ ᠰᠡᠷᠭᠦᠭᠡᠬᠦ ᠪᠠ ᠤᠰᠤᠨ ᠤ ᠶᠠᠪᠤᠳᠠᠯ ᠤᠨ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠤᠬᠠᠭᠤᠯᠵᠤ᠂ ᠪᠥᠬᠦ | ᠨᠡᠶᠢᠭᠡᠮ ᠢᠶᠠᠷ ᠢᠶᠠᠨ ᠤᠰᠤ ᠠᠷᠪᠢᠯᠠᠵᠤ ᠤᠰᠤ ᠶᠢ ᠬᠠᠮᠠᠭᠠᠯᠠᠬᠤ ᠤᠰᠤ ᠶᠢ ᠬᠠᠶᠢᠷᠠᠯᠠᠬᠤ ᠶᠢ ᠤᠬᠠᠭᠤᠯᠵᠤ᠂ ᠵᠣᠯ | ᠵᠢᠷᠭᠠᠯᠲᠤ ᠭᠤᠤᠯ ᠮᠥᠷᠡᠨ ᠨᠠᠭᠤᠷ ᠴᠥᠭᠦᠷᠥᠮ ᠢ ᠪᠥᠲᠥᠭᠡᠨ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠬᠤ ᠶᠢ ᠰᠠᠨᠠᠭᠠᠴᠢᠯᠠᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠳᠤ ᠤᠰᠤᠨ ᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠰᠢᠨ᠎ᠡ | ᠬᠠᠭᠤᠳᠠᠰᠤ ᠶᠢ ᠪᠢᠴᠢᠭᠯᠡᠪᠡ᠃ |