ᠤᠷᠢᠬᠠᠨ ᠬᠠᠪᠤᠷ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠢᠷᠠᠭᠤ ᠠᠯᠳᠠᠷ ᠤᠨ ᠬᠦᠷᠢᠶᠡᠯᠡᠩ | ᠂ ᠨᠡᠷᠡᠨ ᠤ ᠭᠡᠷᠡᠯ ᠬᠦᠷᠢᠶ᠎ᠡ ᠳᠦᠭᠦᠷᠡᠩ ᠳᠣᠰᠴᠤ᠂ ᠬᠡᠳᠦᠨ ᠨᠠᠰᠤᠲᠠᠨ ᠨᠠᠷᠠᠨ ᠳᠤ ᠪᠡᠶ᠎ᠡ ᠪᠠᠨ ᠡᠭᠡᠭᠡᠵᠥ | ᠲᠠᠭᠠᠲᠠᠶᠢᠬᠠᠨ ᠰᠠᠭᠤᠵᠤ ᠪᠠᠶᠢᠯ᠎ᠠ᠃ ᠣᠶᠢᠷ᠎ᠠ ᠳᠤ᠂ ᠠᠳᠡ ᠨᠢᠭᠡᠨ ᠣᠨᠴᠠᠭᠠᠢ ᠣᠷᠣᠵᠤ ᠰᠠᠭᠤᠭᠰᠠᠨ | ᠬᠥᠮᠦᠨ—— 77 ᠨᠠᠰᠤᠲᠠᠢ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠵᠠᠩ ᠳ᠋ᠦᠩ ᠢ ᠤᠭᠲᠤᠨ | ᠠᠪᠴᠠᠢ᠃ ᠲᠡᠭᠦᠨ ᠤ ᠬᠦᠷᠴᠦ ᠢᠷᠡᠭᠰᠡᠨ ᠨᠢ ᠢᠷᠠᠭᠤ ᠠᠯᠳᠠᠷ ᠤᠨ ᠬᠦᠷᠢᠶᠡᠯᠡᠩ ᠳᠤ ᠨᠢᠭᠡ ᠬᠤᠪᠢ ᠢᠷᠠᠭᠤ ᠠᠯᠳᠠᠷ | ᠣᠯᠭᠤᠭᠰᠠᠨ ᠢᠶᠠᠷ ᠪᠠᠷᠠᠬᠤ ᠦᠭᠡᠢ᠂ ᠨᠡᠩ ᠴᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ | ᠬᠠᠯᠠᠭᠳᠠᠭᠰᠠᠨ ᠠᠬᠠᠮᠠᠳ ᠴᠡᠷᠢᠭ ᠤᠨ ᠨᠡᠶᠢᠭᠡᠮ ᠤᠨ ᠡᠷᠬᠡ ᠠᠰᠢᠭ ᠢ ᠪᠠᠲᠤᠯᠠᠬᠤ ᠲᠠᠯ᠎ᠠ ᠪᠠᠷ ᠬᠢ ᠴᠥᠬᠦᠷᠡᠰᠢ ᠦᠭᠡᠢ | ᠴᠢᠷᠮᠠᠶᠢᠯᠭ᠎ᠠ ᠶᠢ ᠲᠤᠰᠬᠠᠪᠠ᠃ | ᠢᠷᠠᠭᠤ ᠠᠯᠳᠠᠷ ᠤᠨ ᠬᠦᠷᠢᠶᠡᠯᠡᠩ ᠳᠤ᠂ ᠵᠠᠩ ᠨᠠᠰᠤᠲᠠᠨ ᠠᠭᠤᠳᠠᠮ ᠰᠠᠷᠠᠭᠤᠯ ᠥᠷᠥᠭᠡᠨ ᠳᠤ | ᠰᠠᠭᠤᠭᠰᠠᠨ ᠢᠶᠠᠷ ᠪᠠᠷᠠᠬᠤ ᠥᠬᠡᠶ᠂ ᠪᠠᠰᠠ ᠰᠢᠮ᠎ᠡ ᠲᠡᠵᠢᠭᠡᠯ ᠲᠡᠩᠴᠡᠭᠦᠷᠢᠲᠡᠶ ᠬᠤᠭᠤᠯᠠ ᠪᠠ ᠲᠤᠰᠬᠠᠶ ᠮᠡᠷᠭᠡᠵᠢᠯ ᠤᠨ | ᠡᠮ ᠡᠮᠨᠡᠯᠭᠡ ᠶᠢᠨ ᠦᠢᠯᠡᠴᠢᠯᠡᠭᠡ ᠬᠥᠷᠳᠡᠵᠥ᠂ ᠰᠤᠪᠢᠯᠠᠭᠴᠢ 24 ᠴᠠᠭ ᠢᠶᠠᠷ ᠵᠢᠵᠢᠭᠦᠷᠯᠡᠵᠦ᠂ ᠨᠠᠰᠤᠲᠠᠨ ᠤ | ᠪᠡᠶ᠎ᠡ ᠶᠢᠨ ᠪᠠᠶᠢᠳᠠᠯ ᠢ ᠴᠠᠭ ᠢᠮᠠᠭᠲᠠ ᠠᠩᠬᠠᠷᠴᠤ ᠪᠠᠶᠢᠪᠠ᠃ ᠠᠳᠡ ᠠᠮᠢᠳᠤᠷᠠᠵᠤ ᠪᠠᠶᠢᠬᠤ ᠲᠤᠬᠠᠢ ᠵᠠᠩ ᠨᠠᠰᠤᠲᠠᠨ | ᠥᠪᠡᠷ ᠤᠨ ᠡᠷᠬᠡ ᠦᠭᠡᠢ ᠨᠢᠯᠪᠤᠰᠤ ᠠᠰᠬᠠᠷᠠᠭᠤᠯᠤᠭᠰᠠᠭᠠᠷ᠄ ︽ᠠᠳᠡ ᠭᠡᠷ ᠲᠤ ᠪᠠᠨ ᠪᠠᠶᠢᠬᠤ ᠰᠢᠭ᠋ ᠬᠠᠯᠠᠭᠤᠨ | ᠳᠤᠯᠠᠭᠠᠨ ᠪᠠᠶᠢᠵᠤ᠂ ᠠᠵᠢᠯᠲᠠᠳ ᠴᠤ ᠮᠠᠰᠢ ᠳᠣᠲᠣᠨᠣ᠂ ᠠᠳᠡ ᠠᠮᠢᠳᠤᠷᠠᠬᠤ ᠳᠤ ᠪᠢ ᠮᠠᠰᠢ ᠪᠠᠶᠠᠷ ᠬᠥᠷ ᠲᠠᠢ | ᠪᠥᠭᠡᠳ ᠮᠠᠰᠢ ᠵᠣᠯ ᠵᠢᠷᠭᠠᠯ ᠲᠠᠢ ᠰᠠᠨᠠᠭᠳᠠᠵᠤ ᠪᠠᠶᠢᠨ᠎ᠠ︾ ᠭᠡᠵᠦ ᠭᠦᠨ ᠰᠡᠳᠬᠢᠯᠭᠡ ᠲᠠᠢ ᠪᠠᠷ ᠬᠡᠯᠡᠪᠡ᠃ ᠡᠨᠡ ᠬᠦ | ᠰᠡᠳᠬᠢᠯ ᠵᠢᠷᠦᠬᠡᠨ ᠤ ᠦᠭᠡ ᠨᠢ ᠪᠤᠢ ᠪᠦᠬᠦᠢ ᠣᠷᠣᠵᠤ ᠰᠠᠭᠤᠭᠰᠠᠨ ᠨᠠᠰᠤᠲᠠᠶᠢᠴᠤᠳ ᠤᠨ ᠰᠡᠳᠬᠢᠯ ᠤᠨ ᠭᠦᠨ ᠳᠠᠬᠢ | ᠬᠠᠮᠲᠤ ᠶᠢᠨ ᠲᠤᠰᠬᠠᠯ ᠪᠠ ᠲᠠᠯᠠᠷᠬᠠᠯ ᠢ ᠢᠯᠡᠳᠬᠡᠵᠡᠢ᠃ ᠵᠠᠩ ᠨᠠᠰᠤᠲᠠᠨ ᠰᠢᠭ᠋ ᠡᠶᠢᠮᠦ ᠴᠡᠷᠢᠭ ᠠᠴᠠ | ᠬᠠᠯᠠᠭᠳᠠᠭᠰᠠᠳ ᠲᠤ ᠠᠪᠴᠤ ᠬᠡᠯᠡᠪᠡᠯ᠂ ᠢᠷᠠᠭᠤ ᠠᠯᠳᠠᠷ ᠤᠨ ᠬᠦᠷᠢᠶᠡᠯᠡᠩ ᠨᠢ ᠥᠲᠡᠯᠦᠭᠡ ᠨᠠᠰᠤ ᠪᠠᠨ ᠪᠠᠶᠠᠷ | ᠵᠢᠷᠭᠠᠯ ᠲᠠᠢ ᠥᠩᠭᠡᠷᠡᠭᠦᠯᠬᠦ ᠣᠷᠣᠨ ᠰᠠᠭᠤᠴᠠ ᠪᠣᠯᠬᠤ ᠪᠠᠷ ᠪᠠᠷᠠᠬᠤ ᠦᠭᠡᠢ᠂ ᠨᠡᠩ ᠴᠤ ᠢᠷᠠᠭᠤ ᠠᠯᠳᠠᠷ᠂ | ᠳᠤᠷᠠᠳᠬᠠᠯ ᠪᠠ ᠬᠠᠷᠢᠶᠠᠯᠠᠭᠳᠠᠬᠤ ᠰᠡᠳᠬᠢᠯᠭᠡ ᠶᠢ ᠠᠴᠢᠶᠠᠯᠠᠵᠤ ᠪᠠᠶᠢᠭ᠎ᠠ ᠤᠶᠤᠨ ᠰᠠᠨᠠᠭᠠᠨ ᠤ ᠭᠡᠷ ᠣᠷᠣᠨ ᠪᠣᠯᠤᠨ᠎ᠠ᠃ | | | | ᠵᠠᠩ ᠡᠪᠦᠭᠡ ᠶᠢᠨ ᠣᠷᠣᠵᠤ ᠰᠠᠭᠤᠭᠰᠠᠨ ᠶᠠᠪᠤᠳᠠᠯ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠪᠠᠭ᠎ᠠ ᠣᠩᠭᠤᠨ ᠰᠢᠶᠠᠩ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠠᠷᠢᠨ ᠨᠢᠮᠪᠠᠶ | ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠭᠠᠷᠭᠠᠭᠰᠠᠨ ᠬᠠᠯᠠᠭᠤᠨ ᠳᠤᠯᠠᠭᠠᠨ ᠲᠣᠬᠢᠷᠠᠭᠤᠯᠤᠯᠲᠠ ᠪᠣᠯᠤᠨ᠎ᠠ᠃ | ᠠᠵᠢᠯᠲᠠᠳ ᠲᠡᠭᠦᠨ ᠤ ᠭᠡᠷ ᠪᠦᠯᠢ ᠪᠠᠷ ᠣᠯᠠᠨᠲᠠ ᠰᠤᠷᠪᠤᠯᠵᠢᠯᠠᠵᠤ᠂ ᠲᠡᠭᠦᠨ ᠤ ᠠᠮᠢᠳᠤᠷᠠᠯ ᠤᠨ ᠪᠠᠶᠢᠳᠠᠯ ᠪᠣᠯᠤᠨ | ᠪᠣᠳᠠᠲᠠᠢ ᠬᠡᠷᠡᠭᠴᠡᠭᠡ ᠶᠢ ᠨᠠᠷᠢᠨ ᠣᠶᠢᠯᠠᠭᠠᠵᠤ᠂ ᠵᠠᠩ ᠡᠪᠦᠭᠡ ᠶᠢᠨ ᠨᠠᠰᠤ ᠵᠢᠯ ᠥᠨᠳᠥᠷ᠂ ᠭᠠᠭᠴᠠᠭᠠᠷ ᠠᠮᠢᠳᠣᠷᠠᠵᠤ | ᠰᠠᠭᠤᠬᠤ ᠳᠤ ᠳᠥᠭᠦᠮ ᠦᠭᠡᠢ ᠪᠠᠶᠢᠬᠤ ᠶᠢ ᠪᠣᠳᠣᠯᠬᠢᠯᠠᠵᠤ᠂ ᠢᠷᠠᠭᠤ ᠠᠯᠳᠠᠷ ᠤᠨ ᠬᠦᠷᠢᠶᠡᠯᠡᠩ ᠠᠴᠠ ᠲᠡᠭᠦᠨ ᠳᠤ | ᠲᠥᠬᠦᠭᠡᠷᠦᠮᠵᠢ ᠪᠦᠷᠢᠨ ᠲᠡᠭᠦᠯᠳᠡᠷ ᠣᠷᠣᠨ ᠰᠠᠭᠤᠴᠠ ᠬᠠᠩᠭᠠᠵᠤ᠂ ᠲᠤᠰᠬᠠᠢ ᠮᠡᠷᠭᠡᠵᠢᠯ ᠤᠨ ᠰᠤᠪᠢᠯᠠᠭᠴᠢ ᠶᠢ | ᠲᠤᠬᠢᠷᠠᠭᠤᠯᠵᠤ᠂ ᠲᠡᠭᠦᠨ ᠤ ᠢᠷᠠᠭᠤ ᠠᠯᠳᠠᠷ ᠤᠨ ᠬᠦᠷᠢᠶᠡᠯᠡᠩ ᠳᠤ ᠥᠲᠡᠯᠪᠡᠯ ᠠᠰᠠᠷᠠᠮᠵᠢ ᠲᠠᠢ᠂ ᠥᠲᠡᠯᠪᠡᠯ | ᠲᠦᠰᠢᠭ ᠲᠠᠢ᠂ ᠥᠲᠡᠯᠪᠡᠯ ᠪᠠᠶᠠᠷ ᠴᠡᠩᠭᠡᠯ ᠲᠠᠢ᠂ ᠥᠲᠡᠯᠪᠡᠯ ᠠᠮᠤᠷ ᠲᠦᠪᠰᠢᠨ ᠲᠠᠢ ᠪᠠᠶᠢᠬᠤ ᠶᠢ ᠪᠡᠶᠡᠯᠡᠭᠦᠯᠪᠡ᠃ | ᠵᠠᠩ ᠡᠪᠦᠭᠡ ᠶᠢᠨ ᠵᠣᠯ ᠵᠢᠷᠭᠠᠯᠲᠤ ᠠᠮᠢᠳᠤᠷᠠᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠨᠠᠷᠢᠨ ᠨᠢᠮᠪᠠᠢ ᠪᠥᠭᠦ ᠰᠡᠳᠬᠢᠯ ᠤᠨ | ᠬᠠᠯᠠᠮᠵᠢᠯᠠᠯ ᠠᠴᠠ ᠰᠠᠯᠵᠤ ᠴᠢᠳᠠᠬᠤ ᠥᠬᠡᠶ ᠶᠤᠮ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠠᠵᠢᠯᠲᠠᠨ ᠵᠠᠩ ᡁᠢ ᠹᠧᠩ ᠲᠠᠨᠢᠯᠴᠠᠭᠤᠯᠬᠤ ᠳᠠᠭᠠᠨ | ᠄ ︽ᠴᠡᠷᠢᠭ ᠠᠴᠠ ᠬᠠᠯᠠᠭᠳᠠᠭᠰᠠᠳ ᠤᠨ ᠠᠩᠬᠠᠷᠴᠤ ᠪᠠᠶᠢᠭ᠎ᠠ ᠪᠠᠴᠢᠮᠳᠠᠵᠤ ᠬᠥᠴᠡᠷᠳᠡᠵᠥ ᠵᠣᠪᠠᠨᠢᠵᠤ ᠬᠥᠰᠡᠵᠤ | ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ | ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠶᠠᠯᠳᠤᠯ ᠤᠨ ᠴᠡᠭ᠂ ᠬᠦᠴᠦᠯᠡᠬᠦ ᠴᠡᠭ ᠢ ᠣᠨᠣᠪᠴᠢᠲᠠᠢ | ᠡᠷᠢᠨ ᠣᠯᠵᠤ᠂ ᠠᠵᠢᠯ ᠬᠢᠵᠦ ᠦᠢᠯᠡᠰ ᠪᠤᠰᠬᠠᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠠᠰᠠᠷᠠᠮᠵᠢ | ᠬᠠᠷᠠᠭᠠᠯᠵᠠᠯ ᠤᠨ ᠠᠵᠢᠯ ᠢ ᠴᠢᠩᠭᠭᠠᠳᠬᠠᠨ᠂ ᠬᠦᠴᠢᠷᠳᠡᠯ ᠢ ᠨᠢ ᠬᠠᠪᠰᠤᠷᠤᠨ ᠲᠡᠳᠬᠦᠬᠦ ᠡᠷᠴᠢᠮ ᠢᠶᠠᠨ | ᠴᠢᠩᠭᠠᠷᠠᠭᠤᠯᠵᠤ᠂ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢ ᠦᠨᠡᠨ ᠬᠦ ᠰᠠᠶᠢᠲᠤᠷ ᠪᠠᠲᠤᠯᠠᠵᠤ᠂ ᠴᠡᠷᠢᠭ ᠠᠴᠠ | ᠬᠠᠯᠠᠭᠳᠠᠭᠰᠠᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠨᠡᠩ ᠭᠦᠢᠴᠡᠳ ᠪᠣᠯᠭᠠᠨ᠎ᠠ︾ | ᠭᠡᠵᠦ ᠲᠠᠨᠢᠯᠴᠠᠭᠤᠯᠪᠠ᠃ | | | ᠴᠡᠷᠢᠭ ᠠᠴᠠ ᠬᠠᠯᠠᠭᠳᠠᠭᠰᠠᠳ ᠪᠣᠯ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ | ᠨᠡᠶᠢᠭᠡᠮ ᠵᠢᠷᠤᠮ ᠤᠨ ᠣᠳᠣᠬᠢᠴᠢᠯᠠᠯᠳᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠴᠦᠨ ᠮᠥᠨ᠃ | ᠤᠢᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠢᠮᠠᠭᠲᠠ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠡᠷᠢᠭ ᠠᠴᠠ ᠬᠠᠯᠠᠭᠳᠠᠭᠰᠠᠳ ᠤᠨ ᠳᠡᠷᠭᠡᠳᠡ ᠬᠦᠷᠲᠡᠯ᠎ᠡ | ᠤᠷᠲᠤᠳᠬᠠᠵᠤ᠂ ᠲᠡᠳᠡᠨ ᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠪᠡᠶ᠎ᠡ ᠪᠠᠷ ᠢᠶᠠᠨ | ᠮᠡᠳᠡᠷᠡᠬᠦ ᠶᠢ ᠪᠠᠲᠤᠯᠠᠵᠠᠢ᠃ ᠢᠷᠡᠭᠡᠳᠦᠢ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠨ ᠨᠡᠩ | ᠥᠨᠳᠥᠷ ᠤᠯᠤᠰ ᠲᠦᠷᠦ ᠶᠢᠨ ᠵᠣᠭᠰᠣᠴᠠ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠰᠢᠯᠢᠳᠡᠭ ᠦᠢᠯᠡᠴᠢᠯᠡᠭᠡ ᠪᠠᠷ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠲᠡᠰᠢ | ᠤᠷᠤᠭᠰᠢᠯᠠᠬᠤ ᠶᠢ ᠦᠷᠭᠦᠯᠵᠢᠯᠡᠨ ᠠᠬᠢᠭᠤᠯᠬᠤ ᠪᠣᠯᠤᠨ᠎ᠠ᠃ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠪᠦᠷᠢᠨᠰᠢᠬᠦᠯᠬᠦ᠂ ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠬᠦ᠂ ᠨᠡᠶᠢᠭᠡᠮ ᠤᠨ ᠣᠷᠣᠯᠴᠠᠯᠭ᠎ᠠ ᠶᠢ | ᠴᠢᠩᠭᠠᠳᠬᠠᠬᠤ ᠪᠠᠷ ᠳᠠᠮᠵᠢᠭᠤᠯᠤᠨ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠲᠣᠤᠷ ᠢ | ᠤᠯᠠᠮ ᠨᠢᠭᠡ ᠠᠯᠬᠤᠮ ᠨᠢᠭᠲᠠ ᠪᠥᠭᠡᠳ ᠪᠠᠲᠤ ᠰᠦᠯᠵᠢᠵᠦ᠂ ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ | ᠂ ᠬᠠᠮᠤᠭ ᠤᠨ ᠬᠠᠶᠢᠷᠠᠲᠠᠶ ᠬᠥᠮᠦᠰ ᠢ ᠦᠨᠡᠨ ᠬᠦ ᠬᠠᠮᠤᠭ ᠤᠨ ᠵᠣᠯ ᠵᠢᠷᠭᠠᠯᠲᠤ ᠬᠥᠮᠦᠨ ᠪᠣᠯᠭᠠᠨ᠎ᠠ᠃ | | | | | |