ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ | -- 2025 ᠣᠨ ᠤ 1 ᠰᠠᠷ᠎ᠠ ᠶᠢᠨ 14 ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯᠳᠤᠭᠠᠨ ᠳᠡᠭᠡᠷ᠎ᠡ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠪᠠᠭᠠᠨ᠎ᠠ | ᠲᠥᠯᠥᠭᠡᠯᠡᠭᠴᠢᠳ ᠠ᠋᠄ | ᠪᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠰᠤᠯᠠ ᠣᠷᠣᠯᠴᠠᠭᠰᠠᠳ | ᠰᠠᠨᠠᠯ ᠢᠶᠠᠨ ᠳᠤᠷᠠᠳᠬᠤ ᠪᠣᠯᠪᠠᠤ᠃ | ᠥᠩᠭᠡᠷᠡᠭᠰᠡᠨ ᠨᠢᠭᠡ ᠵᠢᠯ ᠤᠨ ᠭᠤᠣᠯ ᠠᠵᠢᠯ | 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ | ᠤᠢ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ᠂ | ᠪᠠᠰᠠ ᠴᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ | ᠤᠢ ᠶᠤᠮ᠃ ᠨᠢᠭᠡ ᠵᠢᠯ ᠤᠨ ᠲᠤᠷᠰᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠷᠢᠨ ᠨᠢᠮᠪᠠᠢ ᠵᠢᠯᠣᠭᠤᠳᠤᠯᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠵᠤ᠂ ᠨᠢᠭᠡ ᠭᠤᠣᠯ ᠰᠢᠵᠢᠮ ᠢ ᠲᠤᠤᠱᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ | ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠬᠤᠰᠢᠭᠤ ᠨᠠᠮ ᠤᠨ | ᠬᠤᠷᠢᠶ᠎ᠠ ᠶᠢᠨ ᠭᠤᠣᠯ ᠠᠵᠢᠯ ᠪᠠ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ | ᠡᠭᠦᠷᠭᠡᠯᠡᠨ ᠠᠵᠢᠯᠯᠠᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠭᠵᠢᠯᠲᠡ ᠶᠢᠨ | ᠪᠥᠬᠦ ᠶᠠᠪᠤᠴᠠ ᠳᠤ ᠠᠷᠠᠳ ᠤᠨ ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠵᠦ᠂ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ | ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠦᠬᠦ ᠵᠢᠯ ᠳᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢ ᠨᠡᠶᠢᠲᠡ 2 ᠤᠳᠠᠭ᠎ᠠ ᠬᠤᠷᠠᠯᠳᠤᠭᠤᠯᠵᠤ᠂ ᠪᠠᠶᠢᠩᠭᠤ ᠶᠢᠨ ᠬᠤᠷᠢᠶᠠᠨ ᠤ | ᠬᠤᠷᠠᠯ ᠢ 12 ᠤᠳᠠᠭ᠎ᠠ᠂ ᠡᠷᠬᠢᠯᠡᠭᠴᠢᠳ ᠤᠨ ᠬᠤᠷᠠᠯ ᠢ 21 ᠤᠳᠠᠭ᠎ᠠ ᠬᠤᠷᠠᠯᠳᠤᠭᠤᠯᠵᠤ᠂ 31 ᠲᠤᠰᠬᠠᠢ | ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠠ ᠬᠢᠨᠠᠨ ᠵᠥᠪᠯᠡᠵᠦ᠂ 9 ᠰᠠᠨᠠᠯ ᠢ ᠲᠤᠰᠢᠶᠠᠨ ᠥᠭᠴᠦ ᠬᠢᠨᠠᠨ | ᠵᠥᠪᠯᠡᠭᠦᠯᠵᠦ᠂ 38 ᠰᠢᠢᠳᠪᠦᠷᠢ ᠲᠣᠭᠲᠠᠭᠠᠯ ᠭᠠᠷᠭᠠᠵᠤ᠂ ᠡᠷᠬᠢᠯᠡᠭᠴᠢ ᠶᠢᠨ ᠪᠠᠶᠢᠴᠠᠭᠠᠨ ᠦᠵᠡᠬᠦ᠂ ᠲᠤᠰᠬᠠᠢ | ᠰᠡᠳᠦᠪᠲᠦ ᠪᠠᠶᠢᠴᠠᠭᠠᠨ ᠰᠤᠳᠤᠯᠤᠯᠲᠠ ᠬᠢᠬᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ᠲᠤᠰᠬᠠᠢ | ᠰᠡᠳᠦᠪᠲᠦ ᠯᠠᠪᠯᠠᠨ ᠠᠰᠠᠭᠤᠬᠤ ᠵᠡᠷᠭᠡ ᠶᠢ 46 ᠤᠳᠠᠭ᠎ᠠ ᠥᠷᠨᠢᠭᠦᠯᠵᠦ᠂ ᠪᠦᠭᠦ ᠬᠤᠰᠢᠭᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠦᠷᠭᠦᠯᠵᠢᠯᠡᠨ ᠰᠠᠶᠢᠵᠢᠷᠠᠬᠤ ᠶᠢ | ᠪᠠᠲᠤᠯᠠᠬᠤ᠂ ᠠᠷᠠᠳᠴᠢᠯᠠᠯ ᠢᠶᠠᠷ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠬᠤᠪᠢ | ᠨᠡᠮᠡᠷᠢ ᠦᠵᠡᠭᠦᠯᠪᠡ᠃ | ᠨᠢᠭᠡ᠂ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠵᠤ᠂ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠲᠤᠭ ᠲᠡᠮᠳᠡᠭ ᠲᠣᠳᠣᠷᠬᠠᠢ ᠪᠠᠷ ᠵᠥᠪ ᠤᠯᠤᠰ ᠲᠦᠷᠦ ᠶᠢᠨ | ᠴᠢᠭᠯᠡᠯ ᠢ ᠪᠠᠲᠤ ᠡᠵᠡᠮᠳᠡᠪᠡ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠬᠠᠮᠤᠭ ᠳᠡᠭᠡᠳᠦ ᠤᠯᠤᠰ ᠲᠦᠷᠦ ᠶᠢᠨ ᠵᠠᠷᠴᠢᠮ ᠮᠥᠨ᠃ ᠪᠠᠶᠢᠩᠭᠤ ᠶᠢᠨ ᠬᠤᠷᠢᠶ᠎ᠠ ᠤᠯᠤᠰ | ᠲᠦᠷᠦ ᠶᠢᠨ ᠵᠥᠪ ᠴᠢᠭᠯᠡᠯ ᠢ ᠢᠮᠠᠭᠲᠠ ᠪᠠᠲᠤ ᠡᠵᠡᠮᠳᠡᠵᠦ᠂ ᠨᠠᠮ ᠤᠨ ᠤᠳᠤᠷᠢᠳᠤᠯᠭ᠎ᠠ ᠶᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦ ᠶᠠᠪᠤᠴᠠ ᠳᠤ ᠤᠬᠠᠮᠰᠠᠷ ᠠᠴᠠ ᠪᠠᠨ ᠲᠤᠤᠱᠯᠠᠭᠤᠯᠵᠤ᠂ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠡᠯ᠎ᠡ ᠲᠠᠯ᠎ᠠ ᠳᠤ ᠨᠠᠶᠢᠳᠠᠪᠤᠷᠢᠵᠢᠭᠤᠯᠤᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠯᠠᠪᠳᠠᠭᠤᠨ ᠢᠶᠠᠷ ᠶᠠᠪᠤᠭᠳᠠᠬᠤ ᠶᠢ ᠦᠨᠡᠨ ᠬᠦ | ᠪᠠᠲᠤᠯᠠᠪᠠ᠃ ᠤᠨᠤᠯ ᠢᠶᠠᠷ ᠵᠡᠪᠰᠡᠭᠯᠡᠬᠦ ᠶᠢ ᠤᠷᠳᠤ ᠬᠤᠭᠤᠴᠠᠭ᠎ᠠ ᠪᠠᠷ ᠴᠢᠩᠭᠠᠳᠬᠠᠬᠤ ᠶᠢ ᠪᠠᠷᠢᠮᠲᠠᠯᠠᠪᠠ᠃ ᠨᠠᠮ ᠤᠨ | ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ | ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ | ︽ᠣᠶᠢᠯᠠᠭᠠᠬᠤ ᠰᠡᠳᠬᠢᠬᠦᠢ ᠶᠢ ᠪᠤᠢ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠡᠷᠢᠭᠦᠨ ᠤ | ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢ ᠥᠷᠨᠢᠭᠦᠯᠵᠡᠢ᠃ ︽ | ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠨᠤᠯ ᠤᠨ ᠰᠤᠷᠤᠯᠴᠠᠯᠭ᠎ᠠ᠂ | ᠰᠤᠳᠤᠯᠤᠨ ᠶᠠᠷᠢᠯᠴᠠᠵᠤ ᠰᠣᠯᠢᠯᠴᠠᠬᠤ᠂ ᠨᠠᠮ ᠤᠨ ᠬᠢᠴᠢᠶᠡᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 33 | ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠪᠡ᠃ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ ᠪᠠᠶᠢᠴᠠᠭᠠᠨ ᠰᠤᠳᠤᠯᠤᠯᠲᠠ ᠬᠢᠬᠦ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ | ᠪᠣᠳᠠᠲᠠᠢ ᠡᠭᠦᠷᠭᠡ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯᠲᠠᠳ ᠤᠨ ᠬᠠᠮᠲᠤ ᠪᠠᠷ ᠰᠤᠷᠤᠯᠴᠠᠵᠤ ᠬᠠᠮᠲᠤ ᠪᠠᠷ ᠤᠷᠤᠭᠰᠢᠯᠠᠬᠤ᠂ ᠬᠥᠭᠡᠭᠡᠵᠦ ᠭᠦᠢᠴᠡᠬᠦ ᠪᠠ ᠳᠠᠪᠠᠵᠤ | ᠭᠠᠷᠬᠤ ᠶᠢ ᠦᠷᠭᠦᠯᠵᠢᠯᠡᠨ ᠳᠠᠶᠢᠴᠢᠯᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠢ ᠴᠢᠩᠭ᠎ᠠ ᠵᠢᠷᠤᠮᠯᠠᠪᠠ᠃ ᠪᠠᠶᠢᠩᠭᠤ ᠶᠢᠨ ᠬᠤᠷᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ | ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠲᠣᠭᠲᠠᠭᠠᠯ | ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ ᠡᠷᠬᠡ ᠪᠠᠨ ᠬᠡᠷᠡᠭᠵᠢᠭᠦᠯᠦᠨ᠂ ᠬᠢᠨᠠᠯᠲᠠ ᠲᠠᠯᠪᠢᠬᠤ ᠵᠦᠢᠯᠡᠰ ᠢ | ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠢ ᠪᠠᠶᠢᠩᠭᠤᠵᠢᠭᠤᠯᠤᠨ ᠵᠢᠯᠤᠭᠤᠳᠴᠤ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠥᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠪᠠ᠃ ᠬᠤᠰᠢᠭᠤᠨ ᠤ ᠨᠠᠮ ᠤᠨ ᠬᠤᠷᠢᠶ᠎ᠠ ᠠᠴᠠ | ᠵᠢᠭᠠᠪᠤᠷᠢ ᠠᠪᠬᠤ ᠪᠠ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠥᠬᠦ ᠵᠢᠯ ᠳᠤ ᠴᠢᠬᠤᠯᠠ ᠶᠡᠭᠡ ᠤᠴᠢᠷ | ᠶᠠᠪᠤᠳᠠᠯ᠂ ᠴᠢᠬᠤᠯᠠ ᠠᠵᠢᠯ ᠤᠨ ᠲᠠᠯ᠎ᠠ ᠪᠠᠷ ᠴᠠᠭ ᠲᠤᠬᠠᠢ ᠳᠤᠨᠢ ᠬᠤᠰᠢᠭᠤᠨ ᠤ ᠨᠠᠮ ᠤᠨ ᠬᠤᠷᠢᠶ᠎ᠠ ᠠᠴᠠ 11 | ᠤᠳᠠᠭ᠎ᠠ ᠵᠢᠭᠠᠪᠤᠷᠢ ᠠᠪᠴᠤ ᠮᠡᠳᠡᠭᠦᠯᠪᠡ᠃ ᠴᠢᠬᠤᠯᠠ ᠶᠡᠭᠡ ᠬᠡᠷᠡᠭ ᠶᠠᠪᠤᠳᠠᠯ ᠢ ᠲᠣᠭᠲᠠᠭᠠᠬᠤ ᠡᠷᠬᠡ ᠪᠠᠨ ᠬᠠᠤᠯᠢ | ᠶᠣᠰᠣᠭᠠᠷ ᠬᠡᠷᠡᠭᠵᠢᠭᠦᠯᠵᠦ᠂ ᠨᠠᠮ ᠤᠨ ᠵᠣᠷᠢᠯᠲᠠ ᠪᠠ ᠠᠷᠠᠳ ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠪᠦᠬᠦ | ᠲᠠᠯ᠎ᠠ ᠪᠠᠷ ᠢᠯᠡᠷᠡᠪᠡ᠃ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ ᠵᠢᠷᠤᠮ ᠢ ᠦᠷᠭᠦᠯᠵᠢᠯᠡᠨ | ᠵᠢᠷᠤᠮᠵᠢᠭᠤᠯᠵᠤ᠂ ᠲᠤᠰᠢᠶᠠᠯ ᠡᠭᠦᠷᠭᠡᠯᠡᠬᠦ ᠬᠢᠷᠢ ᠬᠡᠮ ᠢ ᠬᠢᠨᠠᠨ ᠪᠠᠶᠢᠴᠠᠭᠠᠬᠤ᠂ ᠲᠤᠰᠢᠶᠠᠯ ᠳᠤ ᠲᠣᠮᠢᠯᠠᠬᠤ ᠠᠴᠠ | ᠡᠮᠦᠨᠡᠬᠢ ᠬᠠᠤᠯᠢ ᠴᠠᠭᠠᠵᠠ ᠶᠢᠨ ᠰᠢᠯᠭᠠᠯᠲᠠ᠂ ᠪᠢᠯᠧᠲ ᠥᠭᠴᠦ ᠲᠠᠰᠤᠯᠬᠤ ᠶᠢ ᠬᠢᠨᠠᠨ ᠶᠠᠷᠢᠯᠴᠠᠬᠤ᠂ ᠦᠨᠳᠦᠰᠦᠨ | ᠬᠠᠤᠯᠢ ᠳᠤ ᠲᠠᠩᠭᠠᠷᠢᠭᠯᠠᠬᠤ ᠵᠡᠷᠭᠡ ᠵᠢᠷᠤᠮ ᠢ ᠴᠢᠩᠭ᠎ᠠ ᠬᠡᠷᠡᠭᠵᠢᠭᠦᠯᠵᠦ᠂ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ | 49 ᠬᠥᠮᠥᠨ ᠤᠳᠠᠭ᠎ᠠ ᠬᠠᠤᠯᠢ ᠶᠣᠰᠣᠭᠠᠷ ᠲᠣᠮᠢᠯᠠᠵᠤ ᠪᠠᠭᠤᠯᠭᠠᠵᠤ᠂ ᠪᠠᠶᠢᠩᠭᠤ ᠶᠢᠨ ᠬᠤᠷᠢᠶᠠᠨ ᠤ ᠪᠦᠷᠢᠯᠳᠦᠭᠦᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 36 ᠬᠥᠮᠥᠨ ᠤ ᠲᠤᠰᠢᠶᠠᠯ ᠠᠴᠠ ᠪᠠᠨ | ᠪᠠᠭᠤᠬᠤ ᠶᠢ ᠬᠦᠯᠢᠶᠡᠨ ᠠᠪᠤᠪᠠ᠃ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠭᠤᠣᠯᠳᠠᠯᠭ᠎ᠠ ᠲᠠᠢ ᠬᠠᠷᠠᠯᠲᠠ ᠡᠭᠦᠷᠭᠡ᠂ ᠳᠠᠭᠠᠭᠠᠨ ᠭᠦᠢᠴᠡᠳᠬᠡᠬᠦ ᠲᠥᠯᠥᠭᠡᠯᠡᠭᠴᠢ ᠶᠢᠨ ᠰᠠᠨᠠᠭᠤᠯᠭ᠎ᠠ᠂ | ᠬᠢᠨᠠᠨ ᠶᠠᠷᠢᠯᠴᠠᠭᠰᠠᠨ ᠰᠠᠨᠠᠯ ᠢ ᠨᠠᠶᠢᠳᠠᠪᠤᠷᠢᠵᠢᠭᠤᠯᠤᠭᠰᠠᠨ᠂ ︽ᠭᠤᠷᠪᠠ ᠶᠢ ᠴᠢᠷᠮᠠᠶᠢᠨ ᠣᠯᠬᠤ︾ ᠵᠡᠷᠭᠡ | ᠪᠡᠶᠡᠯᠡᠭᠦᠯᠦᠭᠰᠡᠨ ᠪᠠᠶᠢᠳᠠᠯ ᠤᠨ ᠲᠣᠭᠤᠷᠢᠨ ᠳᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠵᠦ᠂ ᠦᠷ᠎ᠡ ᠳ᠋ᠦᠩ ᠨᠢ | ᠴᠥᠮ ᠬᠠᠨᠤᠮᠵᠢᠲᠠᠶ ᠪᠣᠯᠪᠠ᠃ | ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠥᠬᠦ ᠬᠤᠰᠢᠭᠤᠨ ᠤ ᠬᠥᠭᠵᠢᠯᠲᠡ ᠶᠢᠨ ᠶᠡᠭᠡ | ᠲᠠᠯ᠎ᠠ ᠶᠢᠨ ᠲᠣᠭᠤᠷᠢᠨ ᠳᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ | ᠡᠭᠦᠷᠭᠡᠯᠡᠨ ᠠᠵᠢᠯᠯᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ | ᠂ ᠳᠥᠷᠪᠡᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ | ᠪᠠᠶᠢᠭᠤᠯᠵᠤ ᠭᠠᠯ ᠤᠨᠲᠠᠷᠠᠭᠠᠬᠤ ᠠᠮᠤᠷ ᠲᠦᠪᠰᠢᠨ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ | ᠨᠡᠶᠢᠭᠡᠮ ᠤᠨ ᠵᠠᠰᠠᠯᠲᠠ ᠪᠠ ᠠᠷᠠᠳ ᠤᠨ ᠠᠮᠢᠳᠤᠷᠠᠯ ᠤᠨ ᠦᠢᠯᠡᠰ ᠵᠡᠷᠭᠡ ᠪᠠᠶᠢᠳᠠᠯ ᠤᠨ ᠲᠤᠬᠠᠢ ᠲᠤᠰᠬᠠᠢ ᠰᠡᠳᠦᠪᠲᠦ | ᠪᠠᠶᠢᠴᠠᠭᠠᠨ ᠰᠤᠳᠤᠯᠤᠯᠲᠠ ᠥᠷᠨᠢᠭᠦᠯᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠬᠢᠨᠠᠨ ᠬᠤᠲᠠ | ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠣᠯᠠᠨ ᠲᠦᠮᠡᠨ ᠤ ᠬᠦᠰᠡᠯ | ᠡᠷᠡᠮᠡᠯᠵᠡᠯ ᠪᠠ ᠨᠡᠶᠢᠭᠡᠮ ᠤᠨ ᠠᠩᠬᠠᠷᠤᠯ ᠬᠠᠨᠳᠤᠭᠤᠯᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ | ᠦᠭᠭᠦᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠭᠤᠣᠯ ᠠᠵᠢᠯ ᠤᠨ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠨ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ | ᠠᠵᠢᠯᠯᠠᠵᠤ᠂ ᠲᠣᠰ ᠲᠣᠰ ᠮᠠᠯ ᠪᠡᠯᠴᠢᠭᠡᠷ ᠤᠨ ᠲᠡᠩᠴᠡᠭᠦᠷᠢ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠥᠭᠵᠢᠯᠲᠡ᠂ ᠨᠠᠮ ᠤᠨ ᠡᠭᠦᠷ ᠤᠨ ᠳᠠᠭᠠᠭᠤᠯᠤᠨ ᠡᠷᠭᠢᠯᠡᠭᠰᠡᠨ ᠬᠤᠷᠰᠢᠶ᠎ᠠ᠂ ᠳᠤᠮᠳᠠᠳᠤ ᠪᠠᠭ᠎ᠠ | ᠰᠤᠷᠭᠠᠭᠤᠯᠢ ᠪᠠ ᠨᠠᠰᠤᠲᠠᠨ ᠢ ᠠᠰᠠᠷᠠᠬᠤ ᠬᠦᠷᠢᠶᠡᠯᠡᠩ ᠤᠨ ᠢᠳᠡᠭᠡᠨ ᠤ ᠠᠮᠤᠷ ᠲᠦᠪᠰᠢᠨ᠂ ᠠᠬᠠᠮᠠᠳᠴᠤᠳ ᠤᠨ | ᠬᠤᠭᠤᠯᠠᠨ ᠭᠡᠷ ᠤᠨ ᠠᠵᠢᠯᠯᠠᠭᠠᠨ᠂ ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠵᠡᠷᠭᠡ 5 ᠵᠦᠢᠯ ᠤᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠳᠤ | ᠣᠷᠣᠯᠴᠠᠭᠰᠠᠨ ᠪᠠᠶᠢᠨ᠎ᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ ᠤᠷᠢᠳ ᠬᠤᠵᠢᠳ | ᠵᠧᠵᠢᠶᠠᠩ ᠮᠤᠵᠢ᠂ ᠭᠦᠢᠵᠸᠤ ᠮᠤᠵᠢ ᠵᠡᠷᠭᠡ ᠭᠠᠵᠠᠷ ᠣᠷᠣᠨ ᠤ ᠲᠤᠭᠤᠷᠢᠭ ᠰᠢᠶᠠᠨ ᠳᠤ ᠬᠦᠷᠴᠦ | ᠲᠥᠯᠥᠭᠡᠯᠡᠭᠴᠢᠳ ᠤᠨ ᠬᠤᠯᠪᠣᠭ᠎ᠠ ᠠᠪᠬᠤ ᠦᠷᠳᠡᠭᠡ ᠶᠢᠨ ᠪᠦᠳᠦᠭᠡᠨ ᠪᠠᠶᠢᠭᠤᠯᠤᠯᠲᠠ ᠪᠠ ᠰᠣᠶᠣᠯ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠢᠨᠵᠢᠯᠡᠨ ᠪᠠᠶᠢᠴᠠᠭᠠᠵᠤ᠂ ᠮᠠᠨ ᠤ ᠬᠤᠰᠢᠭᠤᠨ ᠤ ᠪᠣᠳᠠᠲᠠᠢ ᠲᠠᠢ ᠪᠠᠨ | ᠤᠶᠠᠯᠳᠤᠭᠤᠯᠤᠨ ᠨᠠᠷᠢᠨ ᠬᠢᠨᠠᠮᠠᠭᠠᠢ ᠵᠠᠳᠠᠯᠤᠨ ᠰᠢᠨᠵᠢᠯᠡᠵᠦ᠂ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠳᠡᠯᠭᠡᠵᠦ᠂ | ᠴᠢᠭᠯᠡᠯ ᠢᠶᠠᠨ ᠲᠣᠳᠣᠷᠬᠠᠶᠢᠯᠠᠨ᠂ ᠴᠢᠨᠠᠷ ᠰᠠᠶᠢᠲᠠᠢ ᠪᠠᠶᠢᠴᠠᠭᠠᠯᠲᠠ ᠶᠢᠨ ᠮᠡᠳᠡᠭᠦᠯᠦᠯᠲᠡ ᠶᠢ 2 ᠬᠤᠪᠢ ᠨᠠᠶᠢᠷᠠᠭᠤᠯᠵᠤ᠂ | ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠲᠠᠯ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠦᠢᠯᠡᠳᠦᠯ ᠢ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠳᠬᠦᠯ ᠴᠢᠷᠮᠠᠶᠢᠯᠭ᠎ᠠ ᠶᠢ | ᠢᠯᠡᠷᠡᠭᠦᠯᠬᠦ ᠪᠠᠷ ᠴᠢᠷᠮᠠᠶᠢᠪᠠ᠃ | ᠬᠤᠶᠠᠷ᠂ ᠶᠡᠭᠡ ᠲᠠᠯ᠎ᠠ ᠳᠤ ᠦᠢᠯᠡᠴᠢᠯᠡᠬᠦ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠢᠨᠠᠯᠲᠠ | ᠲᠠᠯᠪᠢᠬᠤ ᠪᠣᠳᠠᠲᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯ | ᠬᠢᠵᠦ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠪᠣᠯ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠲᠡᠷᠢᠭᠦᠨ ᠴᠢᠬᠤᠯᠠ ᠡᠭᠦᠷᠭᠡ ᠮᠥᠨ᠃ ᠪᠠᠶᠢᠩᠭᠤ ᠶᠢᠨ ᠬᠤᠷᠢᠶ᠎ᠠ ᠢᠮᠠᠭᠲᠠ | ᠬᠦᠴᠦᠨ ᠢᠶᠠᠨ ᠲᠥᠪᠯᠡᠷᠡᠭᠦᠯᠦᠨ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠭᠤᠣᠯᠳᠠᠯᠭ᠎ᠠ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ᠂ | ᠥᠭᠡᠷᠡᠴᠢᠯᠡᠯᠲᠡ ᠬᠥᠭᠵᠢᠯᠲᠡ ᠶᠢᠨ ᠲᠦᠭᠵᠢᠷᠡᠯ ᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ | ᠶᠣᠰᠣᠭᠠᠷ ᠬᠢᠨᠠᠯᠲᠠ ᠲᠠᠯᠪᠢᠬᠤ᠂ ᠵᠥᠪ ᠣᠨᠣᠪᠴᠢᠲᠠᠶ ᠬᠢᠨᠠᠯᠲᠠ ᠲᠠᠯᠪᠢᠬᠤ᠂ ᠪᠦᠲᠦᠮᠵᠢᠲᠡᠶ ᠬᠢᠨᠠᠯᠲᠠ ᠲᠠᠯᠪᠢᠬᠤ ᠶᠢ | ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠨᠠᠩ ᠶᠡᠭᠡ ᠦᠷ᠎ᠡ ᠪᠦᠲᠦᠮᠵᠢ ᠣᠯᠬᠤ ᠳᠤ ᠬᠦᠴᠦᠨ | ᠨᠡᠮᠡᠷᠢᠯᠡᠪᠡ᠃ | ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠪᠦᠬᠦ ᠲᠠᠯ᠎ᠠ ᠶᠢᠨ ᠬᠢᠨᠠᠯᠲᠠ ᠲᠠᠯᠪᠢᠬᠤ | ᠠᠵᠤ ᠠᠬᠤᠢ ᠶᠢ ᠲᠣᠭᠲᠠᠭᠤᠨ ᠢᠶᠠᠷ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠴᠢᠬᠤᠯᠠ | ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ | ᠨᠢᠭᠲᠠ ᠠᠩᠬᠠᠷᠴᠤ᠂ ᠲᠥᠯᠥᠪᠯᠡᠭᠡ ᠶᠢ ᠬᠡᠷᠡᠭᠵᠢᠭᠦᠯᠬᠦ ᠪᠠ ᠲᠥᠰᠥᠪ ᠪᠠ ᠲᠥᠰᠥᠪ ᠤᠨ ᠭᠦᠢᠴᠡᠳᠬᠡᠯ ᠢ ᠬᠢᠨᠠᠨ | ᠪᠠᠶᠢᠴᠠᠭᠠᠵᠤ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠦᠨ᠂ ᠬᠠᠤᠯᠢ ᠲᠣᠭᠲᠠᠭᠠᠯ ᠶᠣᠰᠣᠭᠠᠷ ᠵᠠᠰᠠᠭ ᠤᠨ ᠣᠷᠳᠣᠨ ᠢ | ᠬᠠᠪᠰᠤᠷᠤᠨ ᠵᠢᠭᠡᠯᠡᠯᠭᠡ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ 3 ᠤᠳᠠᠭ᠎ᠠ ᠲᠥᠰᠥᠪ ᠲᠤ | ᠲᠣᠬᠢᠷᠠᠭᠤᠯᠤᠯᠲᠠ ᠬᠢᠵᠦ᠂ ᠲᠥᠰᠥᠪ ᠤᠨ ᠰᠦᠯᠵᠢᠶ᠎ᠡ ᠪᠠᠷ ᠬᠢᠨᠠᠯᠲᠠ ᠲᠠᠯᠪᠢᠬᠤ ᠰᠢᠰᠲ᠋ᠧᠮ ᠢ ᠰᠠᠶᠢᠲᠤᠷ ᠬᠡᠷᠡᠭᠯᠡᠨ᠂ | ᠪᠥᠬᠦ ᠬᠤᠰᠢᠭᠤᠨ ᠤ ᠠᠷᠠᠳ ᠲᠦᠮᠡᠨ ᠳᠤ ︽ᠵᠣᠭᠤᠰᠤᠨ ᠤᠭᠤᠲᠠ︾ ᠶᠢ ᠰᠠᠶᠢᠲᠤᠷ ᠬᠠᠩᠭᠠᠪᠠ᠃ ᠥᠷᠢ | ᠥᠭᠴᠡᠭᠡ ᠶᠢᠨ ᠬᠠᠮᠢᠶᠠᠷᠤᠯᠲᠠ᠂ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠤᠨ ᠲᠣᠭᠤᠷᠢᠨ ᠳᠤ ᠪᠦᠬᠦ ᠰᠢᠰᠲ᠋ᠧᠮ ᠤᠨ ᠬᠢᠨᠠᠨ ᠪᠠᠶᠢᠴᠠᠭᠠᠯᠲᠠ᠂ ᠪᠦᠬᠦ | ᠶᠠᠪᠤᠴᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠢ ᠶᠢᠨ ᠶᠡᠭᠡ ᠪᠠᠶᠢᠳᠠᠯ ᠢ | ᠲᠣᠭᠲᠠᠪᠤᠷᠢᠵᠢᠭᠤᠯᠬᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠴᠢᠳᠠᠯ ᠨᠡᠮᠡᠷᠢᠯᠡᠪᠡ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠠᠮᠢᠳᠤᠯᠢᠭ | ᠡᠷᠭᠢᠯᠲᠡ ᠲᠠᠢ ᠤᠶᠠᠯᠳᠤᠭᠤᠯᠤᠨ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ︽ᠭᠡᠷ ᠤᠨ ᠰᠠᠭᠤᠷᠢ︾ ᠶᠢ ᠰᠠᠶᠢᠲᠤᠷ ᠰᠠᠬᠢᠬᠤ ᠶᠢ ᠢᠯᠡᠷᠡᠭᠦᠯᠪᠡ᠃ ᠭᠤᠣᠯᠳᠠᠯᠭ᠎ᠠ ᠲᠠᠢ ᠲᠥᠷᠥᠯ | ᠵᠦᠢᠯ᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠬᠠᠮᠲᠤ ᠪᠠᠷ ᠪᠠᠶᠢᠴᠠᠭᠠᠨ ᠦᠵᠡᠬᠦ᠂ | ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠶᠢ ᠥᠷᠨᠢᠭᠦᠯᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ | ᠲᠣᠭᠤᠷᠢᠭ ᠤᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ | ᠲᠦᠷᠭᠡᠳᠬᠡᠬᠦ ᠶᠢ ᠠᠬᠢᠭᠤᠯᠵᠤ᠂ ᠪᠣᠭᠤᠮᠲᠠ ᠶᠢᠨ ᠵᠢᠯ ᠤᠨ ᠪᠠᠷᠠᠭ᠎ᠠ ᠥᠩᠭᠡᠷᠡᠬᠦ ᠬᠡᠮᠵᠢᠶ᠎ᠡ ᠳᠤ ᠲᠡᠦᠬᠡᠲᠦ ᠴᠢᠨᠠᠷᠲᠠᠢ | ᠰᠢᠪᠲᠤᠯᠤᠯᠲᠠ ᠶᠢ ᠪᠡᠶᠡᠯᠡᠭᠦᠯᠪᠡ᠃ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ | ᠦᠢᠯᠡᠳᠦᠯᠭᠡᠵᠢᠭᠦᠯᠬᠦ ᠶᠢᠨ ᠲᠣᠭᠤᠷᠢᠨ ᠳᠤ᠂ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠪᠣᠯᠣᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠂ ᠤᠳᠤ ᠦᠶ᠎ᠡ ᠶᠢᠨ ᠮᠠᠯ ᠠᠵᠤ | ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠵᠢᠴᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠪᠣᠬᠢᠷᠲᠤᠯ | ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠪᠡ᠃ | ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠦᠬᠦᠨ ᠢ ᠬᠠᠮᠤᠷᠤᠭᠰᠠᠨ | ᠬᠢᠨᠠᠯᠲᠠ ᠲᠠᠯᠪᠢᠬᠤ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠨᠠᠩ ᠥᠨᠳᠥᠷ ᠬᠦᠰᠡᠯ | ᠡᠷᠡᠮᠡᠯᠵᠡᠯ ᠳᠤ ᠵᠣᠬᠢᠴᠠᠭᠤᠯᠤᠨ᠂ ᠬᠤᠰᠢᠭᠤᠨ ᠤ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ | ᠭᠤᠣᠯᠯᠠᠬᠤ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠭᠰᠠᠨ᠂ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠤᠨ᠂ ᠡᠬᠢ ᠪᠠᠶᠠᠯᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠴᠢᠩᠭᠠᠳᠬᠠᠪᠠ᠃ ᠠᠷᠠᠳ ᠤᠯᠠᠨ ᠤ ᠢᠳᠡᠭᠡᠨ ᠤ ᠠᠮᠤᠷ ᠲᠦᠪᠰᠢᠨ ᠤ ᠲᠤᠬᠠᠢ ᠠᠩᠬᠠᠷᠤᠯ ᠳᠤ ᠬᠠᠷᠢᠭᠤ ᠥᠭᠴᠦ᠂ | ᠦᠢᠯᠡᠳᠪᠦᠷᠢᠯᠡᠯ ᠤᠨ ᠠᠵᠤ ᠠᠬᠤᠶᠢᠯᠠᠯ᠂ ᠰᠤᠷᠭᠠᠭᠤᠯᠢ ᠶᠢᠨ ᠬᠤᠭᠤᠯᠠᠨ ᠭᠡᠷ᠂ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ ᠢᠳᠡᠭᠡᠨ ᠤ ᠠᠮᠤᠷ ᠲᠦᠪᠰᠢᠨ ᠤ | ᠬᠠᠤᠯᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 2 ᠤᠳᠠᠭ᠎ᠠ ᠥᠷᠨᠢᠭᠦᠯᠵᠦ᠂ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠪᠠᠲᠤᠳᠬᠠᠬᠤ ᠶᠢ ᠠᠬᠢᠭᠤᠯᠵᠤ᠂ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠠᠷᠠᠳ | ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠪᠠ᠃ ᠣᠯᠠᠨ ᠲᠦᠮᠡᠨ ᠤ ᠨᠡᠶᠢᠳᠡᠮ ᠠᠩᠬᠠᠷᠴᠤ | ᠪᠠᠶᠢᠭ᠎ᠠ ᠬᠠᠯᠠᠮᠰᠢᠯ ᠠᠰᠠᠭᠤᠳᠠᠯ ᠲᠦᠪᠡᠭᠲᠡᠢ ᠠᠰᠠᠭᠤᠳᠠᠯ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠠᠵᠢᠯ ᠪᠠ | ᠠᠳᠠᠯ ᠠᠬᠤᠢ ᠶᠢᠨ ᠦᠢᠯᠡᠴᠢᠯᠡᠭᠡᠨ ᠤ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ ᠢ 2 ᠤᠳᠠᠭ᠎ᠠ ᠥᠷᠨᠢᠭᠦᠯᠵᠦ | ᠂ ︽ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠲᠠᠯ᠎ᠠ ᠶᠢᠨ ᠬᠥᠭᠵᠢᠯᠲᠡ ᠶᠢ ᠴᠢᠬᠤᠯᠠᠴᠢᠯᠠᠨ᠂ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︾᠂ | ︽ᠰᠠᠭᠤᠭᠠᠯᠢ ᠠᠷᠠᠳ ᠤᠨ ︿ᠥᠪᠡᠷᠲᠡᠭᠡᠨ ᠵᠠᠰᠠᠬᠤ﹀ ᠦᠢᠯᠡᠳᠦᠯ ᠢ ᠪᠠᠳᠠᠷᠠᠭᠤᠯᠵᠤ᠂ ᠡᠯ᠎ᠡ ᠰᠠᠭᠤᠭᠠᠯᠢ ᠠᠷᠠᠳ ᠤᠨ | ᠲᠣᠭᠤᠷᠢᠭ ᠲᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠥᠷᠭᠡᠨ ᠢᠶᠠᠷ ᠪᠠᠶᠢᠭᠤᠯᠬᠤ ᠶᠢ ᠵᠢᠯᠣᠭᠤᠳᠤᠨ | ᠳᠡᠮᠵᠢᠨ᠎ᠡ︾ ᠭᠡᠬᠦ ᠵᠡᠷᠭᠡ 7 ᠵᠤᠷᠪᠤᠰ ᠬᠢᠨᠠᠨ ᠶᠠᠷᠢᠯᠴᠠᠭᠰᠠᠨ ᠰᠠᠨᠠᠯ ᠢ ᠳᠤᠷᠠᠳᠤᠨ ᠭᠠᠷᠭᠠᠵᠤ᠂ ᠤᠯᠠᠨ ᠲᠦᠮᠡᠨ ᠤ ︽ | ᠪᠠᠴᠢᠮᠳᠠᠬᠤ ᠬᠦᠴᠢᠷᠳᠡᠬᠦ ᠵᠣᠪᠠᠨᠢᠬᠤ ᠬᠦᠴᠢᠷᠲᠡᠢ︾ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ᠂ ᠭᠤᠣᠯᠳᠠᠯᠭ᠎ᠠ ᠲᠠᠢ ᠲᠥᠷᠥᠯ ᠵᠦᠢᠯ᠂ ᠬᠤᠲᠠ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠪᠠ ᠪᠥᠬᠦ | ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠤᠷᠢᠨ ᠳᠤ 3 ᠤᠳᠠᠭᠠᠨ ᠤ ᠡᠷᠬᠢᠯᠡᠭᠴᠢ ᠶᠢᠨ | ᠬᠠᠮᠲᠤ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠦᠷᠨᠢᠭᠦᠯᠪᠡ᠃ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠪᠢᠯᠧᠲ ᠢᠶᠠᠷ | ᠲᠣᠭᠲᠠᠭᠠᠭᠰᠠᠨ ᠠᠷᠠᠳ ᠤᠨ ᠠᠮᠢᠳᠤᠷᠠᠯ ᠤᠨ 10 ᠵᠦᠢᠯ ᠤᠨ ᠪᠣᠳᠠᠲᠤ ᠶᠠᠪᠤᠳᠠᠯ ᠤᠨ ᠵᠦᠢᠯᠡᠰ ᠢ ᠬᠤᠭᠤᠴᠠᠭ᠎ᠠ | ᠶᠣᠰᠣᠭᠠᠷ ᠪᠡᠶᠡᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ | ᠤᠯᠠᠮ ᠨᠢᠭᠡ ᠠᠯᠬᠤᠮ ᠨᠡᠮᠡᠭᠳᠡᠭᠦᠯᠪᠡ᠃ | ᠬᠠᠤᠯᠢ ᠪᠠᠷ ᠵᠠᠰᠠᠬᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠪᠦᠬᠦ ᠬᠡᠯᠬᠢᠶ᠎ᠡ ᠶᠢᠨ ᠬᠢᠨᠠᠯᠲᠠ ᠶᠢ | ᠲᠥᠪ ᠭᠤᠥᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠰᠠᠭᠤᠷᠢᠯᠠᠨ᠂ ᠬᠤᠰᠢᠭᠤᠨ ᠤ ᠵᠠᠰᠠᠭ ᠤᠨ ᠣᠷᠳᠣᠨ ᠤ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ᠂ ᠬᠤᠰᠢᠭᠤᠨ ᠤ ᠠᠷᠠᠳ ᠤᠨ ᠰᠢᠭᠦᠬᠦ | ᠬᠤᠷᠢᠶ᠎ᠠ ᠶᠢᠨ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠠᠵᠢᠯ ᠤᠨ ᠮᠡᠳᠡᠭᠦᠯᠦᠯᠲᠡ᠂ ᠬᠤᠰᠢᠭᠤᠨ ᠤ | ᠠᠷᠠᠳ ᠤᠨ ᠪᠠᠶᠢᠴᠠᠭᠠᠬᠤ ᠬᠤᠷᠢᠶ᠎ᠠ ᠶᠢᠨ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠮᠡᠳᠡᠭᠦᠯᠦᠯᠲᠡ ᠶᠢ | ᠰᠣᠨᠣᠰᠴᠤ ᠬᠢᠨᠠᠨ ᠵᠥᠪᠯᠡᠵᠦ᠂ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠪᠥᠬᠦ ᠠᠷᠠᠳ ᠤᠨ ᠬᠠᠤᠯᠢ ᠲᠦᠭᠡᠮᠡᠯᠵᠢᠭᠦᠯᠬᠦ ᠠᠵᠢᠯ ᠢ ᠬᠥᠲᠥᠯᠥᠨ | ᠳᠠᠭᠠᠭᠤᠯᠪᠠ︔ ᠤᠬᠠᠭᠤᠯᠭ᠎ᠠ ᠶᠢᠨ ᠰᠢᠨ᠎ᠡ ᠶᠢ ᠡᠭᠦᠳᠴᠦ᠂ ᠮᠠᠨ ᠤ ᠬᠤᠰᠢᠭᠤᠨ ᠤ ᠣᠷᠣᠨ ᠨᠤᠲᠤᠭ ᠤᠨ | ᠣᠨᠴᠠᠯᠢᠭ ᠲᠠᠢ ᠬᠠᠤᠯᠢᠵᠢᠯ ᠤᠨ ᠰᠣᠶᠣᠯ ᠤᠨ ᠰᠣᠳᠣᠨ ᠪᠦᠲᠦᠭᠡᠯ ᠢ ᠵᠠᠰᠠᠭ ᠤᠨ ᠣᠷᠳᠣᠨ ᠪᠠᠶᠢᠴᠠᠭᠠᠬᠤ ᠬᠤᠷᠢᠶ᠎ᠠ | ᠬᠤᠯᠪᠤᠭᠠᠯᠠᠨ ᠬᠥᠳᠡᠯᠦᠯᠴᠡᠵᠦ᠂ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠶᠢᠨ ᠠᠮᠢᠳᠤᠯᠢᠭ ᠬᠦᠴᠦᠨ ᠢ | ᠬᠥᠭᠵᠢᠭᠡᠪᠡ︔ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠤᠨ | ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ 9 ᠵᠦᠢᠯ ᠤᠨ ᠬᠢᠨᠠᠨ ᠶᠠᠷᠢᠯᠴᠠᠭᠰᠠᠨ ᠰᠠᠨᠠᠯ ᠢ ᠬᠢᠨᠠᠨ | ᠶᠠᠷᠢᠯᠴᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠢ ᠲᠦᠯᠬᠢᠨ | ᠠᠬᠢᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ᠃ | ᠳᠡᠩᠰᠡᠯᠡᠵᠦ ᠬᠢᠨᠠᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ 2023 ᠣᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ᠂ ︽ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠳᠦᠷᠢᠮ ᠤᠨ ᠬᠠᠮᠢᠶᠠᠷᠤᠯᠲᠠ ᠶᠢᠨ | ᠠᠷᠭ᠎ᠠ︾ ᠶᠢ ᠬᠠᠤᠯᠢ ᠶᠣᠰᠣᠭᠠᠷ ᠳᠠᠩᠰᠠᠯᠠᠭᠤᠯᠪᠠ᠃ | ᠭᠤᠷᠪᠠ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠤᠢ ᠪᠣᠯᠭᠠᠬᠤ ᠪᠠᠷ ᠭᠤᠣᠯᠳᠠᠯᠭ᠎ᠠ ᠪᠣᠯᠭᠠᠬᠤ ᠶᠢ | ᠪᠠᠷᠢᠮᠲᠠᠯᠠᠵᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠳᠡᠮᠵᠢᠪᠡ | ᠬᠥᠭᠵᠢᠯᠲᠡ ᠶᠢᠨ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠪᠣᠯ ᠰᠢᠨ᠎ᠡ ᠴᠠᠭ ᠦᠶ᠎ᠡ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠡᠭᠦᠷᠭᠡ ᠪᠣᠯᠣᠨ᠎ᠠ᠃ ᠪᠠᠶᠢᠩᠭᠤ ᠶᠢᠨ ᠬᠤᠷᠢᠶ᠎ᠠ | ᠲᠥᠯᠥᠭᠡᠯᠡᠭᠴᠢᠳ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠢᠮᠠᠭᠲᠠ ᠬᠦᠨᠳᠦᠳᠬᠡᠵᠦ᠂ | ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠨ ᠪᠠᠲᠤᠯᠠᠵᠤ᠂ | ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠬᠤ ᠦᠨᠳᠦᠰᠦᠨ ᠱᠠᠲᠤᠨ ᠤ ᠰᠠᠭᠤᠷᠢ ᠶᠢ | ᠲᠠᠰᠤᠷᠠᠯᠲᠠ ᠦᠭᠡᠢ ᠪᠠᠲᠤᠳᠬᠠᠪᠠ᠃ | ᠪᠦᠬᠦᠨ ᠢ ᠬᠠᠮᠤᠷᠤᠨ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ | ᠴᠢᠩᠭᠠᠳᠬᠠᠪᠠ᠃ ︽ᠭᠠᠳᠠᠭᠰᠢ ᠭᠠᠷᠬᠤ︾ ᠪᠠ ︽ᠤᠷᠢᠵᠤ ᠠᠪᠴᠢᠷᠠᠬᠤ︾ ᠶᠢ ᠤᠶᠠᠯᠳᠤᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ 5 ᠬᠤᠭᠤᠴᠠᠭ᠎ᠠ ᠪᠣᠯᠪᠠᠰᠤᠷᠠᠭᠤᠯᠵᠤ᠂ ᠲᠦᠷᠪᠡᠨ ᠱᠠᠲᠤᠨ ᠤ ᠲᠥᠯᠥᠭᠡᠯᠡᠭᠴᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠲᠠᠨ ᠢ 520 ᠭᠠᠷᠤᠢ ᠬᠥᠮᠥᠨ ᠤᠳᠠᠭ᠎ᠠ | ᠪᠣᠯᠪᠠᠰᠤᠷᠠᠭᠤᠯᠪᠠ᠃ ᠵᠧᠵᠢᠶᠠᠩ ᠮᠤᠵᠢ ᠶᠢᠨ ᠬᠤᠵᠸᠤ ᠬᠤᠲᠠ ᠶᠢᠨ ᠨᠠᠨ ᠰᠢᠶᠦ᠋ᠨ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠮᠡᠷᠭᠡᠵᠢᠯᠲᠡᠨ ᠢ ᠤᠷᠢᠵᠤ᠂ ᠲᠥᠯᠥᠭᠡᠯᠡᠭᠴᠢᠳ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠶᠢᠨ ᠲᠣᠭᠤᠷᠢᠨ ᠳᠤ᠂ ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠲᠤ ᠰᠠᠨᠠᠯ ᠵᠥᠪᠯᠡᠯᠭᠡ ᠪᠠ ᠰᠠᠨᠠᠭᠤᠯᠭ᠎ᠠ ᠶᠢᠨ ᠬᠢᠴᠢᠶᠡᠯ ᠤᠷᠤᠭᠤᠯᠵᠤ᠂ | ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ | ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠣᠷᠳᠣᠰ ᠵᠡᠷᠭᠡ ᠭᠠᠵᠠᠷ ᠤᠨ ᠲᠥᠯᠥᠭᠡᠯᠡᠭᠴᠢᠳ ᠤᠨ ᠬᠤᠯᠪᠣᠭ᠎ᠠ ᠠᠪᠬᠤ | ᠦᠷᠳᠡᠭᠡ ᠶᠢᠨ ᠪᠦᠲᠦᠭᠡᠨ ᠪᠠᠶᠢᠭᠤᠯᠤᠯᠲᠠ᠂ ᠰᠣᠶᠣᠯ ᠵᠤᠭᠠᠴᠠᠯ ᠤᠨ ᠠᠵᠢᠯ᠂ ᠮᠠᠯ ᠠᠵᠤ ᠠᠬᠤᠢ ᠲᠠᠷᠢᠶᠠᠯᠠᠩ ᠤᠨ | ᠠᠵᠤ ᠦᠢᠯᠡᠰ ᠤᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠵᠡᠷᠭᠡ 5 ᠪᠦᠯᠦᠭ ᠤᠳᠠᠭ᠎ᠠ ᠶᠢᠨ ᠰᠤᠷᠤᠯᠴᠠᠯᠭ᠎ᠠ ᠰᠢᠨᠵᠢᠯᠡᠨ ᠪᠠᠶᠢᠴᠠᠭᠠᠯᠲᠠ ᠶᠢ ᠵᠣᠬᠢᠶᠠᠨ ᠪᠠᠶᠢᠭᠤᠯᠪᠠ᠃ | ᠲᠥᠯᠥᠭᠡᠯᠡᠭᠴᠢᠳ ᠤᠨ ᠬᠥᠭᠵᠢᠯᠲᠡ ᠶᠢᠨ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠤᠨ ᠳᠤᠮᠳᠠᠬᠢ ᠴᠢᠬᠤᠯᠠ | ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠥᠭᠡᠯᠡᠭᠴᠢᠳ ᠢ ᠤᠷᠢᠵᠤ ᠪᠠᠶᠢᠩᠭᠤ ᠶᠢᠨ ᠬᠤᠷᠢᠶᠠᠨ ᠤ | ᠬᠤᠷᠠᠯᠳᠤᠭᠠᠨ ᠳᠤ ᠰᠤᠯᠠ ᠣᠷᠣᠯᠴᠠᠭᠤᠯᠵᠤ᠂ ᠡᠷᠬᠢᠯᠡᠭᠴᠢ ᠶᠢᠨ ᠪᠠᠶᠢᠴᠠᠭᠠᠨ ᠦᠵᠡᠬᠦ᠂ ᠲᠤᠰᠬᠠᠢ ᠰᠡᠳᠦᠪᠲᠦ | ᠪᠠᠶᠢᠴᠠᠭᠠᠨ ᠰᠤᠳᠤᠯᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ 90 ᠬᠥᠮᠥᠨ ᠤᠳᠠᠭ᠎ᠠ | ᠣᠷᠣᠯᠴᠠᠭᠤᠯᠵᠤ᠂ ᠲᠥᠯᠥᠭᠡᠯᠡᠭᠴᠢᠳ ᠢ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠠᠯᠠᠯᠲᠠ ᠶᠢᠨ ᠪᠠᠶᠢᠴᠠᠭᠠᠨ ᠰᠤᠳᠤᠯᠤᠯᠲᠠ ᠳᠤ | 8 ᠬᠥᠮᠥᠨ ᠤᠳᠠᠭ᠎ᠠ ᠤᠷᠤᠯᠴᠠᠭᠤᠯᠪᠠ᠃ ︽ᠠᠷᠠᠳ ᠲᠦᠮᠡᠨ ᠡᠷᠬᠡ ᠮᠡᠳᠡᠵᠦ ᠡᠵᠡᠨ ᠰᠠᠭᠤᠭᠰᠠᠨ -- ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ | ᠪᠡᠯᠭᠡᠯᠡᠶ᠎ᠡ︾ ᠭᠡᠬᠦ ᠲᠤᠰᠬᠠᠢ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠢ ᠡᠷᠬᠢᠯᠡᠵᠦ᠂ ᠡᠯ᠎ᠡ | ᠱᠠᠲᠤᠨ ᠤ ᠲᠥᠯᠥᠭᠡᠯᠡᠭᠴᠢᠳ᠂ ᠤᠯᠠᠨ ᠲᠦᠮᠡᠨ 3000 ᠭᠠᠷᠤᠢ ᠬᠥᠮᠥᠨ ᠤᠳᠠᠭ᠎ᠠ ᠲᠣᠭᠤᠷᠢᠨ ᠦᠵᠡᠵᠦ᠂ | ᠲᠥᠯᠥᠭᠡᠯᠡᠭᠴᠢᠳ ᠪᠠ ᠤᠯᠠᠨ ᠲᠦᠮᠡᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ | ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ | ᠪᠦᠬᠦ ᠶᠠᠪᠤᠴᠠ ᠳᠤ ᠲᠥᠯᠥᠭᠡᠯᠡᠭᠴᠢ ᠶᠢᠨ ᠰᠠᠨᠠᠭᠤᠯᠭ᠎ᠠ ᠶᠢ ᠮᠥᠷᠳᠡᠨ ᠬᠢᠨᠠᠨ ᠭᠦᠢᠴᠡᠳᠬᠡᠪᠡ᠃ ᠲᠥᠯᠥᠭᠡᠯᠡᠭᠴᠢᠳ ᠤᠨ | ᠰᠠᠨᠠᠭᠤᠯᠭ᠎ᠠ ᠳᠤᠷᠠᠳᠬᠤ᠂ ᠰᠢᠢᠳᠪᠦᠷᠢᠯᠡᠬᠦ᠂ ᠬᠠᠷᠢᠭᠤ ᠲᠤᠰᠬᠠᠬᠤ᠂ ᠦᠨᠡᠯᠡᠬᠦ ᠲᠣᠭᠲᠠᠴᠠ ᠶᠢ ᠰᠢᠯᠢᠳᠡᠭᠵᠢᠭᠦᠯᠪᠡ᠃ | ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠲᠦᠷᠦᠭᠦᠯᠡᠨ ᠬᠢᠨᠠᠨ ᠰᠢᠢᠳᠪᠦᠷᠢᠯᠡᠭᠦᠯᠬᠦ᠂ ᠡᠯ᠎ᠡ ᠠᠵᠢᠯ ᠤᠨ ᠺᠣᠮᠢᠰ | ᠭᠤᠣᠯᠳᠠᠯᠭ᠎ᠠ ᠲᠠᠢ ᠪᠠᠷ ᠬᠢᠨᠠᠨ ᠰᠢᠢᠳᠪᠦᠷᠢᠯᠡᠭᠦᠯᠬᠦ᠂ ᠲᠥᠯᠥᠭᠡᠯᠡᠭᠴᠢᠳ ᠤᠨ ᠪᠦᠬᠦ ᠶᠠᠪᠤᠴᠠ ᠳᠤ ᠬᠢᠨᠠᠨ | ᠰᠢᠢᠳᠪᠦᠷᠢᠯᠡᠭᠦᠯᠬᠦ ᠳᠦᠷᠢᠮ ᠢ ᠪᠠᠷᠢᠮᠲᠠᠯᠠᠵᠤ᠂ ︽ᠲᠥᠯᠥᠭᠡᠯᠡᠭᠴᠢᠳ ᠬᠠᠨᠤᠮᠵᠢᠲᠠᠶ ᠪᠠᠶᠢᠬᠤ ᠡᠰᠡᠬᠦ᠂ ᠤᠯᠠᠨ ᠲᠦᠮᠡᠨ | ᠪᠠᠶᠠᠷᠯᠠᠵᠤ ᠪᠠᠶᠢᠬᠤ ᠡᠰᠡᠬᠦ︾ ᠪᠠᠷ ᠪᠠᠷᠢᠮᠵᠢᠶ᠎ᠠ ᠪᠣᠯᠭᠠᠨ ᠰᠢᠢᠳᠪᠦᠷᠢᠯᠡᠬᠦ ᠠᠵᠢᠯ ᠤᠨ ᠪᠣᠳᠠᠲᠤ ᠪᠦᠲᠦᠮᠵᠢ ᠶᠢ ᠰᠢᠯᠭᠠᠨ | ᠪᠠᠶᠢᠴᠠᠭᠠᠵᠤ᠂ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠪᠡ᠃ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷ᠎ᠡ ᠲᠥᠯᠥᠭᠡᠯᠡᠭᠴᠢᠳ ᠤᠨ | ᠳᠤᠷᠠᠳᠤᠭᠰᠠᠨ 69 ᠬᠤᠪᠢ ᠰᠠᠨᠠᠭᠤᠯᠭ᠎ᠠ ᠶᠢ ᠪᠦᠬᠦᠨ ᠢ ᠱᠠᠭᠠᠷᠳᠠᠯᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠪᠠ᠃ | ᠲᠥᠯᠥᠭᠡᠯᠡᠭᠴᠢᠳ ᠤᠨ ᠰᠠᠨᠠᠭᠤᠯᠭ᠎ᠠ ᠳᠤᠷᠠᠳᠬᠤ ᠠᠴᠠ ᠡᠮᠦᠨᠡᠬᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠢᠳᠪᠦᠷᠢᠯᠡᠬᠦ ᠠᠴᠠ ᠡᠮᠦᠨ᠎ᠡ ᠬᠠᠷᠢᠯᠴᠠᠵᠤ ᠨᠡᠪᠲᠡᠷᠡᠯᠴᠡᠬᠦ᠂ ᠰᠢᠢᠳᠪᠦᠷᠢᠯᠡᠬᠦ | ᠶᠠᠪᠤᠴᠠ ᠳᠤ ᠰᠠᠨᠠᠯ ᠬᠤᠷᠢᠶᠠᠬᠤ᠂ ᠰᠢᠢᠳᠪᠦᠷᠢᠯᠡᠭᠰᠡᠨ ᠤ ᠲᠠᠷᠠᠭ᠎ᠠ ᠲᠠᠬᠢᠨ ᠰᠤᠷᠪᠤᠯᠵᠢᠯᠠᠬᠤ ︽ᠭᠤᠷᠪᠠ ᠶᠢ | ᠵᠣᠯᠭᠠᠭᠤᠯᠬᠤ︾ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ ︽ | ᠠᠭᠤᠯᠭ᠎ᠠ ᠨᠢ ᠴᠢᠨᠠᠷ ᠰᠠᠶᠢᠲᠠᠢ᠂ ᠰᠢᠢᠳᠪᠦᠷᠢᠯᠡᠬᠦ ᠨᠢ ᠴᠢᠨᠠᠷ ᠰᠠᠶᠢᠲᠠᠢ︾ ᠪᠠᠶᠢᠬᠤ ᠶᠢ ᠠᠬᠢᠭᠤᠯᠪᠠ᠃ ᠬᠢᠨᠠᠨ | ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠠᠴᠠ ︽ᠤᠳᠤ | ᠦᠶ᠎ᠡ ᠶᠢᠨ ᠮᠠᠯ ᠠᠵᠤ ᠠᠬᠤᠢ ᠶᠢ ᠲᠦᠷᠭᠡᠪᠴᠢᠯᠡᠨ ᠬᠥᠭᠵᠢᠭᠦᠯᠬᠦ︾᠂ ︽ᠪᠠᠲᠤᠬᠠᠭᠠᠯᠭ᠎ᠠ ᠪᠠᠯᠭᠠᠰᠤ ᠠᠴᠠ | ᠪᠠᠶ᠋ᠬᠠᠤᠪᠤᠭ᠎ᠠ ᠬᠦᠷᠬᠦ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠪᠠᠶᠢᠭᠤᠯᠬᠤ︾᠂ ︽ᠦᠨᠳᠦᠰᠦᠨ ᠱᠠᠲᠤᠨ ᠤ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠴᠡᠯ ᠢ ᠰᠠᠶᠢᠵᠢᠷᠠᠭᠤᠯᠬᠤ︾ ᠵᠡᠷᠭᠡ 10 ᠵᠦᠢᠯ ᠤᠨ | ᠭᠤᠣᠯᠳᠠᠯᠭ᠎ᠠ ᠲᠠᠢ ᠰᠠᠨᠠᠭᠤᠯᠭ᠎ᠠ ᠶᠢ ᠲᠦᠷᠦᠭᠦᠯᠡᠨ ᠬᠢᠨᠠᠨ ᠰᠢᠢᠳᠪᠦᠷᠢᠯᠡᠭᠦᠯᠵᠦ᠂ ᠮᠠᠯ ᠠᠵᠤ ᠠᠬᠤᠢ ᠶᠢᠨ | ᠬᠥᠭᠵᠢᠯᠲᠡ ᠶᠢ ᠲᠦᠯᠬᠢᠨ ᠠᠬᠢᠭᠤᠯᠬᠤ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭᠲᠠᠢ | ᠲᠥᠬᠦᠭᠡᠷᠦᠮᠵᠢ᠂ ᠡᠮ ᠡᠮᠨᠡᠯᠭᠡ ᠶᠢᠨ ᠨᠥᠬᠦᠴᠡᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠲᠥᠯᠥᠭᠡᠯᠡᠭᠴᠢ ᠶᠢᠨ | ᠦᠢᠯᠡᠳᠦᠯ ᠢᠶᠠᠨ ᠪᠠᠳᠠᠷᠠᠭᠤᠯᠪᠠ᠃ ᠬᠤᠷᠠᠯ ᠲᠡᠭᠦᠰᠦᠭᠰᠡᠨ ᠬᠤᠭᠤᠴᠠᠭᠠᠨ ᠳᠤ ᠲᠥᠯᠥᠭᠡᠯᠡᠭᠴᠢᠳ ᠤᠨ ᠵᠠᠰᠠᠭ ᠤᠨ | ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠪᠦᠲᠦᠮᠵᠢᠲᠡᠶ ᠠᠷᠭ᠎ᠠ ᠵᠠᠮ ᠢ ᠰᠠᠭᠠᠳ ᠦᠭᠡᠢ | ᠨᠠᠪᠲᠠᠷᠡᠭᠦᠯᠵᠦ᠂ ᠲᠥᠯᠥᠭᠡᠯᠡᠭᠴᠢᠳ ᠤᠨ ᠪᠥᠬᠦ ᠬᠤᠰᠢᠭᠤᠨ ᠤ ᠠᠵᠤ ᠦᠢᠯᠡᠰ ᠤᠨ ᠬᠥᠭᠵᠢᠯᠲᠡ ᠪᠠ ᠠᠷᠠᠳ ᠤᠨ | ᠠᠮᠢᠳᠤᠷᠠᠯ ᠤᠨ ᠪᠠᠲᠤᠯᠠᠭ᠎ᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠢᠳᠡᠪᠬᠢᠲᠡᠢ ᠪᠠᠷ ᠰᠠᠨᠠᠯ ᠵᠥᠪᠯᠡᠯᠭᠡ | ᠳᠤᠷᠠᠳᠬᠤ ᠶᠢ ᠵᠣᠷᠢᠭᠵᠢᠭᠤᠯᠵᠤ᠂ ᠬᠤᠷᠠᠯ ᠲᠡᠭᠦᠰᠦᠭᠰᠡᠨ ᠬᠤᠭᠤᠴᠠᠭᠠᠨ ᠳᠤ ᠲᠥᠯᠥᠭᠡᠯᠡᠭᠴᠢᠳ ᠤᠨ ᠳᠤᠷᠠᠳᠤᠭᠰᠠᠨ | 23 ᠰᠠᠨᠠᠭᠤᠯᠭ᠎ᠠ ᠶᠢ ᠭᠥᠯᠢᠶᠡᠨ ᠠᠪᠴᠤ ᠪᠦᠬᠦᠨ ᠢ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠠᠷᠠᠳ ᠤᠨ ᠰᠠᠨᠠᠭ᠎ᠠ ᠶᠢ ᠴᠤᠭᠯᠠᠭᠤᠯᠤᠨ ᠲᠤᠰᠬᠠᠭᠰᠠᠨ ᠪᠥᠬᠦ ᠵᠢᠯ ᠳᠤ ︽ | ᠱᠤᠭᠤᠮ ᠠᠴᠠ ᠰᠠᠯᠬᠤ ᠦᠭᠡᠢ︾ ᠪᠠᠶᠢᠬᠤ ᠶᠢ ᠪᠡᠶᠡᠯᠡᠭᠦᠯᠪᠡ᠃ | ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠢ ᠪᠦᠬᠦ ᠲᠠᠯ᠎ᠠ ᠪᠠᠷ ᠪᠠᠶᠢᠭᠤᠯᠪᠠ᠃ | ︽ᠭᠤᠷᠪᠠᠨ ᠨᠢᠭᠡ︾ ᠶᠢᠨ ᠠᠵᠢᠯ ᠤᠨ ᠲᠣᠭᠲᠠᠴᠠ ︵ᠵᠢᠯ ᠤᠨ ᠳᠣᠲᠣᠷ᠎ᠠ ᠲᠥᠯᠥᠭᠡᠯᠡᠭᠴᠢ ᠨᠢᠭᠡᠪᠦᠷᠢ ᠨᠠᠭᠠᠲᠤ | ᠵᠠᠬ᠎ᠠ ᠳᠠᠭᠠᠨ ᠨᠢᠭᠡ ᠰᠠᠶᠢᠨ ᠶᠠᠪᠤᠳᠠᠯ ᠪᠣᠳᠠᠲᠤ ᠶᠠᠪᠤᠳᠠᠯ ᠢ ᠰᠢᠢᠳᠪᠦᠷᠢᠯᠡᠵᠦ᠂ ᠨᠢᠭᠡ ᠵᠦᠢᠯ ᠤᠨ ᠵᠠᠬᠢᠳᠠᠯ | ᠰᠣᠷᠪᠤᠯᠵᠢᠯᠠᠭ᠎ᠠ ᠶᠢᠨ ᠵᠥᠷᠢᠴᠡᠯ ᠢ ᠠᠷᠢᠯᠭᠠᠵᠤ᠂ ᠨᠢᠭᠡ ᠴᠢᠨᠠᠷ ᠰᠠᠶᠢᠲᠠᠢ ᠰᠠᠨᠠᠯ ᠰᠠᠨᠠᠭᠤᠯᠭ᠎ᠠ ᠳᠤᠷᠠᠳᠤᠨ᠎ᠠ︶ ᠪᠠᠷ ︽ | ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤᠵᠢᠭᠤᠯᠤᠨ ᠭᠦᠢᠴᠡᠳᠬᠡᠬᠦ | ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ ᠲᠥᠯᠥᠭᠡᠯᠡᠭᠴᠢᠳ ᠤᠨ ᠤᠯᠠᠨ ᠲᠦᠮᠡᠨ ᠲᠠᠢ ᠬᠠᠷᠢᠯᠴᠠᠬᠤ ᠠᠷᠭ᠎ᠠ ᠵᠠᠮ ᠢ | ᠥᠷᠭᠡᠳᠬᠡᠵᠦ᠂ ︽ᠲᠥᠯᠥᠭᠡᠯᠡᠭᠴᠢᠳ ᠤᠨ ᠰᠢᠭᠤᠳ ᠨᠡᠪᠲᠡᠷᠡᠭᠦᠯᠬᠦ ᠲᠠᠰᠤᠯᠭ᠎ᠠ︾ ᠶᠢᠨ ᠠᠵᠢᠯᠯᠠᠭ᠎ᠠ ᠶᠢ 14 | ᠤᠳᠠᠭ᠎ᠠ ᠥᠷᠨᠢᠭᠦᠯᠪᠡ᠃ ᠲᠥᠯᠥᠭᠡᠯᠡᠭᠴᠢᠳ ᠲᠠᠢ ᠬᠠᠷᠢᠯᠴᠠᠬᠤ ᠦᠢᠯᠡᠴᠢᠯᠡᠭᠡ ᠪᠠ ᠬᠠᠮᠢᠶᠠᠷᠤᠯᠲᠠ ᠶᠢᠨ ᠰᠢᠯᠭᠠᠨ | ᠦᠨᠡᠯᠡᠯᠲᠡ ᠶᠢ ᠴᠢᠩᠭᠠᠳᠬᠠᠵᠤ᠂ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠨᠠᠷ ᠰᠠᠨᠠᠭᠠᠴᠢᠯᠠᠭ᠎ᠠ ᠠᠴᠠ ᠪᠠᠨ | ᠦᠨᠳᠦᠰᠦᠨ ᠱᠠᠲᠤᠨ ᠳᠤ ᠭᠦᠨᠵᠡᠭᠡᠶᠢᠷᠡᠵᠦ ᠲᠥᠯᠥᠭᠡᠯᠡᠭᠴᠢᠳ ᠲᠠᠢ ᠬᠠᠷᠢᠯᠴᠠᠬᠤ ᠠᠵᠢᠯᠯᠠᠭ᠎ᠠ ᠶᠢ 90 ᠭᠠᠷᠤᠢ | ᠤᠳᠠᠭ᠎ᠠ ᠥᠷᠨᠢᠭᠦᠯᠪᠡ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠢ ᠥᠷᠭᠡᠨ ᠢᠶᠠᠷ ᠳᠠᠶᠢᠴᠢᠯᠠᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠵᠤ ᠪᠦᠬᠦ | ᠬᠤᠰᠢᠭᠤᠨ ᠤ ᠭᠤᠣᠯᠳᠠᠯᠭ᠎ᠠ ᠲᠠᠢ ᠠᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠬᠦᠴᠦᠨ ᠢ ᠡᠷᠭᠦᠵᠦ᠂ ︽︿ᠦᠨᠡᠨᠴᠢ ᠢᠲᠡᠭᠡᠮᠵᠢ ᠶᠢ ᠡᠷᠬᠢᠮᠯᠡᠵᠦ᠂ ᠢᠲᠡᠭᠡᠮᠵᠢ ᠶᠢ ᠰᠠᠬᠢᠬᠤ﹀ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ︿ᠦᠨᠡᠨᠴᠢ ᠢᠲᠡᠭᠡᠮᠵᠢᠲᠡᠢ ᠥᠪᠥᠷ | ᠮᠣᠩᠭᠤᠯ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ﹀ ᠠᠵᠢᠯᠯᠠᠭ᠎ᠠ ᠶᠢ ᠥᠷᠨᠢᠭᠦᠯᠬᠦ ᠰᠠᠨᠠᠭᠠᠴᠢᠯᠠᠭ᠎ᠠ ᠶᠢᠨ | ᠪᠢᠴᠢᠭ︾᠂ ︽ᠳᠠᠷᠬᠠᠨ ᠮᠤᠤᠮᠢᠩᠭᠠᠨ ᠢᠶᠠᠨ ᠬᠠᠶᠢᠷᠠᠯᠠᠵᠤ᠂ ᠰᠣᠶᠣᠯ ᠵᠢᠭᠤᠯᠴᠢᠯᠠᠯ ᠳᠤ ᠬᠤᠪᠢ ᠨᠡᠮᠡᠷᠢ ᠦᠵᠡᠭᠦᠯᠦᠶ᠎ᠡ | ︾ ᠰᠠᠨᠠᠭᠠᠴᠢᠯᠠᠭ᠎ᠠ ᠶᠢᠨ ᠪᠢᠴᠢᠭ ᠂ ︽ᠪᠣᠯᠪᠠᠰᠤᠨ ᠢᠶᠠᠷ ᠰᠦᠯᠵᠢᠶᠡᠨ ᠳᠤ ᠭᠠᠷᠬᠤ ᠰᠠᠨᠠᠭᠠᠴᠢᠯᠠᠭ᠎ᠠ ᠶᠢᠨ ᠪᠢᠴᠢᠭ︾ ᠢ | ᠨᠡᠶᠢᠲᠡᠯᠡᠵᠦ᠂ ᠪᠥᠬᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠰᠣᠶᠣᠯ ᠵᠢᠭᠤᠯᠴᠢᠯᠠᠯ᠂ ᠰᠦᠯᠵᠢᠶᠡᠨ ᠤ | ᠪᠣᠯᠪᠠᠰᠤᠨ ᠤ ︽ᠵᠢᠱᠢᠶ᠎ᠡ ᠦᠵᠡᠭᠦᠯᠦᠭᠴᠢ︾᠂ ︽ᠬᠢᠨᠠᠯᠲᠠ ᠲᠠᠯᠪᠢᠭᠴᠢ︾ ᠪᠠ ︽ᠤᠬᠠᠭᠤᠯᠤᠭᠴᠢ︾ ᠪᠣᠯᠬᠤ ᠪᠠᠷ | ᠴᠢᠷᠮᠠᠶᠢᠬᠤ ᠬᠡᠷᠡᠭᠲᠡᠢ ᠭᠡᠵᠦ ᠤᠷᠢᠶᠠᠯᠠᠪᠠ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠠᠵᠢᠯ ᠢ | ᠥᠷᠨᠢᠭᠦᠯᠵᠦ᠂ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠤᠯᠠᠨ ᠲᠦᠮᠡᠨ ᠤ ᠡᠮᠦᠨ᠎ᠡ ᠠᠴᠠ ᠦᠭᠡ ᠬᠡᠯᠡᠵᠦ᠂ | ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠤᠯᠠᠨ ᠲᠦᠮᠡᠨ ᠤ ᠬᠦᠴᠢᠷᠳᠡᠯ ᠢ ᠨᠢ | ᠬᠠᠪᠰᠤᠷᠤᠨ ᠰᠢᠢᠳᠪᠦᠷᠢᠯᠡᠵᠦ᠂ ᠦᠨᠳᠦᠰᠦᠨ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠨᠡᠶᠢᠲᠡ 30 | ᠭᠠᠷᠤᠢ ᠬᠤᠪᠢ ᠡᠶᠡᠳᠡᠭᠦᠯᠪᠡ᠃ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠠᠷᠭ᠎ᠠ ᠵᠠᠮ ᠪᠠ ᠲᠠᠪᠴᠠᠩ ᠢ ᠰᠠᠭᠠᠳ | ᠦᠭᠡᠢ ᠨᠠᠪᠲᠠᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠢᠷᠭᠡᠨ ᠤ ᠪᠠ | ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠳᠤ | ᠣᠷᠣᠯᠴᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 12 | ᠲᠥᠯᠥᠭᠡᠯᠡᠭᠴᠢ ᠶᠢ ᠣᠨᠴᠠ ᠤᠷᠢᠭᠰᠠᠨ ᠡᠶᠡᠳᠡᠭᠦᠯᠦᠭᠴᠢ ᠪᠠᠷ ᠤᠷᠢᠨ ᠲᠣᠮᠢᠯᠠᠵᠤ᠂ ᠵᠠᠭᠠᠯᠳᠤᠬᠤ ᠠᠴᠠ ᠡᠮᠦᠨ᠎ᠡ 28 | ᠬᠡᠷᠡᠭ ᠢ ᠡᠶᠡᠳᠡᠭᠦᠯᠪᠡ᠃ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ + 12345 | ᠤᠲᠠᠰᠤ︾ ᠶᠢᠨ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢ ᠬᠥᠲᠥᠯᠥᠨ ᠵᠢᠯᠤᠭᠤᠳᠴᠤ ᠬᠦᠴᠢᠷ ᠲᠦᠪᠡᠭᠲᠡᠢ ᠠᠵᠢᠯ ᠢ ᠰᠢᠢᠳᠪᠦᠷᠢᠯᠡᠭᠦᠯᠦᠨ᠂ | ᠬᠤᠯᠪᠣᠭᠳᠠᠯ ᠪᠦᠬᠦᠢ 10 ᠬᠤᠪᠢ ᠭᠤᠮᠣᠳᠠᠯ ᠱᠠᠭᠠᠷᠳᠠᠯᠭ᠎ᠠ ᠶᠢ ᠳᠠᠭᠠᠭᠠᠨ ᠠᠪᠴᠤ ᠰᠢᠢᠳᠪᠦᠷᠢᠯᠡᠪᠡ᠃ | ᠳᠥᠷᠪᠡ᠂ ᠦᠨᠳᠦᠰᠦ ᠶᠢ ᠪᠠᠬᠢᠵᠢᠭᠦᠯᠵᠦ ᠰᠠᠭᠤᠷᠢ ᠶᠢ ᠪᠠᠲᠤᠳᠬᠠᠬᠤ ᠪᠠᠷ ᠲᠤᠯᠭᠠᠭᠤᠷᠢ ᠪᠣᠯᠭᠠᠬᠤ ᠶᠢ | ᠪᠠᠷᠢᠮᠲᠠᠯᠠᠵᠤ᠂ ︽ᠲᠦᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠪᠦᠲᠦᠮᠵᠢᠲᠡᠢ ᠳᠡᠭᠡᠭᠰᠢᠯᠡᠭᠦᠯᠪᠡ | ︽ᠲᠦᠷᠪᠡᠨ ᠪᠠᠶᠢᠭᠤᠯᠭ᠎ᠠ︾ ᠶᠢ ᠪᠠᠶᠢᠭᠤᠯᠬᠤ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠤᠰ ᠪᠡᠶ᠎ᠡ ᠶᠢᠨ ᠪᠠᠶᠢᠭᠤᠯᠤᠯᠲᠠ ᠶᠢᠨ ᠲᠤᠬᠠᠢ ᠰᠢᠨ᠎ᠡ ᠪᠠᠶᠢᠷᠢ | ᠲᠣᠭᠲᠠᠭᠠᠯᠲᠠ ᠰᠢᠨ᠎ᠡ ᠱᠠᠭᠠᠷᠳᠠᠯᠭ᠎ᠠ ᠮᠥᠨ᠃ ᠪᠠᠶᠢᠩᠭᠤ ᠶᠢᠨ ᠬᠤᠷᠢᠶ᠎ᠠ ᠢᠮᠠᠭᠲᠠ ᠤᠯᠤᠰ ᠲᠦᠷᠦ ᠶᠢ ᠡᠷᠬᠢᠮᠯᠡᠬᠦ᠂ | ᠶᠡᠭᠡ ᠲᠠᠯ᠎ᠠ ᠶᠢ ᠬᠠᠷᠠᠭᠠᠯᠵᠠᠬᠤ᠂ ᠬᠠᠷᠢᠭᠤᠴᠠᠯᠭ᠎ᠠ ᠪᠠᠨ ᠭᠦᠢᠴᠡᠳᠬᠡᠬᠦ᠂ ᠬᠤᠷᠢᠭ᠎ᠠ ᠱᠤᠭᠤᠮ ᠢ ᠰᠠᠬᠢᠬᠤ ᠶᠢ | ᠲᠤᠪᠤᠶᠢᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰ ᠪᠡᠶ᠎ᠡ ᠶᠢᠨ ᠪᠠᠶᠢᠭᠤᠯᠤᠯᠲᠠ ᠶᠢᠨ | ᠰᠢᠨ᠎ᠡ ᠲᠠᠪᠰᠢᠯᠳᠠ ᠲᠠᠢ ᠪᠣᠯᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠢ ᠨᠠᠮ ᠤᠨ ᠲᠥᠪ ᠬᠤᠷᠢᠶ᠎ᠠ ᠰᠠᠨᠠᠭ᠎ᠠ ᠠᠮᠤᠷ᠂ ᠠᠷᠠᠳ ᠤᠯᠠᠨ ᠰᠡᠳᠬᠢᠯ ᠬᠠᠨᠤᠮᠵᠢᠲᠠᠶ ᠤᠯᠤᠰ | ᠲᠦᠷᠦ ᠶᠢᠨ ᠪᠠᠶᠢᠭᠤᠯᠭ᠎ᠠ᠂ ᠲᠦᠷᠦ ᠶᠢᠨ ᠡᠷᠬᠡᠲᠦ ᠪᠠᠶᠢᠭᠤᠯᠭ᠎ᠠ᠂ ᠠᠵᠢᠯᠯᠠᠬᠤ ᠪᠠᠶᠢᠭᠤᠯᠭ᠎ᠠ᠂ ᠲᠥᠯᠥᠭᠡᠯᠡᠬᠦ | ᠪᠠᠶᠢᠭᠤᠯᠭ᠎ᠠ ᠪᠤᠯᠭᠠᠬᠤ ᠪᠠᠷ ᠴᠢᠷᠮᠠᠶᠢᠨ ᠠᠵᠢᠯᠯᠠᠪᠠ᠃ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠤᠳᠠᠲᠠᠶᠢᠵᠢᠭᠤᠯᠪᠠ᠃ | ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠵᠤ᠂ ᠪᠠᠶᠢᠩᠭᠤ ᠶᠢᠨ ᠬᠤᠷᠢᠶ᠎ᠠ | ᠵᠢᠴᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ | ᠠᠵᠢᠯ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠠᠷᠢᠯᠴᠠᠨ ᠠᠬᠢᠭᠤᠯᠬᠤ᠂ | ᠭᠦᠨᠵᠡᠭᠡᠢ ᠠᠭᠤᠰᠤᠯᠴᠠᠬᠤ ᠶᠢ ᠲᠦᠯᠬᠢᠨ ᠠᠬᠢᠭᠤᠯᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠤᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ᠂ ᠰᠠᠬᠢᠯᠭ᠎ᠠ ᠪᠠᠲᠤ ᠪᠠ ᠶᠣᠰᠣ | ᠳᠦᠷᠢᠮ ᠢ ᠴᠠᠭ ᠢᠮᠠᠭᠲᠠ ᠲᠡᠷᠢᠭᠦᠨ ᠳᠤ ᠲᠠᠯᠪᠢᠪᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠭ᠎ᠠ ᠶᠢᠨ ᠺᠠᠳ᠋ᠷᠴᠤᠳ ᠢ ᠵᠣᠬᠢᠶᠠᠨ ᠪᠠᠶᠢᠭᠤᠯᠤᠨ ᠲᠦᠮᠡᠳ ᠪᠠᠷᠠᠭᠤᠨ | ᠬᠤᠰᠢᠭᠤᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ᠂ ᠪᠤᠭᠤᠲᠤ ᠶᠢᠨ ᠪᠣᠯᠣᠳ | ᠲᠡᠮᠦᠷ ᠤᠨ ᠺᠣᠮᠫᠠᠨᠢ ᠶᠢᠨ ᠪᠠᠶᠠᠨ᠋ᠣ᠋ᠪᠣᠭ᠎ᠠ ᠲᠡᠮᠦᠷ ᠤᠨ ᠠᠭᠤᠷᠬᠠᠢ ᠶᠢᠨ ᠲᠡᠦᠬᠡ ᠶᠢᠨ ᠦᠵᠡᠰᠬᠦᠯᠡᠩ ᠤᠨ ᠣᠷᠳᠣᠨ ᠳᠤ | ᠤᠴᠢᠭᠤᠯᠵᠤ ᠲᠣᠭᠤᠷᠢᠨ ᠦᠵᠡᠭᠦᠯᠵᠦ ᠰᠤᠷᠤᠯᠴᠠᠭᠤᠯᠤᠨ᠂ ᠪᠠᠶᠢᠭᠤᠯᠭ᠎ᠠ ᠶᠢᠨ ᠺᠠᠳ᠋ᠷᠴᠤᠳ ᠤᠨ ᠠᠵᠢᠯᠴᠢ | ᠬᠢᠴᠢᠶᠡᠩᠭᠦᠢ ᠪᠠᠷ ᠵᠠᠰᠠᠭ ᠪᠠᠷᠢᠵᠤ ᠠᠷᠢᠭᠤᠨ ᠴᠢᠬᠡᠴᠢ ᠪᠠᠷ ᠵᠠᠰᠠᠭ ᠪᠠᠷᠢᠬᠤ ᠦᠵᠡᠯ ᠤᠬᠠᠮᠰᠠᠷ ᠢ ᠴᠢᠩᠭᠠᠳᠬᠠᠵᠤ᠂ | ᠲᠥᠪ ᠴᠢᠬᠡᠴᠢ ᠬᠡᠪ ᠰᠤᠷᠲᠠᠯ ᠲᠠᠢ ᠠᠵᠢᠯ ᠬᠢᠵᠦ ᠠᠳᠠᠯ ᠦᠢᠯᠡᠰ ᠴᠣᠭᠴᠠᠯᠠᠬᠤ ᠠᠭᠤᠷ ᠠᠮᠢᠰᠬᠤᠯ ᠢ ᠪᠣᠶ ᠪᠤᠯᠭᠠᠪᠠ᠃ | ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ | ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠬᠠᠷᠢᠴᠠᠯᠠᠰᠢ ᠦᠭᠡᠢ ᠠᠮᠤᠷ ᠲᠦᠪᠰᠢᠨ ᠢ ᠦᠨᠡᠨ ᠬᠦ ᠪᠠᠲᠤᠯᠠᠪᠠ᠃ | ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠲᠦᠯᠬᠢᠨ | ᠠᠬᠢᠭᠤᠯᠪᠠ᠃ | ᠬᠦᠴᠦᠨ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠪᠠᠶᠢᠭᠤᠯᠭ᠎ᠠ ᠶᠢᠨ ᠣᠨᠣᠯ | ᠰᠤᠷᠤᠯᠴᠠᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠭ ᠵᠣᠬᠢᠶᠠᠯ ᠢ ᠨᠢ ᠤᠩᠰᠢᠵᠤ᠂ ᠤᠭ | ᠵᠣᠬᠢᠶᠠᠯ ᠢ ᠨᠢ ᠰᠤᠷᠴᠤ᠂ ᠤᠭ ᠶᠣᠰᠣ ᠶᠢ ᠨᠢ ᠤᠬᠠᠬᠤ ᠶᠢ ᠪᠠᠷᠢᠮᠲᠠᠯᠠᠵᠤ᠂ ᠥᠪᠡᠷ ᠤᠨ ᠪᠡᠶ᠎ᠡ ᠪᠠᠷ ᠢᠶᠠᠨ᠂ ᠡᠭᠦᠷᠭᠡ | ᠬᠠᠷᠢᠭᠤᠴᠠᠯᠭ᠎ᠠ ᠲᠠᠢ ᠪᠠᠷ ᠂ ᠺᠠᠳ᠋ᠷᠴᠤᠳ ᠤᠨ ᠳᠠᠭᠠᠭᠤᠯᠤᠨ ᠰᠤᠷᠤᠯᠴᠠᠬᠤ ᠪᠠ ᠶᠠᠷᠢᠶ᠎ᠠ ᠲᠠᠯᠪᠢᠬᠤ ᠶᠢ ᠢᠳᠡᠪᠬᠢᠲᠡᠢ ᠪᠠᠷ | ᠬᠠᠶᠢᠨ ᠰᠦᠪᠡᠭᠴᠢᠯᠡᠵᠦ᠂ ᠪᠠᠶᠢᠭᠤᠯᠭ᠎ᠠ ᠶᠢᠨ ᠪᠦᠬᠦ ᠺᠠᠳ᠋ᠷᠴᠤᠳ ᠢ ᠲᠣᠬᠢᠷᠠᠭᠤᠯᠤᠨ ᠨᠠᠮ ᠤᠨ ᠤᠳᠤᠷᠢᠳᠬᠤ | ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ | ᠰᠤᠷᠤᠯᠴᠠᠭᠤᠯᠵᠤ᠂ ᠭᠦᠨᠵᠡᠭᠡᠢ ᠣᠶᠢᠯᠠᠭᠠᠭᠰᠠᠨ ᠰᠠᠭᠤᠷᠢᠨ ᠳᠡᠭᠡᠷ᠎ᠡ ᠰᠤᠷᠤᠯᠴᠠᠭᠤᠯᠤᠨ ᠰᠣᠯᠢᠯᠴᠠᠭᠤᠯᠵᠤ᠂ ᠪᠦᠬᠦ | ᠵᠢᠯ ᠳᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯᠳᠤᠭᠠᠨ ᠢ 25 ᠤᠳᠠᠭ᠎ᠠ ᠲᠥᠪᠯᠡᠷᠡᠭᠦᠯᠦᠨ | ᠰᠤᠷᠤᠯᠴᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷᠴᠤᠳ ᠤᠨ ᠤᠯᠤᠰ ᠲᠦᠷᠦ ᠶᠢᠨ | ᠤᠨᠤᠯ ᠤᠨ ᠬᠢᠷᠢ ᠲᠦᠪᠰᠢᠨ ᠢ ᠪᠦᠲᠦᠮᠵᠢᠲᠡᠶ ᠪᠠᠷ ᠴᠢᠩᠭᠠᠷᠠᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ | ᠨᠡᠪᠲᠡᠷᠡᠯᠴᠡᠭᠦᠯᠬᠦ᠂ ᠮᠡᠳᠡᠬᠦ ᠢᠲᠡᠭᠡᠬᠦ ᠠᠵᠢᠯᠯᠠᠬᠤ ᠶᠢ ᠨᠢᠭᠡᠳᠬᠡᠬᠦ ᠶᠢ ᠴᠢᠷᠮᠠᠶᠢᠨ ᠪᠡᠶᠡᠯᠡᠭᠦᠯᠪᠡ᠃ ᠪᠠᠶᠢᠩᠭᠤ ᠶᠢᠨ | ᠬᠤᠷᠢᠶᠠᠨ ᠤ ᠠᠵᠢᠯ ᠤᠨ ᠳᠦᠷᠢᠮ᠂ ᠡᠷᠬᠢᠯᠡᠭᠴᠢᠳ ᠤᠨ ᠬᠤᠷᠠᠯᠳᠤᠭᠠᠨ ᠤ ᠬᠡᠷᠡᠭ ᠵᠥᠪᠯᠡᠬᠦ ᠳᠦᠷᠢᠮ᠂ ᠪᠠᠶᠢᠩᠭᠤ ᠶᠢᠨ | ᠬᠤᠷᠢᠶᠠᠨ ᠤ ᠪᠦᠷᠢᠯᠳᠦᠭᠦᠨ ᠨᠠᠷ ᠤᠨ ᠰᠠᠬᠢᠯᠭ᠎ᠠ ᠳᠦᠷᠢᠮ ᠢ ᠴᠢᠩᠭ᠎ᠠ ᠬᠡᠷᠡᠭᠵᠢᠭᠦᠯᠵᠦ᠂ ᠬᠡᠷᠡᠭ ᠵᠥᠪᠯᠡᠬᠦ | ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ | ᠠᠷᠠᠳᠴᠢᠯᠠᠯ᠂ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ︽ | ᠲᠠᠶᠢᠯᠪᠤᠷᠢᠯᠠᠯᠲᠠ ᠲᠠᠢ ᠰᠡᠳᠬᠢᠬᠦᠢ ᠶᠢ ᠪᠤᠢ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠡᠷᠢᠭᠦᠨ ᠤ | ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ | 11 ᠠᠰᠠᠭᠤᠳᠠᠯ ᠤᠨ ᠨᠠᠷᠢᠨ ᠲᠠᠩᠰᠠ︾ ᠲᠠᠢ ᠬᠠᠷᠢᠴᠠᠭᠤᠯᠤᠨ ᠨᠠᠷᠢᠨ ᠬᠢᠨᠠᠮᠠᠭᠠᠶ ᠪᠠᠶᠢᠴᠠᠭᠠᠨ ᠢᠯᠡᠷᠡᠭᠦᠯᠵᠦ᠂ | ᠨᠠᠮ ᠤᠨ ᠤᠳᠤᠷᠢᠳᠬᠤ ᠳᠤᠭᠤᠶᠢᠯᠠᠩ ᠵᠢᠴᠢ ᠤᠳᠤᠷᠢᠳᠬᠤ ᠪᠠᠭ ᠤᠨ ᠪᠦᠷᠢᠯᠳᠦᠬᠦᠨ ᠨᠡᠶᠢᠲᠡ 109 ᠠᠰᠠᠭᠤᠳᠠᠯ ᠢ | ᠪᠠᠶᠢᠴᠠᠭᠠᠨ ᠢᠯᠡᠷᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠨᠳᠤᠯᠭᠠᠲᠤ | ᠴᠢᠨᠠᠷᠲᠠᠶ ᠪᠠᠷ ᠳᠤᠷᠠᠳᠤᠨ ᠭᠠᠷᠭᠠᠵᠤ᠂ ᠮᠡᠳᠡᠮᠡᠭᠴᠡ ᠰᠠᠶᠢᠵᠢᠷᠠᠭᠤᠯᠵᠤ᠂ ᠦᠨᠡᠨ ᠠᠳᠬᠤᠵᠤ ᠦᠨᠡᠨ ᠬᠦ | ᠦᠭᠡᠷᠡᠴᠢᠯᠡᠪᠡ᠃ ᠬᠡᠯᠪᠡᠷᠢ ᠶᠢᠨ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ | ᠴᠡᠭᠴᠡᠯᠡᠨ ᠵᠠᠰᠠᠬᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ | ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠵᠡᠷᠭᠡ ᠠᠰᠠᠭᠤᠳᠠᠯ ᠢ ᠲᠤᠰᠬᠠᠶᠢᠯᠠᠨ ᠴᠡᠭᠴᠡᠯᠡᠨ | ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠺᠠᠳ᠋ᠷᠴᠤᠳ ᠤᠨ ᠵᠣᠷᠢᠭ ᠰᠠᠨᠠᠭ᠎ᠠ ᠶᠢ ᠲᠠᠬᠢᠨ ᠬᠥᠭᠵᠢᠭᠡᠬᠦ᠂ ᠴᠢᠳᠠᠪᠤᠷᠢ ᠶᠢ ᠲᠠᠬᠢᠨ ᠳᠡᠭᠡᠭᠰᠢᠯᠡᠭᠦᠯᠬᠦ ᠶᠢ ᠲᠦᠯᠬᠢᠨ | ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠡᠯ᠎ᠡ ᠵᠦᠢᠯ ᠤᠨ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ | ᠴᠢᠩᠭᠠᠳᠬᠠᠨ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠪᠠᠶᠢᠩᠭᠤ ᠶᠢᠨ ᠬᠤᠷᠢᠶᠠᠨ ᠤ | ᠡᠯ᠎ᠡ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠸᠢᠴᠠᠲ ᠤᠨ ᠨᠡᠶᠢᠲᠡ ᠶᠢᠨ ᠳ᠋ᠤᠭᠠᠷ ᠢ 116 ᠬᠤᠭᠤᠴᠠᠭ᠎ᠠ ᠨᠠᠶᠢᠷᠠᠭᠤᠯᠤᠨ ᠲᠠᠷᠬᠠᠭᠠᠵᠤ᠂ ᠳᠡᠭᠡᠳᠦ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠬᠠᠮᠢᠶ᠎ᠠ ᠪᠦᠬᠦᠢ ᠰᠣᠨᠢᠨ ᠰᠡᠳᠬᠦᠯ 29 | ᠬᠤᠪᠢ ᠶᠢ ᠨᠢ ᠭᠥᠯᠢᠶᠡᠨ ᠠᠪᠴᠤ᠂ ᠡᠭᠦᠨ ᠳᠤ ︽ᠠᠷᠠᠳ ᠤᠨ ᠲᠥᠯᠥᠭᠡᠯᠡᠭᠴᠢᠳ ᠤᠨ ᠰᠣᠨᠢᠨ︾ 4 ᠬᠤᠪᠢ ᠶᠢ | ᠨᠢ ᠭᠥᠯᠢᠶᠡᠨ ᠠᠪᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ 5 | ᠬᠤᠪᠢ ᠶᠢ ᠨᠢ ᠭᠥᠯᠢᠶᠡᠨ ᠠᠪᠴᠤ᠂ ᠳᠠᠷᠬᠠᠨ ᠮᠤᠤᠮᠢᠩᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠥᠯᠢᠭᠡᠷ ᠢ ᠰᠠᠶᠢᠲᠤᠷ ᠶᠠᠷᠢᠬᠤ ᠳᠤ ᠦᠷᠭᠦᠯᠵᠢᠯᠡᠨ ᠬᠦᠴᠦ ᠨᠡᠮᠡᠷᠢᠯᠡᠭᠰᠡᠨ ᠪᠠᠶᠢᠨ᠎ᠠ᠃ ᠦᠨᠳᠦᠰᠦᠨ ᠬᠠᠤᠯᠢ ᠶᠢᠨ | ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠳᠠᠭᠠᠭᠠᠴᠢᠯᠠᠨ ᠬᠤᠯᠪᠤᠭᠠᠯᠠᠵᠤ ᠪᠠᠶᠢᠭ᠎ᠠ | ᠨᠡᠶᠢᠭᠡᠮ ᠲᠣᠭᠤᠷᠢᠭ ᠲᠤ ᠭᠦᠨᠵᠡᠭᠡᠶᠢᠷᠡᠨ 300 ᠭᠠᠷᠤᠢ ᠲᠥᠯᠥᠭᠡᠯᠡᠭᠴᠢ ᠪᠠ ᠤᠯᠠᠨ ᠲᠦᠮᠡᠨ ᠢ ᠵᠣᠬᠢᠶᠠᠨ | ᠪᠠᠶᠢᠭᠤᠯᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯᠯᠠᠭ᠎ᠠ ᠳᠤ ᠣᠷᠣᠯᠴᠠᠭᠤᠯᠵᠤ᠂ ᠠᠷᠠᠳ ᠤᠯᠠᠨ ᠢ | ᠬᠥᠮᠥᠵᠢᠭᠦᠯᠦᠨ ᠬᠥᠲᠥᠯᠥᠨ ᠵᠢᠯᠤᠭᠤᠳᠴᠤ ᠦᠨᠳᠦᠰᠦᠨ ᠬᠠᠤᠯᠢ ᠶᠢ ᠦᠨᠡᠨᠴᠢ ᠰᠢᠳᠤᠷᠭᠤ ᠪᠠᠷ ᠡᠷᠬᠢᠮᠯᠡᠭᠴᠢ᠂ | ᠤᠬᠠᠮᠰᠠᠷ ᠠᠴᠠ ᠪᠠᠨ ᠰᠠᠬᠢᠭᠴᠢ ᠪᠠ ᠡᠷᠡᠰ ᠪᠠᠲᠤ ᠬᠠᠮᠠᠭᠠᠯᠠᠭᠴᠢ ᠪᠤᠯᠭᠠᠪᠠ᠃ | ᠬᠠᠮᠵᠢᠯᠴᠠᠨ ᠬᠠᠮᠲᠤᠷᠠᠯᠴᠠᠬᠤ ᠶᠢ ᠪᠥᠬᠦ ᠲᠠᠯ᠎ᠠ ᠪᠠᠷ ᠴᠢᠩᠭᠠᠳᠬᠠᠪᠠ᠃ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠤᠰᠤᠳ ᠭᠠᠵᠠᠷ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠠᠨ ᠤ ᠬᠤᠰᠢᠭᠤᠨ ᠳᠤ ᠥᠷᠨᠢᠭᠦᠯᠦᠭᠰᠡᠨ ᠬᠠᠮᠢᠶ᠎ᠠ ᠪᠦᠬᠦᠢ | ᠪᠠᠶᠢᠴᠠᠭᠠᠨ ᠰᠤᠳᠤᠯᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠳᠤ 20 ᠭᠠᠷᠤᠢ | ᠤᠳᠠᠭ᠎ᠠ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠣᠷᠣᠯᠴᠠᠵᠤ᠂ ᠲᠡᠷᠢᠭᠦᠨ ᠤ ᠭᠠᠵᠠᠷ | ᠣᠷᠣᠨ ᠪᠠ ᠬᠥᠷᠰᠢ ᠵᠡᠷᠭᠡᠯᠡᠳᠡᠭᠡ ᠬᠤᠰᠢᠭᠤ ᠣᠷᠣᠨ ᠤ ᠠᠮᠵᠢᠯᠲᠠᠲᠠᠢ ᠲᠤᠷᠰᠢᠯᠭ᠎ᠠ ᠪᠠᠷ ᠲᠣᠯᠢ ᠪᠣᠯᠭᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠳᠠᠷᠬᠠᠨ ᠮᠤᠤᠮᠢᠩᠭᠠᠨ | ᠬᠤᠯᠪᠤᠭᠠᠲᠤ ᠬᠤᠰᠢᠭᠤᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠲᠤᠬᠠᠢ ᠰᠠᠨᠠᠭᠤᠯᠭ᠎ᠠ︾ ᠶᠢ ᠭᠦᠢᠴᠡᠳᠬᠡᠬᠦ ᠶᠢ ᠢᠳᠡᠪᠬᠢᠲᠡᠢ ᠠᠬᠢᠭᠤᠯᠪᠠ᠃ | ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠪᠦᠯᠬᠦᠮ ᠳᠠᠭᠠᠭᠤᠯᠤᠨ ᠰᠤᠮᠤ ᠰᠢᠶᠠᠩ | ᠪᠠᠯᠭᠠᠰᠤᠨ ᠳᠤ ᠭᠦᠨᠵᠡᠭᠡᠶᠢᠷᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢ ᠵᠢᠯᠣᠭᠤᠳᠤᠨ ᠬᠤᠷᠠᠯᠳᠤᠭᠤᠯᠵᠤ᠂ ᠰᠤᠮᠤ ᠰᠢᠶᠠᠩ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢ ᠬᠠᠪᠰᠤᠷᠤᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ | ᠠᠰᠠᠭᠤᠳᠠᠯ ᠢ ᠨᠢ ᠰᠢᠢᠳᠪᠦᠷᠢᠯᠡᠵᠦ᠂ ᠳᠡᠭᠡᠳᠦ ᠳᠣᠣᠷᠠᠳᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠬᠤᠯᠪᠤᠭ᠎ᠠ ᠶᠢ ᠪᠦᠲᠦᠮᠵᠢᠲᠡᠶ ᠠᠬᠢᠭᠤᠯᠪᠠ᠃ | ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ ᠣᠯᠣᠭᠰᠠᠨ ᠠᠵᠢᠯ ᠤᠨ ᠠᠮᠵᠢᠯᠲᠠ ᠪᠦᠲᠦᠮᠵᠢ ᠶᠢᠨ | ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠪᠣᠯᠣᠨ᠎ᠠ᠂ ᠬᠤᠰᠢᠭᠤᠨ ᠤ ᠨᠠᠮ ᠤᠨ | ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ | ᠪᠥᠬᠦ ᠲᠥᠯᠥᠭᠡᠯᠡᠭᠴᠢ᠂ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠪᠣᠯᠣᠨ ᠪᠠᠶᠢᠩᠭᠤ ᠶᠢᠨ ᠬᠤᠷᠢᠶ᠎ᠠ ᠶᠢᠨ | ᠪᠠᠶᠢᠭᠤᠯᠭ᠎ᠠ ᠶᠢᠨ ᠠᠵᠢᠯᠲᠠᠨ ᠤ ᠰᠢᠷᠭᠠᠭᠤ ᠠᠵᠢᠯᠯᠠᠵᠤ᠂ ᠬᠠᠮᠲᠤ ᠪᠠᠷ ᠴᠢᠷᠮᠠᠶᠢᠭᠰᠠᠨ ᠤ ᠦᠷ᠎ᠡ ᠳ᠋ᠦᠩ ᠮᠥᠨ᠂ ︽ | ᠨᠢᠭᠡ ᠣᠷᠳᠣᠨ ᠨᠢᠭᠡ ᠬᠤᠷᠢᠶ᠎ᠠ ᠬᠤᠶᠠᠷ ᠬᠤᠷᠢᠶ᠎ᠠ︾ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠨᠢᠭᠲᠠ ᠬᠠᠮᠵᠢᠯᠴᠠᠵᠤ᠂ ᠪᠦᠯᠬᠦᠮᠳᠡᠨ | ᠬᠠᠮᠵᠢᠯᠴᠠᠭᠰᠠᠨ ᠤ ᠦᠷ᠎ᠡ ᠳ᠋ᠦᠩ ᠮᠥᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ | ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠦᠢᠴᠡᠳ ᠢᠲᠡᠭᠡᠵᠦ᠂ ᠶᠡᠭᠡ ᠪᠠᠷ ᠳᠡᠮᠵᠢᠭᠰᠡᠨ ᠤ ᠦᠷ᠎ᠡ ᠳ᠋ᠦᠩ | ᠮᠥᠨ᠃ ᠠᠳᠡ ᠪᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠮᠦᠨ᠎ᠡ ᠠᠴᠠ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ | ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ | ᠱᠠᠭᠠᠷᠳᠠᠯᠭ᠎ᠠ ᠶᠢ ᠪᠠᠷᠢᠮᠵᠢᠶᠠᠯᠠᠬᠤ ᠳᠤ᠂ ᠪᠠᠶᠢᠩᠭᠤ ᠶᠢᠨ ᠬᠤᠷᠢᠶᠠᠨ ᠤ ᠠᠵᠢᠯ ᠳᠤ ᠪᠠᠰᠠ ᠵᠠᠷᠢᠮ ᠵᠥᠷᠢᠶ᠎ᠡ ᠪᠠ | ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠣᠯᠪᠠ᠃ ᠡᠭᠦᠨ ᠳᠤ | ᠭᠤᠣᠯᠳᠠᠭᠤ᠄ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠢᠯᠡᠳᠦᠯᠭᠡ ᠶᠢ ᠪᠠᠰᠠ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠴᠢᠬᠤᠯᠠᠲᠠᠢ᠂ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠪᠠ ᠤᠯᠠᠨ ᠲᠦᠮᠡᠨ ᠲᠠᠢ | ᠬᠠᠷᠢᠯᠴᠠᠬᠤ ᠥᠷᠭᠡᠨ ᠳᠡᠯᠭᠡᠷ ᠴᠢᠨᠠᠷ ᠢ ᠪᠠᠰᠠ ᠤᠯᠠᠮ ᠨᠢᠭᠡ ᠠᠯᠬᠤᠮ ᠥᠷᠭᠡᠳᠬᠡᠬᠦ ᠴᠢᠬᠤᠯᠠᠲᠠᠢ᠂ | ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯ ᠴᠢᠳᠠᠪᠤᠷᠢ ᠶᠢ ᠪᠠᠳᠠᠷᠠᠭᠤᠯᠬᠤ ᠶᠢ | ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠂ ᠰᠤᠮᠤ ᠰᠢᠶᠠᠩ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠰᠠ ᠤᠯᠠᠮ ᠨᠢᠭᠡ ᠠᠯᠬᠤᠮ ᠪᠠᠬᠢᠵᠢᠭᠦᠯᠬᠦ ᠴᠢᠬᠤᠯᠠᠲᠠᠢ ᠪᠠᠶᠢᠨ᠎ᠠ | ᠃ ᠪᠠᠶᠢᠩᠭᠤ ᠶᠢᠨ ᠬᠤᠷᠢᠶ᠎ᠠ ᠡᠳᠡᠭᠡᠷ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠲᠥᠯᠥᠭᠡᠯᠡᠭᠴᠢᠳ ᠪᠣᠯᠣᠨ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠢ ᠪᠠᠷ ᠰᠣᠨᠣᠰᠴᠤ᠂ | ᠬᠦᠴᠦᠲᠡᠢ ᠠᠷᠭ᠎ᠠ ᠬᠡᠮᠵᠢᠶ᠎ᠡ ᠠᠪᠴᠤ ᠦᠨᠡᠨ ᠬᠦ ᠬᠠᠯᠠᠨ ᠰᠠᠶᠢᠵᠢᠷᠠᠭᠤᠯᠬᠤ ᠪᠣᠯᠣᠨ᠎ᠠ᠃ | 2025 ᠣᠨ ᠤ ᠭᠤᠣᠯ ᠠᠵᠢᠯ ᠤᠨ ᠲᠣᠬᠢᠷᠠᠭᠤᠯᠤᠯᠲᠠ | ᠲᠥᠯᠥᠭᠡᠯᠡᠭᠴᠢᠳ ᠠ᠋︕ | 2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ᠂ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠶᠢᠨ ᠵᠢᠯ ᠮᠥᠨ᠃ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠶᠡᠷᠦᠩᠬᠡᠢ | ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠭᠤᠣᠯ ᠠᠵᠢᠯ ᠤᠨ ᠲᠣᠭᠤᠷᠢᠨ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ | ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠠᠵᠢᠯ ᠢ ᠰᠠᠶᠢᠲᠤᠷ ᠬᠢᠵᠦ᠂ ᠬᠤᠰᠢᠭᠤᠨ ᠤ ᠨᠠᠮ ᠤᠨ ᠬᠤᠷᠢᠶᠠᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠠᠴᠠ ᠲᠣᠬᠢᠷᠠᠭᠤᠯᠤᠨ ᠪᠠᠶᠢᠷᠢᠯᠠᠭᠤᠯᠤᠭᠰᠠᠨ | ︽ᠲᠤᠯᠤᠭᠠᠨ ᠶᠡᠭᠡ ᠢᠨᠵᠧᠨᠧᠷᠢᠩ︾ ᠢ ᠪᠥᠬᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ | ᠬᠥᠭᠵᠢᠯᠲᠡ ᠶᠢᠨ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠵᠦ᠂ ᠮᠠᠨ ᠤ | ᠬᠤᠰᠢᠭᠤᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ | ᠰᠠᠶᠢᠲᠠᠢ ᠪᠡᠶᠡᠯᠡᠭᠦᠯᠵᠦ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠰᠠᠶᠢᠨ ᠡᠬᠢᠯᠡᠯᠲᠡ ᠶᠢ | ᠪᠡᠶᠡᠯᠡᠭᠦᠯᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠨ᠎ᠡ᠃ | ᠨᠢᠭᠡ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠨᠡᠩ ᠰᠠᠶᠢᠨ ᠪᠠᠷᠢᠮᠲᠠᠯᠠᠵᠤ᠂ ᠦᠵᠡᠯ ᠰᠠᠨᠠᠭ᠎ᠠ | ᠤᠯᠤᠰ ᠲᠦᠷᠦ ᠶᠢᠨ ᠵᠢᠯᠣᠭᠤᠳᠤᠯᠭ᠎ᠠ ᠶᠢᠨ ᠲᠠᠯ᠎ᠠ ᠪᠠᠷ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠷᠢᠭᠤᠴᠠᠯᠭ᠎ᠠ︾ ᠶᠢ ᠡᠭᠦᠷᠭᠡᠯᠡᠨ᠎ᠡ | ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠤᠯᠠᠮ ᠴᠢᠨᠠᠭᠰᠢᠳᠠ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ | ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ | ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠣᠶᠢᠯᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠡ ᠲᠤᠰᠢᠶᠠᠯ ᠢᠶᠠᠨ ᠬᠠᠤᠯᠢ ᠶᠣᠰᠣᠭᠠᠷ | ᠬᠡᠷᠡᠭᠵᠢᠭᠦᠯᠬᠦ ᠳᠤᠮᠳᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠢᠲᠡᠭᠡᠯ ᠢᠶᠠᠨ | ᠨᠡᠩ ᠪᠠᠲᠤᠳᠬᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠪᠦᠬᠦ | ᠲᠠᠯ᠎ᠠ ᠶᠢᠨ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠬᠤ᠂ ᠠᠵᠤ ᠠᠬᠤᠢ ᠨᠡᠶᠢᠭᠡᠮ ᠤᠨ | ᠬᠥᠭᠵᠢᠯᠲᠡ ᠪᠠ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠳᠡᠮᠵᠢᠬᠦ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠥᠪ ᠣᠨᠣᠪᠴᠢᠲᠠᠶ ᠠᠵᠢᠯ ᠤᠨ ᠠᠮᠵᠢᠯᠲᠠ ᠶᠢᠨ ᠦᠵᠡᠯᠲᠡ ᠶᠢ ᠪᠣᠶ | ᠪᠣᠯᠭᠠᠵᠤ᠂ ︽ᠲᠠᠶᠢᠯᠪᠤᠷᠢ ᠲᠠᠢ ᠰᠡᠳᠬᠢᠬᠦᠢ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ | ᠲᠡᠷᠢᠭᠦᠨ ᠤ ᠠᠵᠢᠯ ᠤᠨ ᠠᠮᠵᠢᠯᠲᠠ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠡᠭᠦᠷᠭᠡᠯᠡᠯ ᠲᠠᠢ ᠪᠥᠭᠡᠳ ᠵᠢᠳᠬᠦᠯ ᠴᠢᠷᠮᠠᠶᠢᠯᠭ᠎ᠠ ᠲᠠᠢ ᠠᠵᠢᠯ ᠤᠨ ᠣᠪᠣᠷ ᠢᠶᠠᠷ | ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ | ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ | ᠠᠬᠢᠭᠤᠯᠬᠤ ᠬᠡᠷᠡᠭᠲᠡᠢ᠃ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ | ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ | ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠪᠠ ᠪᠥᠬᠦ ᠬᠤᠰᠢᠭᠤᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠤᠨ | ᠲᠣᠭᠤᠷᠢᠨ ᠳᠤ᠂ ᠬᠠᠤᠯᠢ ᠶᠣᠰᠣᠭᠠᠷ ᠰᠢᠢᠳᠪᠦᠷᠢ ᠭᠠᠷᠭᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠠᠭ ᠲᠤᠬᠠᠢ ᠳᠤᠨᠢ ᠪᠥᠬᠦ ᠬᠤᠰᠢᠭᠤᠨ ᠤ ᠠᠷᠠᠳ ᠲᠦᠮᠡᠨ ᠤ | ᠬᠠᠮᠲᠤ ᠶᠢᠨ ᠵᠣᠷᠢᠭ ᠰᠠᠨᠠᠭ᠎ᠠ ᠪᠠ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃ ᠦᠨᠳᠦᠰᠦᠨ ᠬᠠᠤᠯᠢ ᠪᠠ | ᠬᠠᠤᠯᠢ ᠴᠠᠭᠠᠵᠠ ᠠᠴᠠ ᠣᠯᠭᠤᠭᠰᠠᠨ ᠴᠢᠬᠤᠯᠠ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ | ᠠᠵᠢᠯᠲᠠᠨ ᠢ ᠲᠣᠮᠢᠯᠠᠵᠤ ᠪᠠᠭᠤᠯᠭᠠᠬᠤ ᠠᠵᠢᠯ ᠢ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠣᠩᠭᠤᠬᠤ ᠪᠠ ᠲᠤᠰᠢᠶᠠᠯ ᠳᠤ ᠲᠣᠮᠢᠯᠠᠬᠤ ᠬᠥᠮᠥᠰ ᠲᠤ ᠲᠠᠯᠪᠢᠬᠤ | ᠬᠢᠨᠠᠯᠲᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠵᠤ ᠲᠤᠰᠢᠶᠠᠯ ᠳᠤ | ᠲᠣᠮᠢᠯᠠᠬᠤ ᠬᠥᠮᠥᠰ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠳᠤ | ᠦᠢᠯᠡᠴᠢᠯᠡᠬᠦ ᠶᠢ ᠬᠢᠨᠠᠨ ᠱᠠᠭᠠᠷᠳᠠᠨ᠎ᠠ᠃ | ᠬᠤᠶᠠᠷ᠂ ᠬᠢᠨᠠᠯᠲᠠ ᠲᠠᠯᠪᠢᠬᠤ ᠬᠠᠳᠠᠨ ᠴᠢᠨᠠᠷᠲᠠᠢ ᠪᠣᠳᠠᠲᠤ ᠦᠷ᠎ᠡ ᠪᠦᠲᠦᠮᠵᠢ ᠶᠢ ᠨᠡᠩ ᠳᠡᠭᠡᠭᠰᠢᠯᠡᠭᠦᠯᠵᠦ᠂ | ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠠᠯ᠎ᠠ ᠪᠠᠷ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠦᠴᠦᠨ ᠴᠢᠳᠠᠯ︾ ᠢ ᠨᠡᠮᠡᠷᠢᠯᠡᠨ᠎ᠡ | ᠡᠯ᠎ᠡ ᠲᠦᠷᠦᠯ ᠤᠨ ᠬᠠᠤᠯᠢ ᠪᠠᠷ ᠲᠣᠭᠲᠠᠭᠠᠭᠰᠠᠨ ᠬᠢᠨᠠᠯᠲᠠ ᠲᠠᠯᠪᠢᠬᠤ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ | ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ ᠠᠷᠭ᠎ᠠ ᠮᠠᠶ᠋ᠢᠭ ᠢ ᠲᠠᠰᠤᠷᠠᠯᠲᠠ ᠦᠭᠡᠢ ᠰᠠᠶᠢᠵᠢᠷᠠᠭᠤᠯᠤᠨ | ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠪᠦᠬᠦ ᠲᠠᠯ᠎ᠠ ᠪᠠᠷ ᠪᠦᠲᠦᠮᠵᠢᠲᠡᠢ | ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠨ᠎ᠠ᠃ ᠲᠥᠯᠥᠪᠯᠡᠭᠡ᠂ ᠲᠥᠰᠥᠪ ᠢ ᠬᠢᠨᠠᠨ ᠪᠠᠶᠢᠴᠠᠭᠠᠬᠤ ᠵᠢᠷᠤᠮ ᠢ ᠤᠯᠠᠮ | ᠨᠢᠭᠡ ᠠᠯᠬᠤᠮ ᠵᠢᠷᠤᠮᠵᠢᠭᠤᠯᠵᠤ᠂ ᠲᠥᠰᠥᠪ ᠪᠠ ᠲᠥᠰᠥᠪ ᠤᠨ ᠭᠦᠢᠴᠡᠳᠬᠡᠯ ᠢ ᠬᠢᠨᠠᠨ ᠪᠠᠶᠢᠴᠠᠭᠠᠬᠤ ᠪᠠ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠵᠠᠰᠠᠭ ᠤᠨ ᠣᠷᠳᠣᠨ ᠤ ᠥᠭᠴᠡᠭᠡᠨ ᠤ | ᠬᠠᠮᠢᠶᠠᠷᠤᠯᠲᠠ ᠳᠤ ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠵᠤ᠂ ᠲᠥᠯᠥᠪᠯᠡᠭᠡ ᠪᠠ ᠲᠥᠰᠥᠪ ᠲᠤ | ᠬᠢᠨᠠᠯᠲᠠ ᠲᠠᠯᠪᠢᠬᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠭᠦᠷᠡᠰᠦᠲᠥ᠋ᠷᠥᠭᠴᠢ ᠦᠭᠡᠢ | ᠬᠦᠷᠢᠶᠡᠯᠡᠩ ᠲᠣᠭᠤᠷᠢᠭ ᠤᠨ ᠬᠥᠭᠵᠢᠯᠲᠡ᠂ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠥᠷᠭᠡᠳᠬᠡᠬᠦ᠂ ︽ᠳᠠᠷᠬᠠᠨ | ᠮᠤᠤᠮᠢᠩᠭᠠᠨ ᠤ ᠲᠠᠯ᠎ᠠ ᠨᠤᠲᠤᠭ ᠤᠨ ᠬᠤᠨᠢ︾ ᠶᠢᠨ ᠨᠠᠷᠠᠲᠤ ᠲᠡᠮᠳᠡᠭᠲᠦ ᠶᠢᠨ ᠬᠠᠮᠠᠭᠠᠯᠠᠯᠲᠠ᠂ ︽ᠡᠪᠡᠰᠦᠨ ᠪᠢᠯᠧᠲ︾ | ᠢ ᠵᠢᠱᠢᠶ᠎ᠡ ᠦᠵᠡᠭᠦᠯᠦᠨ ᠬᠡᠷᠡᠭᠯᠡᠬᠦ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ︽ᠳᠥᠷᠪᠡᠨ ᠭᠠᠵᠠᠷ︾ ᠤᠨ | ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠥᠷᠨᠢᠭᠦᠯᠦᠨ᠎ᠡ᠃ ᠠᠷᠠᠳ ᠤᠨ | ᠠᠮᠢᠳᠤᠷᠠᠯ ᠤᠨ ᠠᠵᠠ ᠵᠢᠷᠭᠠᠯ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠭᠡᠨ ᠤ ᠠᠮᠤᠷ | ᠲᠦᠪᠰᠢᠨ ᠤ ᠲᠣᠭᠤᠷᠢᠨ ᠳᠤ ᠦᠷᠭᠦᠯᠵᠢᠯᠡᠨ ᠬᠢᠨᠠᠯᠲᠠ ᠲᠠᠯᠪᠢᠵᠤ᠂ ᠲᠤᠰᠬᠠᠢ ᠮᠡᠳᠡᠭᠦᠯᠦᠯᠲᠡ ᠶᠢ ᠰᠣᠨᠣᠰᠬᠤ ᠪᠠ | ᠲᠤᠰᠬᠠᠢ ᠰᠡᠳᠦᠪ ᠢᠶᠠᠷ ᠯᠠᠪᠯᠠᠨ ᠠᠰᠠᠭᠤᠬᠤ ᠳᠤ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ | ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠨ᠎ᠠ᠃ ᠪᠥᠬᠦ ᠬᠤᠰᠢᠭᠤᠨ ᠤ | ᠲᠠᠬᠢᠨ ᠠᠰᠢᠭᠯᠠᠬᠤ ᠤᠰᠤ ᠶᠢ ᠴᠤᠭᠯᠠᠭᠤᠯᠬᠤ ᠪᠠ ᠠᠰᠢᠭᠯᠠᠬᠤ᠂ ᠬᠤᠲᠠ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ᠂ | ᠪᠠᠲᠤᠬᠠᠭᠠᠯᠭ᠎ᠠ ᠪᠠᠯᠭᠠᠰᠤ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ ᠬᠢᠨᠠᠨ ᠵᠥᠪᠯᠡᠭᠰᠡᠨ ᠰᠠᠨᠠᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ ︽ᠬᠤᠶᠠᠷ ᠬᠠᠯᠬᠠᠪᠴᠢ︾ ᠶᠢᠨ ᠪᠦᠲᠦᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠠᠬᠢᠭᠤᠯᠬᠤ ᠳᠦᠷᠢᠮ᠂ ᠠᠮᠤᠷ ᠲᠣᠭᠲᠠᠭᠤᠨ ᠤ ᠬᠠᠯᠬᠠᠪᠴᠢ ᠶᠢ | ᠠᠬᠢᠭᠤᠯᠬᠤ ᠳᠦᠷᠢᠮ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠣᠷᠴᠢᠨ | ᠲᠣᠭᠤᠷᠢᠨ ᠤ ᠶᠠᠰᠤ ᠴᠢᠨᠠᠷ ᠤᠨ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ | ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ | ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠤᠬᠠᠢ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ᠃ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠦᠷᠭᠦᠯᠵᠢᠯᠡᠨ ᠳᠠᠭᠠᠬᠤ ᠪᠠᠷ ᠭᠠᠷᠳᠠᠨ ᠬᠢᠬᠦ ᠴᠡᠭ ᠪᠣᠯᠭᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠠᠵᠢᠯ ᠤᠨ ᠲᠤᠭᠤᠷᠢᠨ ᠳᠤ ᠪᠠᠶᠢᠴᠠᠭᠠᠨ ᠰᠤᠳᠤᠯᠤᠯᠲᠠ ᠬᠢᠵᠤ᠂ ᠦᠨᠳᠦᠰᠦᠲᠡᠨ ᠨᠦᠭᠦᠳ ᠤᠨ ᠬᠠᠮᠲᠤ ᠪᠠᠷ | ᠪᠦᠯᠬᠦᠮᠳᠡᠨ ᠳᠠᠪᠰᠢᠵᠤ᠂ ᠬᠠᠮᠲᠤ ᠪᠠᠷ ᠴᠡᠴᠡᠭᠯᠡᠨ ᠬᠦᠭᠵᠢᠬᠦ ᠶᠢ ᠠᠬᠢᠭᠤᠯᠤᠨ᠎ᠠ᠃ ᠬᠠᠤᠯᠢ ᠶᠣᠰᠣᠭᠠᠷ ᠵᠠᠰᠠᠭ | ᠶᠠᠪᠤᠭᠤᠯᠬᠤ ᠪᠠ ᠲᠥᠪ ᠭᠤᠣᠯᠴᠢ ᠪᠠᠷ ᠬᠠᠤᠯᠢ ᠪᠠᠷᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠠᠶᠢᠴᠠᠭᠠᠬᠤ | ᠵᠥᠪᠯᠡᠯ ᠤᠨ ᠬᠤᠯᠪᠣᠭᠳᠠᠯ ᠪᠦᠬᠦᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ᠂ ᠢᠷᠭᠡᠨ ᠤ ᠬᠡᠷᠡᠭ ᠤᠨ ᠰᠢᠭᠦᠨ | ᠲᠠᠰᠤᠯᠬᠤ ᠠᠵᠢᠯ᠂ ᠡᠷᠡᠭᠦᠦ ᠶᠢᠨ ᠬᠡᠷᠡᠭ ᠤᠨ ᠭᠦᠢᠴᠡᠳᠭᠡᠯᠲᠡ ᠶᠢ ᠪᠠᠶᠢᠴᠠᠭᠠᠬᠤ ᠠᠵᠢᠯ ᠤᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠤᠨ ᠬᠢᠨᠠᠨ ᠶᠠᠷᠢᠯᠴᠠᠵᠤ᠂ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ᠂ | ᠤᠯᠠᠨ ᠡᠰᠢᠴᠢᠯᠡᠨ ᠰᠢᠢᠳᠪᠦᠷᠢᠯᠡᠬᠦ ᠳᠤ ᠬᠦᠴᠦᠨ ᠨᠡᠮᠡᠷᠢᠯᠡᠨ᠎ᠡ᠃ ᠬᠢᠨᠠᠨ ᠵᠥᠪᠯᠡᠭᠰᠡᠨ ᠰᠠᠨᠠᠯ ᠤᠨ ᠶᠠᠰᠤ ᠴᠢᠨᠠᠷ ᠢ | ᠪᠠᠲᠤᠳᠬᠠᠵᠤ᠂ ᠬᠢᠨᠠᠨ ᠵᠥᠪᠯᠡᠭᠰᠡᠨ ᠰᠠᠨᠠᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠠᠳ | ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠬᠦᠴᠦᠲᠡᠢ ᠪᠦᠲᠦᠮᠵᠢᠲᠡᠢ ᠬᠢᠨᠠᠯᠲᠠ | ᠲᠠᠯᠪᠢᠵᠤ ᠬᠠᠷᠢᠭᠤᠯᠲᠠ ᠥᠭᠭᠦᠨ᠎ᠡ᠃ | ᠭᠤᠷᠪᠠ᠂ ᠲᠥᠯᠥᠭᠡᠯᠡᠭᠴᠢᠳ ᠤᠨ ᠭᠤᠣᠯ ᠴᠣᠭᠴᠠ ᠶᠢᠨ ᠦᠢᠯᠡᠳᠦᠯ ᠢ ᠨᠡᠩ ᠪᠠᠳᠠᠷᠠᠭᠤᠯᠵᠤ᠂ ᠪᠦᠬᠦ | ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠲᠠᠯ᠎ᠠ ᠪᠠᠷ ︽ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠮᠢᠵᠢᠷᠠᠯ ᠤᠨ ᠬᠦᠴᠦᠨ︾ ᠢ ᠢᠯᠡᠷᠡᠭᠦᠯᠦᠨ᠎ᠡ | ︽ᠲᠥᠯᠥᠭᠡᠯᠡᠭᠴᠢᠳ ᠤᠨ ᠭᠡᠷ︾ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ︽ | ᠲᠥᠯᠥᠭᠡᠯᠡᠭᠴᠢᠳ ᠤᠨ ᠬᠤᠯᠪᠣᠭ᠎ᠠ ᠠᠪᠬᠤ ᠥᠷᠲᠡᠭᠡ︾ ᠶᠢᠨ ᠦᠢᠯᠡᠳᠦᠯ ᠢ ᠪᠠᠳᠠᠷᠠᠭᠤᠯᠬᠤ ᠶᠢ ᠴᠢᠩᠭᠠᠳᠬᠠᠵᠤ᠂ ︽ | ᠰᠦᠯᠵᠢᠶᠡᠨ ᠳᠡᠭᠡᠷᠡᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠤᠨ | ᠤᠯᠠᠨ ᠲᠦᠮᠡᠨ ᠤ ᠲᠤᠰᠬᠠᠯ᠂ ᠰᠠᠨᠠᠭᠤᠯᠭ᠎ᠠ ᠶᠢ ᠬᠢᠨᠠᠨ ᠰᠢᠢᠳᠪᠦᠷᠢᠯᠡᠭᠦᠯᠬᠦ ᠵᠡᠷᠭᠡ ᠢ ᠲᠡᠭᠦᠯᠳᠡᠷᠵᠢᠭᠦᠯᠵᠦ᠂ | ᠠᠷᠠᠳ ᠤᠨ ᠲᠥᠯᠥᠭᠡᠯᠡᠭᠴᠢᠳ ᠲᠤ ᠰᠦᠯᠵᠢᠶᠡᠨ ᠳᠡᠭᠡᠷ᠎ᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠥᠭᠦᠮ | ᠳᠥᠲᠡ᠂ ᠥᠨᠳᠥᠷ ᠪᠦᠲᠦᠮᠵᠢᠲᠡᠶ᠂ ᠪᠦᠬᠦᠯᠢ ᠡᠳᠦᠷ ᠢᠶᠠᠷ ᠭᠦᠢᠴᠡᠳᠬᠡᠬᠦ ᠲᠠᠪᠴᠠᠩ ᠬᠠᠩᠭᠠᠵᠤ᠂ ᠠᠷᠠᠳ | ᠤᠯᠠᠨ ᠳᠤ ᠰᠠᠨᠠᠯ ᠰᠠᠨᠠᠭᠤᠯᠭ᠎ᠠ ᠪᠠᠨ ᠢᠯᠡᠳᠬᠡᠬᠦ ᠰᠠᠭᠠᠳ ᠦᠭᠡᠢ ᠨᠡᠪᠲᠡᠷᠡᠬᠦ ᠵᠠᠮ ᠬᠠᠩᠭᠠᠵᠤ᠂ | ᠲᠥᠯᠥᠭᠡᠯᠡᠭᠴᠢᠳ ᠤᠨ ᠭᠡᠷ ᠢ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠡᠭᠦᠯᠳᠡᠷᠵᠢᠭᠦᠯᠦᠨ ᠬᠥᠭᠵᠢᠭᠦᠯᠬᠦ᠂ | ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠬᠤ ᠡᠮᠦᠨ᠎ᠡ ᠹᠷᠣᠨᠲ ᠤᠨ | ᠵᠢᠭᠰᠠᠭᠠᠯ ᠤᠨ ᠭᠠᠵᠠᠷ ᠪᠣᠯᠭᠠᠨ ᠴᠣᠭᠴᠠᠯᠠᠨ ᠪᠠᠶᠢᠭᠤᠯᠤᠨ᠎ᠠ᠃ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ | ᠭᠦᠢᠴᠡᠳᠬᠡᠬᠦ ᠪᠣᠯᠪᠠᠰᠤᠷᠠᠯ ᠢ ᠰᠠᠶᠢᠲᠤᠷ ᠠᠳᠬᠤᠵᠤ᠂ ᠪᠣᠯᠪᠠᠰᠤᠷᠠᠯ ᠤᠨ ᠲᠥᠰᠥᠯ ᠲᠣᠭᠲᠠᠭᠠᠨ᠂ ᠵᠢᠯ ᠤᠨ ᠳᠣᠲᠣᠷ᠎ᠠ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ | ᠭᠦᠢᠴᠡᠳᠬᠡᠬᠦ ᠪᠣᠯᠪᠠᠰᠤᠷᠠᠯ ᠤᠨ ᠠᠩᠭᠢ ᠪᠠ ᠰᠤᠮᠤ ᠰᠢᠶᠠᠩ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢ ᠶᠢᠨ ᠪᠣᠯᠪᠠᠰᠤᠷᠠᠯ ᠤᠨ ᠠᠩᠭᠢ ᠶᠢ 1 ᠬᠤᠭᠤᠴᠠᠭ᠎ᠠ ᠡᠷᠭᠢᠯᠡᠨ᠎ᠡ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ᠂ ᠲᠥᠯᠥᠭᠡᠯᠡᠭᠴᠢᠳ ᠤᠨ ᠠᠵᠢᠯ ᠢ ᠳᠡᠭᠡᠭᠰᠢᠯᠡᠭᠦᠯᠬᠦ ᠪᠠ ᠰᠠᠶᠢᠵᠢᠷᠠᠭᠤᠯᠬᠤ ᠵᠡᠷᠭᠡ ᠲᠠᠢ ᠤᠶᠠᠯᠳᠤᠭᠤᠯᠤᠨ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠲᠥᠯᠥᠭᠡᠯᠡᠭᠴᠢᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠳᠤᠭᠤᠶᠢᠯᠠᠩ ᠬᠤᠪᠢᠶᠠᠨ ᠭᠡᠷ ᠲᠤᠨᠢ | ᠤᠴᠢᠭᠤᠯᠬᠤ ᠶᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠥᠯᠥᠭᠡᠯᠡᠭᠴᠢᠳ ᠪᠠᠶᠢᠩᠭᠤ ᠰᠠᠭᠤᠬᠤ᠂ ᠤᠯᠠᠨ ᠲᠦᠮᠡᠨ | ᠪᠠᠶᠢᠩᠭᠤ ᠢᠷᠡᠬᠦ᠂ ᠠᠷᠠᠳ ᠤᠨ ᠰᠠᠨᠠᠭ᠎ᠠ ᠶᠢ ᠪᠠᠶᠢᠩᠭᠤ ᠰᠣᠨᠣᠰᠬᠤ᠂ ᠪᠣᠳᠠᠲᠤ ᠶᠠᠪᠤᠳᠠᠯ ᠢ ᠪᠠᠶᠢᠩᠭᠤ | ᠭᠦᠢᠴᠡᠳᠬᠡᠬᠦ ᠶᠢ ᠪᠡᠶᠡᠯᠡᠭᠦᠯᠦᠨ᠎ᠡ᠃ ︽ᠵᠢᠷᠤᠮ ᠨᠢ ᠬᠠᠤᠯᠢ ᠳᠤ ᠨᠡᠶᠢᠴᠡᠬᠦ᠂ ᠬᠠᠷᠢᠭᠤᠯᠲᠠ ᠨᠢ ᠵᠢᠷᠤᠮᠵᠢᠯ ᠲᠠᠢ᠂ | ᠡᠷᠴᠢᠮᠲᠡᠢ ᠰᠢᠢᠳᠪᠦᠷᠢᠯᠡᠬᠦ᠂ ᠴᠠᠭ ᠲᠤᠬᠠᠢ ᠳᠤᠨᠢ ᠬᠠᠷᠢᠭᠤ ᠲᠤᠰᠬᠠᠬᠤ︾ ᠱᠠᠭᠠᠷᠳᠠᠯᠭ᠎ᠠ ᠶᠣᠰᠣᠭᠠᠷ᠂ | ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠲᠥᠯᠥᠭᠡᠯᠡᠭᠴᠢᠳ ᠤᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠮᠵᠢᠯᠲᠠ ᠶᠢᠨ ᠲᠥᠷᠥᠭᠳᠡᠯ ᠢ ᠨᠡᠮᠡᠭᠳᠡᠭᠦᠯᠦᠨ᠎ᠡ᠃ | ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠭᠰᠡᠨ ᠦᠷ᠎ᠡ ᠪᠦᠲᠦᠭᠡᠯ ᠤᠨ ᠬᠤᠪᠢᠷᠠᠯᠲᠠ ᠶᠢ ᠲᠦᠯᠬᠢᠨ | ᠠᠬᠢᠭᠤᠯᠵᠤ᠂ ︽ᠨᠢᠭᠡ ᠰᠠᠨᠠᠭᠤᠯᠭ᠎ᠠ ᠶᠢ ᠰᠢᠢᠳᠪᠦᠷᠢᠯᠡᠵᠦ᠂ ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠵᠦ᠂ | ᠨᠢᠭᠡ ᠬᠦᠷᠢᠶᠡᠨ ᠤ ᠠᠵᠢᠯ ᠢ ᠠᠬᠢᠭᠤᠯᠬᠤ︾ ᠶᠢ ᠴᠢᠷᠮᠠᠶᠢᠨ ᠪᠡᠶᠡᠯᠡᠭᠦᠯᠦᠨ᠎ᠡ᠃ ᠤᠷᠮᠠᠰᠢᠭᠤᠯᠤᠨ ᠬᠢᠵᠠᠭᠠᠷᠯᠠᠬᠤ ᠶᠢ | ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠬᠥᠲᠥᠯᠥᠨ | ᠵᠢᠯᠤᠭᠤᠳᠴᠤ ᠪᠣᠳᠠᠲᠤ ᠶᠠᠪᠤᠳᠠᠯ ᠢ ᠰᠢᠢᠳᠪᠦᠷᠢᠯᠡᠬᠦ᠂ ᠵᠢᠭᠤᠷᠠᠯᠳᠤᠭᠠᠨ ᠢ ᠠᠷᠢᠯᠭᠠᠬᠤ᠂ ᠰᠠᠨᠠᠭᠤᠯᠭ᠎ᠠ ᠳᠤᠷᠠᠳᠬᠤ | ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠲᠦᠪᠰᠢᠨ ᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠡᠶᠡᠴᠢᠯᠡᠨ ᠣᠶᠢᠯᠠᠭᠠᠬᠤ ᠣᠷᠳᠣᠨ ᠢ | ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠠᠷᠠᠳ ᠲᠦᠮᠡᠨ ᠤ ᠡᠷᠬᠡ | ᠮᠡᠳᠡᠵᠦ ᠡᠵᠡᠨ ᠰᠠᠭᠤᠬᠤ ᠶᠢ ᠪᠠᠲᠤᠯᠠᠬᠤ ᠳᠦᠷᠢᠮ ᠤᠨ ᠳᠠᠪᠠᠭᠤᠯᠢᠭ ᠢ ᠭᠦᠢᠴᠡᠳ ᠢᠯᠡᠷᠡᠭᠦᠯᠵᠦ᠂ ᠪᠦᠬᠦ ᠨᠡᠶᠢᠭᠡᠮ ᠢ | ᠬᠥᠲᠥᠯᠥᠨ ᠵᠢᠯᠤᠭᠤᠳᠴᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠪᠣᠯ ᠳᠤᠮᠳᠠᠳᠤ | ᠤᠯᠤᠰ ᠤᠨ ᠪᠠᠶᠢᠳᠠᠯ ᠪᠠ ᠪᠣᠳᠠᠲᠤ ᠪᠠᠶᠢᠳᠠᠯ ᠳᠤ ᠨᠡᠶᠢᠴᠡᠬᠦ ᠰᠠᠶᠢᠨ ᠳᠦᠷᠢᠮ ᠮᠥᠨ ᠭᠡᠳᠡᠭ ᠢ ᠭᠦᠨᠵᠡᠭᠡᠢ ᠲᠠᠨᠢᠭᠤᠯᠬᠤ | ᠬᠡᠷᠡᠭᠲᠡᠢ᠃ | ᠳᠥᠷᠪᠡ᠂ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠨᠡᠩ ᠴᠢᠩᠭᠠᠳᠬᠠᠵᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠲᠦᠯᠬᠢᠨ ᠠᠬᠢᠭᠤᠯᠬᠤ ᠲᠠᠯ᠎ᠠ ᠪᠠᠷ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠴᠤᠭ ᠵᠢᠪᠬᠤᠭ᠎ᠠ︾ ᠶᠢ ᠢᠯᠡᠷᠡᠭᠦᠯᠬᠦ ᠬᠡᠷᠡᠭᠲᠡᠢ | ︽ᠲᠦᠷᠪᠡᠨ ᠪᠠᠶᠢᠭᠤᠯᠭ᠎ᠠ︾ ᠶᠢᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ | ᠤᠯᠤᠰ ᠲᠦᠷᠦ ᠶᠢᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠴᠢᠳᠠᠪᠤᠷᠢ ᠪᠠᠨ ᠨᠡᠮᠡᠭᠳᠡᠭᠦᠯᠬᠦ ᠪᠠᠷ ᠭᠠᠷᠳᠠᠴᠠ | ᠪᠣᠯᠭᠠᠵᠤ᠂ ᠰᠢᠯᠢᠳᠡᠭ ᠰᠤᠷᠲᠠᠯ ᠢ ᠬᠥᠮᠥᠵᠢᠭᠦᠯᠬᠦ ᠪᠠᠷ ᠪᠠᠲᠤᠯᠠᠭ᠎ᠠ ᠪᠣᠯᠭᠠᠵᠤ᠂ ᠨᠠᠮ ᠰᠠᠨᠠᠭ᠎ᠠ ᠠᠮᠤᠷ᠂ ᠠᠷᠠᠳ | ᠲᠦᠮᠡᠨ ᠰᠡᠳᠬᠢᠯ ᠬᠠᠨᠤᠮᠵᠢᠲᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠩᠨᠡᠭᠡ ᠶᠢ ᠴᠢᠷᠮᠠᠶᠢᠨ | ᠪᠠᠶᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠤᠬᠠᠮᠰᠠᠷ ᠠᠴᠠ ᠪᠠᠨ ᠡᠭᠦᠷᠭᠡᠯᠡᠵᠦ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ | ᠪᠠᠷᠢᠮᠲᠠᠯᠠᠨ ᠴᠢᠩᠭᠠᠳᠬᠠᠵᠤ᠂ ᠶᠡᠭᠡ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠭᠤᠣᠯ ᠵᠢᠭᠰᠠᠭᠠᠯ ᠤᠨ | ᠭᠠᠵᠠᠷ ᠢ ᠡᠷᠡᠰ ᠰᠠᠬᠢᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠠᠮᠠᠭᠠᠯᠠᠬᠤ | ᠬᠡᠷᠡᠭᠲᠡᠢ᠃ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠠᠲᠤᠳᠬᠠᠵᠤ᠂ ︽ᠲᠦᠮᠡᠨ ᠶᠠᠪᠤᠳᠠᠯ ᠳᠤ | ᠰᠢᠢᠳᠪᠦᠷᠢᠯᠡᠯᠲᠡ ᠲᠠᠢ︾ ᠠᠵᠢᠯ ᠤᠨ ᠣᠨᠣᠯᠵᠢᠬᠤᠨ ᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ | ᠦᠵᠡᠯ ᠰᠠᠨᠠᠭ᠎ᠠ ᠶᠢ ᠪᠠᠷᠢᠮᠲᠠᠯᠠᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ | ᠠᠷᠭ᠎ᠠ ᠶᠢ ᠭᠦᠨᠵᠡᠭᠡᠢ ᠦᠢᠯᠡᠳᠦᠯᠭᠡᠵᠢᠭᠦᠯᠦᠨ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠦᠷᠭᠦᠯᠵᠢᠯᠡᠨ | ᠴᠢᠩᠭᠠᠳᠬᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ ᠡᠷᠬᠡ ᠪᠠᠨ ᠬᠡᠷᠡᠭᠵᠢᠭᠦᠯᠬᠦ ᠳᠦᠷᠢᠮ ᠤᠨ ᠵᠢᠷᠤᠮᠵᠢᠯ ᠢ ᠪᠦᠷᠢᠨᠰᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠣᠬᠢᠶᠠᠨ ᠪᠠᠶᠢᠭᠤᠯᠤᠯᠲᠠ ᠶᠢᠨ ᠳᠦᠷᠢᠮ᠂ | ᠠᠵᠢᠯ ᠤᠨ ᠳᠦᠷᠢᠮ ᠪᠠ ᠬᠡᠷᠡᠭ ᠵᠥᠪᠯᠡᠬᠦ ᠵᠢᠷᠤᠮ ᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢ ᠬᠠᠤᠯᠢ | ᠶᠣᠰᠣᠭᠠᠷ ᠡᠮᠬᠢ ᠵᠢᠷᠤᠮ ᠲᠠᠢ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠶ ᠪᠠᠷ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠯᠣᠭᠤᠳᠤᠯᠭ᠎ᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠵᠢᠯ ᠤᠨ ᠲᠠᠯ᠎ᠠ ᠪᠠᠷ ᠬᠢ ᠵᠣᠬᠢᠴᠠᠭᠤᠯᠭ᠎ᠠ ᠬᠠᠷᠢᠯᠴᠠᠭ᠎ᠠ ᠪᠠᠨ | ᠨᠢᠭᠲᠠᠷᠠᠭᠤᠯᠵᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠢᠯᠣᠭᠤᠳᠤᠯᠭ᠎ᠠ ᠪᠠᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ | ᠠᠳᠠᠯᠢ ᠰᠡᠳᠦᠪ ᠢ ᠬᠠᠮᠲᠤᠪᠠᠷ ᠬᠠᠷᠢᠭᠤᠯᠵᠤ᠂ ᠠᠳᠠᠯᠢ ᠴᠢᠭᠯᠡᠯ ᠢᠶᠠᠷ ᠬᠦᠴᠦᠯᠡᠵᠦ᠂ ᠰᠢᠨ᠎ᠡ ᠴᠠᠭ ᠦᠶ᠎ᠡ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃ | ᠲᠥᠯᠥᠭᠡᠯᠡᠭᠴᠢᠳ ᠠ᠋᠂ ᠲᠦᠮᠡᠨ ᠭᠠᠵᠠᠷ ᠤᠨ ᠠᠶᠠᠨ ᠲᠠᠶᠢᠨ ᠤ ᠰᠦᠷ ᠵᠢᠪᠬᠤᠭ᠎ᠠ ᠪᠠᠨ ᠬᠥᠪᠴᠢᠯᠡᠵᠦ᠂ | ᠬᠦᠨᠳᠦ ᠡᠭᠦᠷᠭᠡ ᠶᠢᠨ ᠡᠰᠡᠷᠭᠦ ᠳᠠᠷᠪᠠᠭᠤᠯ ᠬᠡᠶᠢᠰᠬᠡᠨ ᠡᠷᠡᠯᠬᠡᠭᠯᠡᠨ ᠤᠷᠤᠭᠰᠢᠯᠠᠶ᠎ᠠ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ | ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠦᠭᠦ | ᠬᠤᠰᠢᠭᠤᠨ ᠤ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ᠂ ᠮᠡᠷᠡᠶᠢᠨ | ᠴᠢᠷᠮᠠᠶᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠡᠯᠪᠡᠷᠢ ᠶᠢ ᠬᠤᠪᠢᠷᠠᠭᠤᠯᠤᠨ | ᠬᠥᠭᠵᠢᠭᠦᠯᠬᠦ ᠰᠢᠨ᠎ᠡ ᠢᠯᠠᠯᠲᠠ ᠶᠢ ᠲᠡᠮᠡᠴᠡᠨ ᠣᠯᠬᠤ ᠶᠢᠨ ᠲᠥᠯᠥᠭᠡ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠦᠴᠦᠨ ᠴᠢᠳᠠᠯ ᠢᠶᠠᠨ ᠡᠷᠭᠦᠶ᠎ᠡ᠃ | | |