ᠤᠯᠤᠰ ᠲᠦᠷᠦ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ      ᠪᠢᠴᠢᠭ ᠮᠠᠲ᠋ᠧᠷᠢᠶᠠᠯ ᠭᠤᠷᠪᠠ 〔2025.01〕
ᠨᠡᠶᠢᠲᠡᠯᠡᠭᠰᠡᠨ ᠴᠠᠭ᠄
2025/3/26
ᠤᠯᠤᠰ ᠲᠦᠷᠦ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ      -- 2025 ᠣᠨ ᠤ 1 ᠰᠠᠷ᠎ᠠ ᠶᠢᠨ 14 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠳᠡᠭᠡᠷ᠎ᠡ              ᠰᠦᠨ ᠪᠢᠨᠭᠡᠰᠢᠭᠦᠳ ᠠ᠋᠂ ᠨᠥᠬᠦᠳ ᠠ᠋᠄       ᠪᠢ ᠤᠯᠤᠰ ᠲᠦᠷᠦ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠢ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ ᠨᠢᠭᠡ᠂ 2024 ᠣᠨ ᠤ ᠰᠠᠨᠠᠯ ᠵᠥᠪᠯᠡᠯᠭᠡ ᠶᠢᠨ ᠠᠵᠢᠯ ᠤᠨ ᠡᠷᠭᠢᠴᠡᠭᠦᠯᠦᠯ       ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠠᠴᠠ ᠨᠠᠰᠢ᠂ ᠪᠦᠬᠦ ᠬᠤᠰᠢᠭᠤᠨ ᠤ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠲᠡᠭᠡᠳ ᠤᠨ ᠢᠯᠭᠠᠯ ᠤᠨ ᠳᠤᠭᠤᠶᠢᠯᠠᠩ ᠪᠣᠯᠣᠨ ᠡᠯ᠎ᠡ ᠲᠤᠰᠬᠠᠢ ᠵᠥᠪᠯᠡᠯ ᠤᠨ ᠬᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠳᠠᠭᠠᠭᠤᠯᠭ᠎ᠠ ᠪᠠᠷ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠪᠠ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠬᠦᠴᠢᠷ ᠠᠰᠠᠭᠤᠳᠠᠯ᠂ ᠬᠠᠯᠠᠮᠰᠢᠯ ᠠᠰᠠᠭᠤᠳᠠᠯ᠂ ᠮᠤᠬᠤᠷᠳᠠᠭᠰᠠᠨ ᠠᠰᠠᠭᠤᠳᠠᠯ ᠤᠨ ᠲᠤᠭᠤᠷᠢᠨ ᠳᠤ᠂ ᠰᠠᠨᠠᠯ ᠳᠤᠷᠠᠳᠤᠯᠭ᠎ᠠ ᠶᠢ ᠠᠰᠢᠭᠯᠠᠨ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠣᠭᠰᠠᠨ ᠪᠠᠶᠢᠨ᠎ᠠ ᠃ ᠬᠤᠷᠠᠯᠳᠤᠭᠠᠨ ᠤ ᠬᠤᠭᠤᠴᠠᠭᠠᠨ ᠳᠤ ᠨᠡᠶᠢᠳᠡ 126 ᠬᠤᠪᠢ ᠰᠠᠨᠠᠯ ᠵᠥᠪᠯᠡᠯᠭᠡ ᠳᠤᠷᠠᠳᠴᠤ᠂ 94 ᠬᠤᠪᠢ ᠶᠢ  ᠨᠢ ᠬᠢᠨᠠᠨ ᠪᠠᠶᠢᠴᠠᠭᠠᠵᠤ ᠬᠡᠷᠡᠭ ᠪᠣᠯᠭᠠᠨ ᠳᠠᠩᠰᠠᠯᠠᠵᠤ᠂ ᠬᠡᠷᠡᠭ ᠪᠣᠯᠭᠠᠨ ᠳᠠᠩᠰᠠᠯᠠᠭᠰᠠᠨ ᠨᠤᠷᠮ᠎ᠠ ᠨᠢ 74.6% ᠳᠤ ᠬᠦᠷᠴᠡᠢ᠃ ᠬᠡᠷᠡᠭ ᠢ ᠨᠡᠶᠢᠯᠡᠭᠦᠯᠦᠨ ᠰᠢᠢᠳᠪᠦᠷᠢᠯᠡᠭᠰᠡᠨ ᠤ ᠳᠠᠷᠠᠭ᠎ᠠ 83 ᠵᠦᠢᠯ ᠢ ᠬᠤᠰᠢᠭᠤᠨ ᠤ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠠᠢ᠃ ᠡᠭᠦᠨ ᠤ ᠳᠣᠲᠣᠷ᠎ᠠ ᠭᠡᠰᠢᠭᠦᠳ ᠤᠨ ᠰᠠᠨᠠᠯ ᠵᠥᠪᠯᠡᠯᠭᠡ 69 ᠬᠤᠪᠢ᠂ ᠬᠠᠮᠲᠤ ᠶᠢᠨ ᠰᠠᠨᠠᠯ ᠵᠥᠪᠯᠡᠯᠭᠡ 12 ᠬᠤᠪᠢ᠂ ᠲᠤᠰᠬᠠᠢ ᠺᠣᠮᠢᠰ ᠤᠨ ᠰᠠᠨᠠᠯ ᠵᠥᠪᠯᠡᠯᠭᠡ 1 ᠬᠤᠪᠢ᠂ ᠡᠲᠡᠭᠡᠳ ᠤᠨ ᠢᠯᠭᠠᠯ ᠤᠨ ᠰᠠᠨᠠᠯ ᠵᠥᠪᠯᠡᠯᠭᠡ 1 ᠬᠤᠪᠢ ᠪᠠᠶᠢᠨ᠎ᠠ᠃ 83 ᠵᠦᠢᠯ ᠢ ᠰᠢᠢᠳᠪᠦᠷᠢᠯᠡᠭᠰᠡᠨ ᠪᠠ ᠦᠨᠳᠦᠰᠦᠨ ᠳᠡᠭᠡᠨ ᠰᠢᠢᠳᠪᠦᠷᠢᠯᠡᠵᠦ᠂ ᠰᠠᠨᠠᠯ ᠵᠥᠪᠯᠡᠯᠭᠡ ᠳᠤ ᠬᠠᠷᠢᠭᠤᠯᠲᠠ ᠥᠭᠭᠦᠭᠰᠡᠨ ᠨᠤᠷᠮ᠎ᠠ100% ᠳᠤ ᠬᠦᠷᠴᠦ᠂ ᠭᠡᠰᠢᠭᠦᠳ ᠤᠨ ᠰᠡᠳᠬᠢᠯ ᠬᠠᠨᠤᠮᠵᠢᠲᠠᠶ ᠪᠣᠯᠤᠭᠰᠠᠨ ᠨᠤᠷᠮ᠎ᠠ 97.6% ᠳᠤ ᠬᠦᠷᠴᠡᠢ᠃ ᠮᠠᠰᠢ ᠤᠯᠠᠨ ᠰᠠᠨᠠᠯ ᠰᠠᠨᠠᠭᠤᠯᠭ᠎ᠠ ᠶᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠴᠢᠬᠤᠯᠠᠴᠢᠯᠠᠨ ᠦᠵᠡᠵᠦ᠂ ᠬᠦᠯᠢᠶᠡᠨ ᠠᠪᠴᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠠᠷᠬᠠᠨ ᠮᠤᠤᠮᠢᠩᠭᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠠᠨᠠᠯ ᠳᠤᠷᠠᠳᠤᠯᠭ᠎ᠠ ᠶᠢᠨ ᠠᠵᠢᠯ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠡᠢ᠃       ︵ᠨᠢᠭᠡ︶ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠵᠡᠷᠭᠡ ᠪᠠᠷ ᠭᠤᠣᠯᠯᠠᠭᠤᠯᠤᠨ 25 ᠬᠤᠪᠢ ᠰᠠᠨᠠᠯ ᠵᠥᠪᠯᠡᠯᠭᠡ ᠳᠤᠷᠠᠳᠴᠤ᠂ ᠰᠠᠨᠠᠯ ᠵᠥᠪᠯᠡᠯᠭᠡ ᠶᠢᠨ ᠶᠡᠷᠦᠩᠬᠡᠢ ᠲᠣᠭᠠᠨ ᠤ 30.1% ᠶᠢ ᠡᠵᠡᠯᠡᠪᠡ᠃ ᠮᠠᠨᠳᠤᠯ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠰᠠᠨᠠᠭᠤᠯᠭ᠎ᠠ ᠨᠢ ᠪᠣᠭᠤᠮᠲᠠ ᠶᠢᠨ ᠰᠠᠭᠤᠷᠢ ᠴᠢᠳᠠᠪᠤᠷᠢ ᠶᠢ ᠥᠷᠭᠡᠳᠬᠡᠬᠦ ᠳᠤ ᠬᠦᠴᠦᠨ ᠨᠡᠮᠡᠷᠢᠯᠡᠵᠦ᠂ ᠪᠥᠬᠦ ᠵᠢᠯ ᠤᠨ ᠪᠠᠷᠠᠭ᠎ᠠ ᠥᠩᠭᠡᠷᠡᠬᠦ ᠬᠡᠮᠵᠢᠶ᠎ᠡ ᠶᠢ 1200 ᠲᠦᠮᠡᠨ ᠲᠣᠨ ᠠᠴᠠ ᠳᠡᠭᠡᠭᠰᠢ ᠳᠤ ᠬᠦᠷᠭᠡᠪᠡ᠃ ᠮᠣᠩᠭᠤᠯ ᠠᠳᠤᠭᠤᠨ ᠤ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠬᠤ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠵᠠᠰᠠᠭ ᠤᠨ ᠣᠷᠳᠣᠨ ᠤᠯᠤᠰ ᠤᠨ ᠮᠠᠯ ᠵᠢᠭᠦᠷᠲᠡᠨ ᠤ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠪᠡ᠃ ᠡᠯᠡᠰᠦᠨ ᠴᠥᠯ ᠤᠨ ᠴᠤᠬᠤᠷ ᠠᠳᠤᠭᠤ ᠪᠣᠶᠢᠵᠢᠭᠤᠯᠬᠤ ᠺᠣᠮᠫᠠᠨᠢ ᠨᠢ ᠪᠥᠬᠦ ᠬᠤᠲᠠ ᠶᠢᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠲᠠᠰ ᠤᠨ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠶ ᠪᠣᠯᠤᠭᠰᠠᠨ ᠪᠠᠶᠢᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠶᠢᠷ᠎ᠠ ᠵᠠᠮ ᠤᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢ ᠬᠥᠭᠵᠢᠭᠦᠯᠬᠦ ᠲᠤᠬᠠᠢ ᠰᠠᠨᠠᠭᠤᠯᠭ᠎ᠠ  ᠨᠢ ᠮᠠᠨ ᠤ ᠬᠤᠰᠢᠭᠤᠨ ᠤ ᠬᠤᠰᠢᠭᠤ ᠰᠢᠶᠠᠨ ᠤ ᠭᠦᠢᠯᠭᠡᠭᠡᠨ ᠤ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠳᠤ ︽ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ︾ ᠢ ᠬᠠᠩᠭᠠᠵᠠᠢ᠃ ᠬᠤᠩᠭᠤᠷᠲᠠᠯ᠎ᠠ ᠬᠦᠢᠲᠡᠨ ᠬᠡᠯᠬᠢᠶᠡᠲᠦ ᠲᠥᠪᠯᠡᠷᠡᠭᠦᠯᠦᠨ ᠲᠣᠬᠢᠷᠠᠭᠤᠯᠬᠤ ᠲᠥᠪ ᠠᠩᠬᠠᠨ ᠤ ᠪᠦᠯᠦᠭ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠬᠡᠯᠬᠢᠶᠡᠲᠦ ᠲᠥᠪᠯᠡᠷᠡᠭᠦᠯᠦᠨ ᠲᠣᠬᠢᠷᠠᠭᠤᠯᠬᠤ ᠲᠥᠪ︾ ᠢᠶᠠᠷ ᠦᠨᠡᠯᠡᠭᠳᠡᠪᠡ᠃        ︵ᠬᠤᠶᠠᠷ︶ ᠤᠯᠤᠰ ᠲᠦᠷᠦ ᠶᠢᠨ ᠪᠠᠶᠢᠭᠤᠯᠤᠯᠲᠠ ᠶᠢᠨ ᠲᠠᠯ᠎ᠠ ᠪᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠬᠢᠯᠢ ᠬᠢᠵᠠᠭᠠᠷ ᠤᠨ ︽ᠲᠦᠷᠪᠡᠨ ᠬᠠᠮᠲᠤ︾ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠠᠷ ᠭᠤᠣᠯᠯᠠᠭᠤᠯᠤᠨ 5 ᠬᠤᠪᠢ ᠰᠠᠨᠠᠯ ᠵᠥᠪᠯᠡᠯᠭᠡ ᠳᠤᠷᠠᠳᠴᠤ᠂ ᠰᠠᠨᠠᠯ ᠵᠥᠪᠯᠡᠯᠭᠡ ᠶᠢᠨ ᠶᠡᠷᠦᠩᠬᠡᠢ ᠲᠣᠭᠠᠨ ᠤ 6% ᠶᠢ ᠡᠵᠡᠯᠡᠪᠡ᠃ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ ᠵᠢᠭᠰᠠᠭᠠᠯ ᠤᠨ ᠭᠠᠵᠠᠷ ᠤᠨ ᠭᠥᠯᠢᠶᠡᠨ ᠠᠪᠤᠭᠴᠢᠳ ᠢ ᠥᠷᠭᠡᠳᠬᠡᠵᠦ᠂ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠲᠤᠬᠠᠢ ᠰᠠᠨᠠᠭᠤᠯᠭ᠎ᠠ ᠨᠢ ᠮᠠᠨ ᠤ ᠬᠤᠰᠢᠭᠤᠨ ᠤ ᠰᠤᠮᠤ ᠰᠢᠶᠠᠩ ᠪᠠᠯᠭᠠᠰᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠠᠬᠢᠭᠤᠯᠬᠤ ᠬᠤᠷᠠᠯ ᠤᠨ ᠲᠤᠷᠰᠢᠯᠲᠠ ᠶᠢᠨ ᠴᠡᠭ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ︽1+4+N︾ ᠤᠬᠠᠭᠤᠯᠭ᠎ᠠ ᠬᠥᠮᠦᠵᠢᠯ ᠤᠨ ᠰᠢᠰᠲ᠋ᠧᠮ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠦᠷᠭᠡᠳᠬᠡᠪᠡ᠃ ᠪᠠᠶ᠋ᠬᠠᠤᠪᠤᠭ᠎ᠠ ᠰᠤᠮᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠨᠢ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠢᠶᠠᠷ ᠰᠣᠩᠭᠤᠭᠳᠠᠵᠤ᠂ ᠰᠤᠳᠤᠯᠤᠨ ᠨᠡᠭᠡᠭᠡᠭᠰᠡᠨ ᠬᠢᠴᠢᠶᠡᠯ ᠨᠢ ᠠᠷᠪᠠᠨ ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠬᠢᠴᠢᠶᠡᠯ ᠳᠤ ᠰᠣᠩᠭᠤᠭᠳᠠᠵᠠᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠣᠶᠢᠯᠠᠭᠠᠬᠤ ᠣᠷᠳᠣᠨ᠂ ᠪᠠᠲᠤᠬᠠᠭᠠᠯᠭ᠎ᠠ ᠶᠢᠨ ᠶᠠᠫᠤᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠦᠵᠡᠭᠦᠯᠦᠯᠭᠡ ᠶᠢᠨ ᠲᠢᠩᠬᠢᠮ ᠨᠢ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢᠨ ᠴᠡᠭ ᠢᠶᠠᠷ ᠰᠤᠩᠭᠤᠭᠳᠠᠵᠠᠢ᠃ ᠪᠥᠬᠦ ᠬᠤᠰᠢᠭᠤᠨ ᠤ ᠡᠯ᠎ᠡ ᠲᠥᠷᠥᠯ ᠤᠨ ᠬᠤᠪᠢᠰᠬᠠᠯ ᠤᠨ ᠰᠤᠷᠭᠠᠨ ᠬᠥᠮᠦᠵᠢᠯ ᠤᠨ ᠲᠠᠯᠠᠪᠤᠷ ᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠴᠡᠭ ᠪᠣᠯᠭᠠᠬᠤ ᠲᠤᠬᠠᠢ ᠰᠠᠨᠠᠭᠤᠯᠭ᠎ᠠ ᠨᠢ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠤᠪᠢᠰᠬᠠᠯ ᠤᠨ ᠰᠣᠶᠣᠯ ᠤᠨ ᠰᠤᠷᠭᠠᠨ ᠬᠥᠮᠦᠵᠢᠯ ᠤᠨ ᠣᠷᠳᠣᠨ ᠢ ᠠᠰᠢᠭᠯᠠᠨ ︽ᠤᠮᠠᠷᠠᠲᠤ ᠬᠢᠯᠢ ᠶᠢᠨ ᠰᠤᠷᠭᠠᠨ ᠬᠥᠮᠦᠵᠢᠯ ᠤᠨ ᠰᠡᠳᠬᠢᠯ ᠢᠶᠠᠨ ᠨᠠᠮ ᠳᠠᠭᠠᠨ ᠬᠠᠨᠳᠤᠭᠤᠯᠬᠤ︾ ᠦᠵᠡᠯ ᠰᠠᠨᠠᠭ᠎ᠠ ᠤᠯᠤᠰ ᠲᠥᠷᠥ ᠶᠢᠨ ᠬᠦᠮᠦᠵᠢᠯ ᠤᠨ ᠭᠤᠣᠯ ᠰᠡᠳᠦᠪᠲᠦ ᠰᠤᠳᠤᠯᠤᠨ ᠰᠤᠷᠤᠯᠴᠠᠬᠤ ᠦᠢᠯᠡᠳᠦᠯᠭᠡ ᠪᠤᠯᠭᠠᠬᠤ ᠶᠢ ᠭᠦᠨᠵᠡᠭᠡᠢ ᠠᠬᠢᠭᠤᠯᠪᠠ᠃       ︵ᠭᠤᠷᠪᠠ︶ ᠨᠡᠶᠢᠭᠡᠮ ᠤᠨ ᠪᠠᠶᠢᠭᠤᠯᠤᠯᠲᠠ ᠶᠢᠨ ᠲᠠᠯ᠎ᠠ ᠪᠠᠷ᠂ ᠰᠤᠷᠭᠠᠨ ᠬᠥᠮᠦᠵᠢᠯ ᠡᠮ ᠡᠮᠨᠡᠯᠭᠡ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠵᠡᠷᠭᠡ ᠲᠠᠢ ᠤᠶᠠᠯᠳᠤᠭᠤᠯᠤᠨ 37 ᠬᠤᠪᠢ ᠰᠠᠨᠠᠯ ᠵᠥᠪᠯᠡᠯᠭᠡ ᠳᠤᠷᠠᠳᠴᠠᠢ᠂ ᠡᠨᠡ ᠨᠢ ᠰᠠᠨᠠᠯ ᠵᠥᠪᠯᠡᠯᠭᠡ ᠶᠢᠨ ᠪᠦᠬᠦ ᠲᠣᠭᠠᠨ ᠤ 44.6% ᠶᠢ ᠡᠵᠡᠯᠡᠪᠡ ᠃ ᠳᠠᠷᠬᠠᠨ ᠮᠤᠤᠮᠢᠩᠭᠠᠨ ᠬᠤᠯᠪᠤᠭᠠᠲᠦ ᠬᠤᠰᠢᠭᠤ ᠠᠴᠠ ᠪᠤᠭᠤᠲᠤ ᠬᠤᠲᠠ ᠬᠦᠷᠬᠦ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠴᠠᠭ ᠲᠤᠨᠢ ᠲᠣᠬᠢᠷᠠᠭᠤᠯᠤᠨ ᠨᠠᠪᠲᠠᠷᠡᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠲᠤᠬᠠᠢ ᠰᠠᠨᠠᠭᠤᠯᠭ᠎ᠠ ᠶᠢ ᠬᠤᠰᠢᠭᠤᠨ ᠤ ᠵᠠᠰᠠᠭ ᠤᠨ ᠣᠷᠳᠣᠨ ᠢᠳᠡᠪᠬᠢᠲᠡᠢ ᠪᠠᠷ ᠭᠥᠯᠢᠶᠡᠨ ᠠᠪᠴᠤ ᠨᠠᠶᠢᠳᠠᠪᠤᠷᠢᠵᠢᠭᠤᠯᠤᠨ᠂ ᠳᠠᠷᠬᠠᠨ ᠮᠤᠤᠮᠢᠩᠭᠠᠨ ᠬᠤᠯᠪᠤᠭᠠᠲᠦ ᠬᠤᠰᠢᠭᠤ ᠠᠴᠠ ᠪᠤᠭᠤᠲᠤ ᠳᠤ ᠤᠴᠢᠵᠤ ᠠᠵᠢᠯ ᠳᠤ ᠭᠠᠷᠬᠤ᠂ ᠰᠤᠷᠭᠠᠭᠤᠯᠢ ᠳᠤ ᠣᠷᠣᠬᠤ᠂ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠨᠡᠪᠲᠡᠷᠡᠭᠦᠯᠪᠡ᠃ ᠮᠠᠨ ᠤ ᠬᠤᠰᠢᠭᠤᠨ ᠤ ᠬᠦᠨᠳᠦ ᠵᠡᠮᠳᠡᠭᠴᠦᠳ ᠤᠨ ᠭᠡᠷ ᠪᠦᠯᠢ ᠶᠢᠨ ᠰᠠᠭᠠᠳ ᠦᠭᠡᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠰᠠᠨᠠᠭᠤᠯᠭ᠎ᠠ ᠳᠤ᠂ ᠬᠤᠰᠢᠭᠤᠨ ᠤ ᠵᠠᠰᠠᠭ ᠤᠨ ᠣᠷᠳᠣᠨ ᠠᠴᠠ 20 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠥᠬᠦ ᠬᠤᠰᠢᠭᠤᠨ ᠤ 40 ᠬᠦᠨᠳᠦ ᠵᠡᠮᠳᠡᠭᠴᠦᠳ ᠤᠨ ᠭᠡᠷ ᠪᠦᠯᠢ ᠳᠤ ᠰᠠᠭᠠᠳ ᠦᠭᠡᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠪᠡ᠃ ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠵᠡᠷᠭᠡ ᠰᠠᠨᠠᠯ ᠳᠤᠷᠠᠳᠤᠯᠭ᠎ᠠ ᠨᠢ ᠬᠤᠰᠢᠭᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠨᠠᠩ ᠣᠯᠠᠨ ᠠᠷᠠᠳ ᠢᠷᠭᠡᠳ ᠤᠨ ︽ᠠᠷᠠᠳ ᠤᠨ ᠠᠮᠢᠳᠤᠷᠠᠯ ᠤᠨ ᠠᠯᠤᠰ ᠤᠨ ᠲᠥᠯᠥᠪ︾ ᠢ ︽ᠵᠣᠯ ᠵᠢᠷᠭᠠᠯ ᠤᠨ ᠪᠣᠳᠠᠲᠤ ᠦᠵᠡᠮᠵᠢ︾ ᠪᠣᠯᠭᠠᠨ ᠬᠤᠪᠢᠷᠠᠭᠤᠯᠬᠤ ᠳᠤ ᠬᠦᠴᠦᠨ ᠨᠡᠮᠡᠷᠢᠯᠡᠪᠡ᠃       ︵ᠳᠥᠷᠪᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠬᠦ ᠵᠡᠷᠭᠡ ᠲᠠᠯ᠎ᠠ ᠪᠠᠷ ᠭᠤᠣᠯᠯᠠᠭᠤᠯᠤᠨ 5 ᠬᠤᠪᠢ ᠰᠠᠨᠠᠯ ᠳᠤᠷᠠᠳᠤᠯᠭ᠎ᠠ ᠳᠤᠷᠠᠳᠴᠤ᠂ ᠰᠠᠨᠠᠯ ᠳᠤᠷᠠᠳᠤᠯᠭ᠎ᠠ ᠶᠢᠨ ᠶᠡᠷᠦᠩᠬᠡᠢ ᠲᠣᠭᠠᠨ ᠤ 6% ᠶᠢ ᠡᠵᠡᠯᠡᠪᠡ᠃ ᠨᠢᠭᠡ ᠵᠢᠯ ᠤᠨ ᠲᠤᠷᠰᠢ᠂ ᠪᠦᠭᠦ ᠬᠤᠰᠢᠭᠤᠨ ᠤ ︽ᠭᠤᠷᠪᠠ ᠶᠢ ᠴᠡᠪᠡᠷᠯᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ 8039 ᠲᠣᠨ ᠲᠥᠪᠯᠡᠷᠡᠭᠦᠯᠦᠨ ᠴᠡᠪᠡᠷᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ 3291 ᠲᠣᠨ ᠴᠡᠪᠡᠷᠯᠡᠵᠡᠢ᠃ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠯᠠᠪᠳᠠᠭᠤᠨ ᠢᠶᠠᠷ ᠰᠢᠢᠳᠪᠦᠷᠢᠯᠡᠬᠦ ᠶᠢ ᠠᠬᠢᠭᠤᠯᠵᠤ᠂ 10.2 ᠲᠦᠮᠡᠨ ᠬᠤᠨᠢ ᠶᠢᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠪᠡ᠃ ᠪᠥᠬᠦ ᠤᠯᠤᠰ ᠤᠨ ᠠᠩᠬᠠᠳᠠᠭᠴᠢ ︽ᠡᠪᠡᠰᠦᠨ ᠪᠢᠯᠧᠲ︾ ᠢ ᠮᠠᠨ ᠤ ᠬᠤᠰᠢᠭᠤᠨ ᠳᠤ ᠵᠢᠩᠬᠢᠨᠢ ᠪᠠᠷ ᠲᠠᠷᠬᠠᠭᠠᠵᠤ᠂ ᠪᠥᠬᠦ ᠬᠤᠲᠠ ᠶᠢᠨ ᠠᠩᠬᠠᠳᠠᠭᠴᠢ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠲᠤᠰᠬᠠᠢ ᠬᠡᠷᠡᠭᠯᠡᠭᠡᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠢᠨᠠᠨ ᠬᠡᠮᠵᠢᠬᠦ ᠲᠥᠬᠦᠭᠡᠷᠦᠮᠵᠢ ᠶᠢ ᠤᠭᠰᠠᠷᠠᠵᠤ ᠠᠵᠢᠯᠯᠠᠭᠤᠯᠪᠠ᠃ ᠭᠡᠰᠢᠭᠦᠳ ᠤᠨ ᠰᠠᠨᠠᠯ ᠳᠤᠷᠠᠳᠤᠯᠭ᠎ᠠ ᠨᠢ ᠪᠥᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠰᠢᠰᠲ᠋ᠧᠮ ᠤᠨ ᠵᠠᠰᠠᠯᠲᠠ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠡᠯᠪᠡᠷᠢ ᠶᠢᠨ ᠬᠤᠪᠢᠷᠠᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠳᠤ ︽ᠤᠯᠤᠰ ᠲᠥᠷᠥ ᠶᠢᠨ ᠵᠥᠪᠯᠡᠯᠭᠡᠨ ᠤ ᠬᠦᠴᠦᠨ︾ ᠢ ᠨᠡᠮᠡᠷᠢᠯᠡᠪᠡ᠃      ︵ᠲᠠᠪᠤ︶ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ᠂ ᠰᠣᠶᠣᠯ ᠤᠨ ᠢᠲᠡᠭᠡᠯ ᠢ ᠨᠡᠮᠡᠭᠳᠡᠭᠦᠯᠬᠦ᠂ ᠰᠣᠶᠣᠯ ᠵᠤᠭᠠᠴᠠᠯ ᠤᠨ ᠠᠭᠤᠰᠤᠯᠴᠠᠯ ᠢ ᠠᠬᠢᠭᠤᠯᠬᠤ᠂ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠴᠣᠭᠴᠠᠯᠠᠬᠤ ᠵᠡᠷᠭᠡ ᠲᠠᠢ ᠤᠶᠠᠯᠳᠤᠭᠤᠯᠤᠨ 11 ᠬᠤᠪᠢ ᠰᠠᠨᠠᠯ ᠳᠤᠷᠠᠳᠤᠯᠭ᠎ᠠ ᠳᠤᠷᠠᠳᠴᠤ᠂ ᠰᠠᠨᠠᠯ ᠳᠤᠷᠠᠳᠤᠯᠭ᠎ᠠ ᠶᠢᠨ ᠶᠡᠷᠦᠩᠬᠡᠢ ᠲᠣᠭᠠᠨ ᠤ 13.3% ᠢ ᠡᠵᠡᠯᠡᠪᠡ᠃ ᠣᠨᠴᠠᠯᠢᠭᠲᠤ ︽ᠰᠥᠨᠢ ᠶᠢᠨ ᠰᠤᠷᠭᠠᠭᠤᠯᠢ︾ ᠪᠠᠶᠢᠭᠤᠯᠵᠤ᠂ ᠨᠡᠶᠢᠭᠡᠮ ᠤᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠵᠠᠰᠠᠭ ᠤᠨ ᠣᠷᠳᠣᠨ ︽ᠵᠠᠯᠠᠭᠤᠴᠤᠳ ᠤᠨ ᠰᠥᠨᠢ ᠶᠢᠨ ᠰᠤᠷᠭᠠᠭᠤᠯᠢ︾ ᠶᠢ ᠰᠢᠨ᠎ᠡ ᠪᠠᠷ ᠡᠷᠭᠢᠯᠡᠵᠦ᠂ ᠳᠠᠷᠬᠠᠨ ᠮᠦᠦᠮᠢᠩᠭᠠᠨ ᠬᠤᠯᠪᠤᠭᠠᠲᠤ ᠬᠤᠰᠢᠭᠤᠨ ᠤ ᠨᠡᠭᠡᠭᠡᠯᠲᠡᠲᠤ ᠶᠡᠭᠡ ᠰᠤᠷᠭᠠᠭᠤᠯᠢ᠂ ᠨᠠᠰᠤᠲᠠᠶᠢᠴᠤᠳ ᠤᠨ ᠨᠡᠭᠡᠭᠡᠯᠲᠡᠲᠤ ᠶᠡᠭᠡ ᠰᠤᠷᠭᠠᠭᠤᠯᠢ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠶᠡᠭᠡ ᠰᠤᠷᠭᠠᠭᠤᠯᠢ ᠵᠡᠷᠭᠡ ᠶᠢ ᠪᠠᠶᠢᠭᠤᠯᠤᠭᠰᠠᠨ ᠨᠢ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠪᠴᠠᠩ ᠢ ᠪᠠᠶᠢᠭᠤᠯᠵᠤ᠂ ᠤᠯᠤᠰ ᠤᠨ ᠲᠠᠰ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠲᠣᠭᠤᠷᠢᠭ ᠢ ᠴᠢᠷᠮᠠᠶᠢᠨ ᠪᠠᠶᠢᠭᠤᠯᠬᠤ ᠲᠤᠬᠠᠢ ᠰᠠᠨᠠᠭᠤᠯᠭ᠎ᠠ ᠨᠢ᠂ ᠮᠠᠨ ᠤ ᠬᠤᠰᠢᠭᠤᠨ ᠤ ︽ᠤᠮᠠᠷᠠᠲᠤ ᠶᠢᠨ ᠠᠶᠠᠯᠠᠯ · ᠦᠵᠡᠰᠬᠦᠯᠡᠩᠲᠦ ᠳᠠᠷᠬᠠᠨ ᠮᠤᠤᠮᠢᠩᠭᠠᠨ︾ ᠭᠡᠬᠦ ᠰᠢᠷᠢᠰ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠬᠦ ᠳᠤ ︽ᠤᠯᠤᠰ ᠲᠥᠷᠥ ᠶᠢᠨ ᠵᠥᠪᠯᠡᠯᠭᠡᠨ ᠤ ᠰᠡᠳᠬᠢᠮᠵᠢ︾ ᠪᠤᠯᠪᠠ᠃ ᠲᠡᠦᠬᠡ ᠶᠢᠨ ᠳᠤᠷᠠᠰᠬᠠᠯᠲᠤ ᠵᠦᠢᠯ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠢ ᠰᠠᠨᠠᠭᠤᠯᠭ᠎ᠠ ᠨᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠬᠦᠭᠵᠢᠭᠦᠯᠬᠦ ᠠᠵᠢᠯᠯᠠᠭ᠎ᠠ ᠶᠢ ᠳᠡᠮᠵᠢᠬᠦ᠂ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠪᠠᠶᠢᠭᠤᠯᠬᠤ ᠶᠢᠨ ︽ᠤᠯᠤᠰ ᠲᠦᠷᠦ ᠶᠢᠨ ᠵᠥᠪᠯᠡᠯᠭᠡᠨ ᠤ ᠰᠠᠨᠠᠭᠤᠯᠭ᠎ᠠ︾ ᠪᠤᠯᠪᠠ᠃       ᠬᠤᠶᠠᠷ᠂ ᠭᠤᠣᠯ ᠪᠣᠯᠬᠤ ᠠᠵᠢᠯ  ᠤᠨ ᠠᠷᠭ᠎ᠠ ᠬᠡᠮᠵᠢᠶ᠎ᠡ      ᠨᠢᠭᠡ ᠵᠢᠯ ᠤᠨ ᠲᠤᠷᠰᠢ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠬᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠢᠯᠠᠩᠭᠤᠶ᠎ᠠ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ᠂ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠠᠨᠠᠯ ᠵᠥᠪᠯᠡᠯᠭᠡ ᠶᠢ ︽ᠳᠤᠷᠠᠳᠬᠤ᠂ ᠲᠣᠭᠲᠠᠭᠠᠬᠤ᠂ ᠰᠢᠢᠳᠪᠦᠷᠢᠯᠡᠬᠦ᠂ ᠬᠢᠨᠠᠬᠤ︾ ᠵᠡᠷᠭᠡ ᠲᠠᠯ᠎ᠠ ᠪᠠᠷ ᠬᠦᠴᠦ ᠲᠠᠯᠪᠢᠵᠤ᠂ ᠰᠠᠨᠠᠯ ᠵᠥᠪᠯᠡᠯᠭᠡ ᠶᠢᠨ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠲᠦᠯᠬᠢᠨ ᠠᠬᠢᠭᠤᠯᠪᠠ᠃      ︵ᠨᠢᠭᠡ︶ ᠰᠡᠳᠦᠪ ᠰᠣᠩᠭᠤᠬᠤ ᠲᠠᠯ᠎ᠠ ᠪᠠᠷ ᠬᠦᠴᠦ ᠲᠠᠯᠪᠢᠵᠤ᠂ ᠰᠠᠨᠠᠯ ᠵᠥᠪᠯᠡᠯᠭᠡ ᠶᠢᠨ ︽ᠦᠨ᠎ᠡ ᠴᠡᠨ᠎ᠡ︾ ᠶᠢ ᠨᠡᠮᠡᠭᠳᠡᠭᠦᠯᠪᠡ᠃ ᠨᠢᠭᠡ ᠳᠤ ︽ᠨᠠᠮ ᠵᠠᠰᠠᠭ ᠤᠨ ᠬᠡᠷᠡᠭᠴᠡᠭᠡ︾ ᠶᠢᠨ ᠰᠣᠩᠭᠤᠬᠤ ᠰᠡᠳᠦᠪ ᠢ ᠲᠤᠪᠤᠶᠢᠯᠭᠠᠪᠠ᠃ ᠲᠥᠪᠯᠡᠷᠡᠭᠦᠯᠦᠨ ᠪᠣᠯᠪᠠᠰᠤᠷᠠᠭᠤᠯᠬᠤ᠂ ᠡᠲᠡᠭᠡᠳ ᠤᠨ ᠢᠯᠭᠠᠯ ᠤᠨ ᠶᠠᠷᠢᠯᠴᠠᠭ᠎ᠠ᠂ ᠭᠡᠰᠢᠭᠦᠳ ᠤᠨ ᠶᠠᠷᠢᠯᠴᠠᠭᠠᠨ ᠤ ᠲᠠᠪᠴᠠᠩ ᠵᠡᠷᠭᠡ ᠬᠡᠯᠪᠡᠷᠢ ᠪᠠᠷ ᠳᠠᠮᠵᠢᠭᠤᠯᠤᠨ᠂ ᠭᠡᠰᠢᠭᠦᠳ ᠢ ᠵᠣᠬᠢᠶᠠᠨ ᠪᠠᠶᠢᠭᠤᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠭᠤᠯᠵᠤ᠂ ᠭᠡᠰᠢᠭᠦᠳ ᠢ ᠬᠥᠲᠥᠯᠥᠨ ᠵᠢᠯᠤᠭᠤᠳᠴᠤ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠤᠯᠤᠰ ᠲᠥᠷᠥ ᠶᠢᠨ ᠡᠭᠦᠷᠭᠡᠯᠡᠯ ᠢ ᠦᠨᠡᠨ ᠬᠦ ᠡᠭᠦᠷᠭᠡᠯᠡᠭᠦᠯᠵᠦ᠂ ᠠᠵᠤ ᠦᠢᠯᠡᠰ ᠤᠨ ᠰᠦᠷᠦᠭᠵᠢᠯ ᠢ ᠬᠥᠭᠵᠢᠭᠦᠯᠦᠨ ᠪᠤᠵᠠᠭᠠᠶᠢᠷᠠᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠭᠠᠳᠠᠭᠰᠢ ᠨᠡᠭᠡᠭᠡᠯᠲᠡ ᠬᠢᠬᠦ ᠵᠡᠷᠭᠡ ᠪᠥᠬᠦ ᠲᠠᠯ᠎ᠠ ᠶᠢᠨ ᠴᠢᠨᠠᠷᠲᠠᠢ ᠠᠰᠠᠭᠤᠳᠠᠯ ᠲᠠᠢ ᠨᠢᠭᠲᠠ ᠤᠶᠠᠯᠳᠤᠭᠤᠯᠤᠨ ᠠᠷᠭ᠎ᠠ ᠤᠬᠠᠭᠠᠨ ᠭᠠᠷᠭᠠᠪᠠ᠃ ᠬᠤᠶᠠᠷ ᠲᠤ ︽ᠣᠯᠠᠨ ᠲᠦᠮᠡᠨ ᠤ ᠬᠦᠰᠡᠵᠦ ᠪᠠᠶᠢᠭ᠎ᠠ︾ ᠰᠡᠳᠦᠪ ᠢ ᠲᠤᠪᠤᠶᠢᠯᠭᠠᠪᠠ᠃ ᠰᠠᠨᠠᠯ ᠵᠥᠪᠯᠡᠯᠭᠡ ᠳᠤ ᠠᠷᠠᠳ ᠤᠨ ᠠᠮᠢᠳᠤᠷᠠᠯ ᠢ ᠠᠩᠬᠠᠷᠬᠤ᠂ ᠠᠷᠠᠳ ᠤᠨ ᠰᠠᠨᠠᠭ᠎ᠠ ᠶᠢ ᠲᠤᠰᠬᠠᠬᠤ ᠠᠷᠠᠳ ᠤᠨ ᠲᠥᠯᠥᠭᠡ ᠬᠠᠷᠢᠭᠤᠴᠠᠬᠤ ᠬᠠᠷᠢᠭᠤᠴᠠᠯᠭ᠎ᠠ ᠶᠢ ᠲᠣᠪᠤᠶᠢᠯᠭᠠᠨ᠂ ᠤᠯᠠᠨ ᠲᠦᠮᠡᠨ ᠤ ᠲᠤᠰᠬᠠᠭᠰᠠᠨ ᠨᠡᠯᠢᠶᠡᠳ ᠲᠥᠪᠯᠡᠷᠡᠭᠰᠡᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ᠂ ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠰᠤᠷᠭᠠᠨ ᠬᠥᠮᠦᠵᠢᠯ ᠡᠮ ᠡᠮᠨᠡᠯᠭᠡ ᠶᠢᠨ ᠬᠢᠷᠢ ᠲᠦᠪᠰᠢᠨ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠳᠤ ᠴᠢᠭᠯᠡᠭᠦᠯᠦᠨ᠂ ᠭᠡᠰᠢᠭᠦᠳ ᠢ ᠵᠣᠬᠢᠶᠠᠨ ᠪᠠᠶᠢᠭᠤᠯᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠬᠠᠮᠠᠯᠰᠢᠯ ᠠᠰᠠᠭᠤᠳᠠᠯ ᠢ ᠠᠩᠬᠠᠷᠤᠭᠰᠠᠨ᠂ ᠠᠷᠠᠳ ᠤᠨ ᠰᠡᠳᠬᠢᠯ ᠳᠤ ᠣᠶᠢᠷᠠᠲᠤᠭᠰᠠᠨ᠂ ᠠᠷᠠᠳ ᠤᠨ ᠠᠮᠢᠳᠤᠷᠠᠯ ᠳᠤ ᠦᠢᠯᠡᠴᠢᠯᠡᠭᠰᠡᠨ ᠨᠢᠭᠡ ᠪᠦᠯᠦᠭ ᠰᠠᠶᠢᠨ ᠰᠠᠨᠠᠯ ᠵᠥᠪᠯᠡᠯᠭᠡ ᠶᠢ ᠳᠤᠷᠠᠳᠤᠨ ᠭᠠᠷᠭᠠᠪᠠ᠃ ᠭᠤᠷᠪᠠ ᠳᠤ ︽ᠲᠤᠰ ᠪᠡᠶ᠎ᠡ ᠶᠢᠨ ᠳᠠᠪᠠᠭᠤᠯᠢᠭ︾ ᠢ ᠲᠤᠪᠤᠶᠢᠯᠭᠠᠬᠤ ᠰᠡᠳᠦᠪ ᠢ ᠰᠤᠩᠭᠤᠪᠠ ᠃ ᠭᠡᠰᠢᠭᠦᠳ ᠤᠨ ᠤᠯᠠᠨ ᠲᠦᠮᠡᠨ ᠲᠠᠢ ᠬᠠᠷᠢᠯᠴᠠᠬᠤ ᠵᠢᠴᠢ ᠲᠤᠰᠬᠠᠢ ᠮᠡᠷᠭᠡᠵᠢᠯ ᠤᠨ ᠬᠦᠷᠢᠶᠡᠨ ᠳᠠᠬᠢ ᠡᠲᠡᠭᠡᠳ ᠤᠨ ᠢᠯᠭᠠᠯ ᠤᠨ ᠳᠠᠪᠠᠭᠤᠯᠢᠭ ᠢ ᠲᠣᠪᠤᠶᠢᠯᠭᠠᠨ ᠪᠠᠳᠠᠷᠠᠭᠤᠯᠵᠤ᠂ ᠭᠡᠰᠢᠭᠦᠳ ᠢ ᠲᠠᠶᠢᠴᠢᠯᠠᠨ ᠲᠤᠰ ᠪᠡᠶ᠎ᠡ ᠶᠢᠨ ᠲᠤᠰᠬᠠᠢ ᠮᠡᠷᠭᠡᠵᠢᠯ ᠤᠨ ᠬᠦᠷᠢᠶᠡᠨ ᠠᠴᠠ᠂ ᠲᠠᠨᠢᠯ ᠳᠠᠰᠤᠯ ᠠᠰᠠᠭᠤᠳᠠᠯ ᠤᠨ ᠳᠤᠮᠳᠠ ᠠᠴᠠ᠂ ᠬᠠᠷᠢᠯᠴᠠᠵᠤ ᠪᠠᠶᠢᠭ᠎ᠠ ᠡᠲᠡᠭᠡᠳ ᠤᠨ ᠢᠯᠭᠠᠯ ᠤᠨ ᠤᠯᠠᠨ ᠲᠦᠮᠡᠨ ᠤ ᠳᠤᠮᠳᠠ ᠠᠴᠠ ᠵᠡᠷᠭᠡ ᠳᠠᠪᠠᠭᠤᠯᠢᠭ ᠢᠶᠠᠨ ᠪᠠᠳᠠᠷᠠᠭᠤᠯᠤᠨ᠂ ᠰᠡᠳᠬᠢᠨ ᠪᠣᠳᠣᠯᠬᠢᠯᠠᠵᠤ ᠠᠭᠤᠳᠠᠯᠤᠨ ᠭᠠᠷᠭᠠᠭᠤᠯᠵᠤ᠂ ᠲᠤᠰᠬᠠᠢ ᠮᠡᠷᠭᠡᠵᠢᠯ ᠤᠨ ᠴᠢᠨᠠᠷᠲᠠᠢ᠂ ᠵᠥᠩᠨᠡᠯᠲᠡ ᠶᠢᠨ ᠴᠢᠨᠠᠷᠲᠠᠢ᠂ ᠪᠠᠷᠠᠭᠠᠯᠬᠢᠯᠠᠯ ᠤᠨ ᠴᠢᠨᠠᠷᠲᠠᠢ ᠰᠠᠨᠠᠯ ᠵᠥᠪᠯᠡᠯᠭᠡ ᠶᠢ ᠳᠤᠷᠠᠳᠤᠭᠤᠯᠪᠠ᠃     ︵ᠬᠤᠶᠠᠷ︶ ᠬᠢᠨᠠᠨ ᠪᠠᠶᠢᠴᠠᠭᠠᠬᠤ ᠲᠠᠯ᠎ᠠ ᠪᠠᠷ ᠬᠦᠴᠦ ᠣᠷᠣᠭᠤᠯᠵᠤ᠂ ᠰᠠᠨᠠᠯ ᠵᠥᠪᠯᠡᠯᠭᠡ ᠶᠢᠨ ︽ᠰᠤᠩᠭᠤᠬᠤ ᠪᠣᠭᠤᠮᠲᠠ︾ ᠶᠢ ᠰᠠᠶᠢᠲᠤᠷ ᠠᠳᠬᠤᠪᠠ᠃ ᠨᠢᠭᠡ ᠳᠤ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠶᠢ ᠴᠢᠩᠭᠠᠳᠬᠠᠪᠠ᠃ ︽ᠰᠠᠨᠠᠯ ᠵᠥᠪᠯᠡᠯᠭᠡ ᠶᠢᠨ ᠠᠵᠢᠯ ᠤᠨ ᠠᠷᠭ᠎ᠠ︾ ᠶᠢ ᠦᠨᠳᠦᠰᠦᠯᠡᠨ᠂ ᠨᠥᠬᠦᠴᠡᠯ ᠳᠤ ᠨᠡᠶᠢᠴᠡᠬᠦ ᠰᠠᠨᠠᠯ ᠵᠥᠪᠯᠡᠯᠭᠡ ᠶᠢ ᠬᠡᠷᠡᠭ ᠪᠣᠯᠭᠠᠨ ᠳᠠᠩᠰᠠᠯᠠᠵᠤ᠂ ᠵᠥᠪᠬᠡᠨ ᠪᠠᠶᠢᠳᠠᠯ ᠢ ᠲᠤᠰᠬᠠᠭᠰᠠᠨ ᠠᠴᠠ ᠪᠢᠰᠢ ᠪᠣᠳᠠᠲᠠᠢ ᠰᠠᠨᠠᠭᠤᠯᠭ᠎ᠠ ᠭᠠᠷᠭᠠᠭᠰᠠᠨ ᠦᠭᠡᠢ ᠪᠠᠶᠢᠪᠠᠯ᠂ ᠭᠡᠰᠢᠭᠦᠳ ᠢ ᠬᠥᠲᠥᠯᠥᠨ ᠵᠢᠯᠤᠭᠤᠳᠴᠤ ᠨᠥᠬᠦᠪᠦᠷᠢᠯᠡᠨ ᠲᠡᠭᠦᠯᠳᠡᠷᠵᠢᠭᠦᠯᠦᠭᠰᠡᠨ ᠤ ᠲᠠᠷᠠᠭ᠎ᠠ ᠲᠠᠬᠢᠨ ᠬᠡᠷᠡᠭ ᠪᠣᠯᠭᠠᠨ ᠳᠠᠩᠰᠠᠯᠠᠭᠤᠯᠪᠠ︔ ᠰᠠᠨᠠᠯ ᠵᠥᠪᠯᠡᠯᠭᠡ ᠪᠣᠯᠭᠠᠬᠤ ᠳᠤ ᠲᠣᠬᠢᠷᠠᠬᠤ ᠦᠭᠡᠢ ᠰᠠᠨᠠᠯ ᠰᠠᠨᠠᠭᠤᠯᠭ᠎ᠠ ᠶᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠬᠡᠯᠪᠡᠷᠢ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠢᠶᠠᠷ ᠰᠠᠨᠠᠯ ᠵᠥᠪᠯᠡᠯᠭᠡ ᠶᠢᠨ ᠪᠦᠬᠦᠯᠢ ᠴᠣᠭᠴᠠ ᠶᠢᠨ ᠶᠠᠰᠤ ᠴᠢᠨᠠᠷ ᠢ ᠪᠠᠲᠤᠯᠠᠭᠰᠠᠨ ᠮᠥᠷᠲᠡᠭᠡᠨ ᠭᠡᠰᠢᠭᠦᠳ ᠤᠨ ᠰᠠᠨᠠᠯ ᠵᠥᠪᠯᠡᠯᠭᠡ ᠪᠢᠴᠢᠬᠦ ᠢᠳᠡᠪᠬᠢᠵᠢᠯ ᠢ ᠴᠦ ᠬᠥᠭᠵᠢᠭᠡᠵᠡᠢ᠃ ᠬᠤᠶᠠᠷ ᠲᠤ ︽ᠭᠤᠷᠪᠠᠨ ᠰᠢᠭᠦᠯᠲᠡ︾ ᠪᠠᠷ ᠬᠡᠷᠡᠭ ᠲᠣᠭᠲᠠᠭᠠᠬᠤ ᠶᠢ ᠬᠡᠷᠡᠭᠵᠢᠭᠦᠯᠪᠡ᠃ ︽ᠨᠢᠭᠡᠳᠦᠭᠡᠷ ᠰᠢᠭᠦᠯᠲᠡ︾ ᠳᠤ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠰᠠᠨᠠᠯ ᠵᠥᠪᠯᠡᠯᠭᠡ ᠶᠢᠨ ᠳᠤᠭᠤᠶᠢᠯᠠᠩ ᠠᠴᠠ ᠠᠩᠬ᠎ᠠ ᠬᠢᠨᠠᠭᠰᠠᠨ ᠰᠠᠨᠠᠯ ᠵᠥᠪᠯᠡᠯᠭᠡ ᠶᠢ ᠰᠢᠯᠢᠨ ᠰᠣᠩᠭᠤᠵᠤ᠂ ᠬᠡᠷᠡᠭ ᠪᠣᠯᠭᠠᠨ ᠲᠠᠩᠰᠠᠯᠠᠵᠤ ᠪᠣᠯᠬᠤ ᠡᠰᠡᠬᠦ ᠲᠤᠬᠠᠢ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ︽ᠬᠤᠶᠠᠳᠤᠭᠠᠷ ᠰᠢᠭᠦᠯᠲᠡ︾ ᠳᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠠᠴᠠ ᠰᠠᠨᠠᠯ ᠵᠥᠪᠯᠡᠯᠭᠡ ᠶᠢᠨ ᠳᠤᠭᠤᠶᠢᠯᠠᠩ ᠤᠨ ᠳᠤᠷᠠᠳᠤᠭᠰᠠᠨ ᠰᠠᠨᠠᠭᠤᠯᠭ᠎ᠠ ᠶᠢ ᠲᠠᠬᠢᠨ ᠬᠢᠨᠠᠨ ᠪᠠᠶᠢᠴᠠᠭᠠᠭᠠᠳ ᠠᠩᠬ᠎ᠠ ᠠᠯᠬᠤᠮ ᠤᠨ ᠰᠠᠨᠠᠯ ᠪᠤᠯᠭᠠᠨ ᠳᠠᠩᠰᠠᠯᠠᠨ᠎ᠠ᠃ ︽ᠭᠤᠷᠪᠠᠳᠤᠭᠠᠷ ᠰᠢᠭᠦᠯᠲᠡ︾ ᠳᠤ ᠲᠡᠷᠢᠭᠦᠯᠡᠭᠴᠢᠳ ᠤᠨ ᠬᠤᠷᠠᠯ ᠠᠴᠠ ᠬᠢᠨᠠᠨ ᠪᠠᠲᠤᠯᠠᠭᠰᠠᠨ ᠤ ᠳᠠᠷᠠᠭ᠎ᠠ ᠬᠡᠷᠡᠭ ᠪᠣᠯᠭᠠᠨ ᠳᠠᠩᠰᠠᠯᠠᠬᠤ ᠳᠤᠷᠠᠳᠤᠯᠭ᠎ᠠ ᠶᠢ ᠲᠣᠭᠲᠠᠭᠠᠬᠤ ᠶᠢᠨ ᠬᠠᠮᠲᠤ ᠭᠤᠣᠯᠳᠠᠯᠭ᠎ᠠ ᠲᠠᠢ ᠳᠤᠷᠠᠳᠤᠯᠭ᠎ᠠ ᠶᠢᠨ ᠭᠠᠷᠴᠠᠭ ᠢ ᠰᠢᠯᠢᠨ ᠰᠣᠩᠭᠤᠵᠤ᠂ ᠬᠠᠮᠤᠭ ᠡᠴᠦᠰ ᠲᠤ ᠬᠤᠰᠢᠭᠤᠨ ᠤ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃       ︵ᠭᠤᠷᠪᠠ︶ ᠬᠢᠨᠠᠨ ᠰᠢᠢᠳᠪᠦᠷᠢᠯᠡᠭᠦᠯᠬᠦ ᠳᠡᠭᠡᠷ᠎ᠡ ᠬᠦᠴᠦ ᠲᠠᠯᠪᠢᠵᠤ᠂ ᠰᠠᠨᠠᠯ ᠵᠥᠪᠯᠡᠯᠭᠡ ᠶᠢᠨ ︽ᠦᠷ᠎ᠡ ᠠᠰᠢᠭ ᠤᠨ ᠬᠡᠮᠵᠢᠭᠳᠡᠯ︾ ᠢ ᠨᠡᠮᠡᠭᠳᠡᠭᠦᠯᠪᠡ᠃ ᠨᠢᠭᠡ ᠳᠤ ᠳᠠᠭᠠᠭᠤᠯᠤᠨ ᠬᠢᠨᠠᠨ ᠰᠢᠢᠳᠪᠦᠷᠢᠯᠡᠭᠦᠯᠬᠦ ᠪᠠ ᠭᠤᠣᠯᠳᠠᠯᠭ᠎ᠠ ᠲᠠᠢ ᠬᠢᠨᠠᠨ ᠰᠢᠢᠳᠪᠦᠷᠢᠯᠡᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠪᠠ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠳᠠᠭᠠᠭᠤᠯᠤᠨ ᠬᠢᠨᠠᠨ ᠰᠢᠢᠳᠪᠦᠷᠢᠯᠡᠵᠦ᠂ ᠰᠠᠨᠠᠯ ᠳᠤᠷᠠᠳᠤᠯᠭ᠎ᠠ ᠳᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠰᠠᠨᠠᠯ ᠳᠤᠷᠠᠳᠤᠯᠭ᠎ᠠ ᠶᠢᠨ ᠦᠷ᠎ᠡ ᠪᠦᠲᠦᠮᠵᠢ ᠶᠢ ᠨᠠᠩ ᠰᠠᠶᠢᠨ ᠢᠯᠡᠷᠡᠭᠦᠯᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠪᠡ᠃ ᠬᠤᠶᠠᠷ ᠲᠤ ᠡᠩ ᠤᠨ ᠰᠠᠨᠠᠯ ᠵᠥᠪᠯᠡᠯᠭᠡ ᠶᠢ ᠬᠢᠨᠠᠨ ᠰᠢᠢᠳᠪᠦᠷᠢᠯᠡᠭᠦᠯᠬᠦ ᠶᠢ ᠴᠢᠩᠭᠠᠳᠬᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠨ ᠪᠠᠶᠢᠴᠠᠭᠠᠬᠤ ᠲᠠᠰᠤᠭ ᠪᠣᠯᠣᠨ ᠬᠤᠰᠢᠭᠤᠨ ᠤ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠲᠠᠰᠤᠭ ᠨᠢ ᠰᠠᠨᠠᠯ ᠳᠤᠷᠠᠳᠤᠯᠭ᠎ᠠ ᠶᠢ ᠬᠢᠨᠠᠨ ᠰᠢᠢᠳᠪᠦᠷᠢᠯᠡᠬᠦ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠤᠰᠬᠠᠢ ᠵᠥᠪᠯᠡᠯ ᠲᠠᠢ ᠬᠠᠮᠵᠢᠯᠴᠠᠨ ᠰᠠᠨᠠᠯ ᠳᠤᠷᠠᠳᠤᠯᠭ᠎ᠠ ᠶᠢ ᠬᠢᠨᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠪᠠ᠃ ᠭᠤᠷᠪᠠ ᠳᠤ ︽ᠰᠠᠨᠠᠯ ᠵᠥᠪᠯᠡᠯᠭᠡ +︾ ᠬᠢᠨᠠᠨ ᠰᠢᠢᠳᠪᠦᠷᠢᠯᠡᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠪᠡ᠃ ︽ᠰᠠᠨᠠᠯ ᠵᠥᠪᠯᠡᠯᠭᠡ + ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ︾᠂ ︽ᠰᠠᠨᠠᠯ ᠵᠥᠪᠯᠡᠯᠭᠡ + ᠲᠤᠰᠬᠠᠢ ᠰᠡᠳᠦᠪᠲᠦ ᠵᠥᠪᠯᠡᠯᠭᠡ︾᠂ ︽ᠰᠠᠨᠠᠯ ᠵᠥᠪᠯᠡᠯᠭᠡ + ᠲᠤᠰᠬᠠᠢ ᠰᠡᠳᠦᠪᠲᠦ ᠪᠠᠶᠢᠴᠠᠭᠠᠨ ᠦᠵᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠨᠠᠯ ᠵᠥᠪᠯᠡᠯᠭᠡ ᠶᠢ ᠬᠢᠨᠠᠨ ᠰᠢᠢᠳᠪᠦᠷᠢᠯᠡᠭᠦᠯᠬᠦ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠤᠰᠤᠳ ᠬᠡᠯᠪᠡᠷᠢ ᠶᠢ ᠨᠢᠭᠲᠠ ᠤᠶᠠᠯᠳᠤᠭᠤᠯᠵᠤ᠂ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠪᠡ᠃ ᠭᠡᠰᠢᠭᠦᠳ ᠲᠠᠢ ᠬᠠᠷᠢᠯᠴᠠᠬᠤ ᠦᠷᠳᠡᠭᠡ᠂ ᠡᠲᠡᠭᠡᠳ ᠤᠨ ᠢᠯᠭᠠᠯ ᠤᠨ ᠬᠠᠷᠢᠯᠴᠠᠬᠤ ᠠᠵᠢᠯ ᠤᠨ ᠲᠠᠰᠤᠭ᠂ ᠭᠡᠰᠢᠭᠦᠳ ᠤᠨ ᠭᠡᠷ ᠵᠡᠷᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠠᠰᠢᠭᠯᠠᠨ᠂ ᠰᠠᠨᠠᠯ ᠵᠥᠪᠯᠡᠯᠭᠡ ᠶᠢ ᠵᠥᠪᠯᠡᠬᠦ ᠪᠠ ᠦᠨᠳᠦᠰᠦᠨ ᠱᠠᠲᠤᠨ ᠤ ᠠᠷᠠᠳᠴᠢᠯᠠᠯ ᠢᠶᠠᠷ ᠵᠥᠪᠯᠡᠬᠦ᠂ ᠭᠡᠰᠢᠭᠦᠳ ᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠤᠶᠠᠯᠳᠤᠭᠤᠯᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠶᠠᠪᠤᠴᠠ ᠳᠤ ᠭᠦᠢᠴᠡᠳ ᠵᠥᠪᠯᠡᠬᠦ᠂ ᠲᠠᠬᠢᠨ ᠳᠠᠪᠲᠠᠨ ᠵᠥᠪᠯᠡᠬᠦ ᠪᠠ ᠪᠦᠬᠦ ᠲᠠᠯ᠎ᠠ ᠪᠠᠷ ᠵᠥᠪᠯᠡᠬᠦ ᠶᠢ ᠲᠦᠯᠬᠢᠨ ᠠᠬᠢᠭᠤᠯᠵᠤ᠂ ᠵᠥᠪᠯᠡᠬᠦ ᠪᠠᠷ  ᠬᠢᠨᠠᠨ ᠰᠢᠢᠳᠪᠦᠷᠢᠯᠡᠭᠦᠯᠬᠦ ᠶᠢ ᠠᠬᠢᠭᠤᠯᠪᠠ᠃     ︵ᠳᠥᠷᠪᠡ︶ ᠤᠬᠠᠭᠤᠯᠭ᠎ᠠ ᠶᠢᠨ ᠲᠠᠯ᠎ᠠ ᠪᠠᠷ ᠬᠦᠴᠦ ᠲᠠᠯᠪᠢᠵᠤ᠂ ᠰᠠᠨᠠᠯ ᠵᠥᠪᠯᠡᠯᠭᠡ ᠶᠢᠨ ︽ᠨᠥᠯᠥᠭᠡᠯᠡᠬᠦ ᠬᠦᠴᠦᠨ︾ ᠢ ᠥᠷᠭᠡᠳᠬᠡᠪᠡ᠃ ᠰᠠᠨᠠᠯ ᠵᠥᠪᠯᠡᠯᠭᠡ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠪᠣᠯ ᠤᠯᠤᠰ ᠲᠦᠷᠦ ᠶᠢᠨ ᠵᠥᠪᠯᠡᠯᠭᠡᠨ ᠤ ᠨᠡᠶᠢᠭᠡᠮ ᠤᠨ ᠨᠥᠯᠥᠭᠡ ᠶᠢ ᠥᠷᠭᠡᠳᠬᠡᠵᠦ᠂ ᠰᠠᠨᠠᠯ ᠵᠥᠪᠯᠡᠯᠭᠡ ᠶᠢᠨ ᠠᠵᠢᠯ ᠤᠨ ᠬᠥᠭᠵᠢᠯᠲᠡ ᠶᠢ ᠠᠬᠢᠭᠤᠯᠬᠤ ᠪᠦᠲᠦᠮᠵᠢᠲᠡᠶ ᠠᠷᠭ᠎ᠠ ᠵᠠᠮ ᠮᠥᠨ᠃ ᠨᠢᠭᠡ ᠵᠢᠯ ᠤᠨ ᠲᠤᠷᠰᠢ᠂ ᠰᠠᠨᠠᠯ ᠳᠤᠷᠠᠳᠤᠯᠭ᠎ᠠ ᠶᠢᠨ ᠰᠣᠶᠣᠯ ᠲᠡᠦᠬᠡ ᠶᠢᠨ ᠵᠥᠪᠯᠡᠯ ᠤᠨ ᠬᠢᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠢ ᠳᠤᠨᠢ ᠴᠤᠭᠯᠠᠭᠤᠯᠵᠤ᠂ ᠲᠤᠷᠰᠢᠯᠭ᠎ᠠ ᠦᠷ᠎ᠡ ᠪᠦᠲᠦᠮᠵᠢ ᠪᠠᠨ ᠳ᠋ᠦᠩᠨᠡᠵᠦ᠂ ᠠᠵᠢᠯ ᠤᠨ ᠮᠡᠳᠡᠭᠡ ᠵᠠᠩᠭᠢ ᠶᠢ ᠨᠠᠶᠢᠷᠠᠭᠤᠯᠤᠨ ᠳᠡᠭᠡᠭᠰᠢ ᠮᠡᠳᠡᠭᠦᠯᠵᠦ᠂ ︽ᠨᠢᠭᠡ ᠬᠤᠪᠢ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ᠂ ᠨᠢᠭᠡᠨ ︿ᠪᠢᠴᠢᠬᠠᠨ ᠰᠢᠷ᠎ᠠ ᠲᠡᠷᠭᠡ﹀᠂ ᠳᠠᠷᠬᠠᠨ ᠮᠤᠤᠮᠢᠩᠭᠠᠨ ᠤ ᠲᠠᠯ᠎ᠠ ᠨᠤᠲᠤᠭ ᠲᠤ ᠬᠡᠷᠡᠯ ᠭᠢᠯᠪᠠᠭ᠎ᠠ ᠨᠡᠮᠡᠷᠢᠯᠡᠪᠡ︾᠂ ︽ᠨᠢᠭᠡ ᠬᠤᠪᠢ ᠨᠡᠷ᠎ᠡ ᠬᠤᠯᠪᠣᠭᠠᠯᠠᠭᠰᠠᠨ ᠰᠠᠨᠠᠯ ᠳᠤᠷᠠᠳᠤᠯᠭ᠎ᠠ ᠪᠠᠷ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠬᠢᠵᠠᠭᠠᠷ ᠤᠨ ᠮᠠᠯᠴᠢᠳ ︿ᠠᠮᠤᠷ ᠲᠦᠪᠰᠢᠨ ᠤᠰᠤ﹀ ᠤᠮᠳᠠᠯᠠᠵᠤ᠂ ᠰᠠᠶᠢᠨ ︿ᠮᠠᠨᠠᠭᠠᠴᠢ﹀ ᠪᠤᠯᠬᠤ︾ ᠰᠠᠨᠠᠯ ᠳᠤᠷᠠᠳᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠤᠯᠠᠨ ᠨᠡᠶᠢᠲᠡ ᠶᠢᠨ ᠳ᠋ᠤᠭᠠᠷ ᠢᠶᠠᠷ ︽ᠬᠢᠯᠠᠰ ᠴᠡᠭ ᠠᠵᠢᠯ︾ ᠪᠤᠯᠵᠤ ᠰᠢᠯᠵᠢᠭᠦᠯᠦᠨ ᠨᠡᠶᠢᠲᠡᠯᠡᠭᠳᠡᠵᠡᠢ᠃ ︽ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠤᠯᠤᠰ ᠲᠥᠷᠥ ᠶᠢᠨ ᠵᠥᠪᠯᠡᠯᠭᠡᠨ ᠤ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ ᠂ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠦᠶ᠎ᠡ︾ ᠭᠡᠬᠦ ᠣᠨᠣᠯ ᠤᠨ ᠵᠣᠬᠢᠶᠠᠯ ᠨᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠳᠤ ᠡᠯᠰᠡᠭᠳᠡᠪᠡ     ᠭᠡᠰᠢᠭᠦᠳ ᠠ᠋᠂ ᠨᠢᠭᠡ ᠵᠢᠯ ᠤᠨ ᠲᠤᠷᠰᠢ ᠬᠤᠰᠢᠭᠤᠨ ᠤ ᠤᠯᠤᠰ ᠳᠣᠶᠢᠷᠤ ᠶᠢᠨ ᠵᠦᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠨᠡᠯᠢᠶᠡᠳ ᠰᠠᠶᠢᠨ ᠠᠮᠵᠢᠯᠲᠠ ᠪᠦᠲᠦᠮᠵᠢ ᠣᠯᠣᠭᠰᠠᠨ ᠨᠢ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠣᠨ ᠬᠤᠰᠢᠭᠤᠨ ᠤ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠠᠴᠠ ᠪᠣᠯᠵᠠᠢ︔ ᠥᠷᠭᠡᠨ ᠤᠯᠠᠨ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠭᠰᠡᠨ ᠤ ᠠᠴᠢ ᠲᠤᠰᠠ ᠠᠴᠠ ᠪᠣᠯᠤᠭᠰᠠᠨ ᠶᠤᠮ᠃ ᠡ᠊ᠨᠳᠡ ᠪᠢ ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠲᠤᠶᠢᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠳᠤ ᠣᠷᠣᠯᠴᠠᠭᠰᠠᠨ᠂ ᠲᠡᠭᠦᠨ ᠢ ᠲᠡᠮᠵᠢᠵᠦ ᠬᠠᠯᠠᠮᠵᠢᠯᠠᠭᠰᠠᠨ ᠪᠦᠬᠦ ᠨᠥᠬᠦᠳ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠲᠤᠷᠰᠢᠯᠭ᠎ᠠ ᠪᠠᠨ ᠳ᠋ᠦᠩᠨᠡᠵᠦ᠂ ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡᠪᠡᠷ ᠣᠳᠣᠬᠠᠨ ᠤ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠳᠤ ᠪᠠᠰᠠ ︽ᠳᠤᠲᠠᠭᠤᠳᠠᠯ︾ ᠣᠷᠣᠰᠢᠵᠤ ᠪᠠᠶᠢᠬᠤ ᠶᠢ ᠪᠢᠳᠡ ᠪᠠᠰᠠ ᠲᠠᠨᠢᠵᠤ ᠣᠯᠪᠠ᠂ ᠵᠢᠱᠢᠶᠡᠯᠡᠪᠡᠯ᠂ ᠭᠡᠰᠢᠭᠦᠳ ᠤᠨ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠢ ᠮᠡᠳᠡᠬᠦ ᠠᠷᠭ᠎ᠠ ᠵᠠᠮ ᠢ ᠥᠷᠭᠡᠳᠬᠡᠬᠦ᠂ ᠰᠠᠨᠠᠯ ᠵᠥᠪᠯᠡᠯᠭᠡ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠠᠷᠭ᠎ᠠ ᠶᠢᠨ ᠲᠠᠯ᠎ᠠ ᠪᠠᠷ ᠲᠤᠲᠠᠮᠠᠭ︔ ᠣᠨᠴᠠ ᠵᠠᠷᠢᠮ ᠰᠠᠯᠠᠭ᠎ᠠ ᠮᠥᠴᠢᠷ ᠤᠨ ᠬᠢᠨ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠤᠨ ᠲᠤᠬᠠᠢ ᠲᠠᠨᠢᠯᠲᠠ ᠪᠠᠷ ᠳᠤᠲᠠᠮᠠᠭ ᠪᠠᠶᠢᠵᠤ᠂ ᠭᠡᠰᠢᠭᠦᠳ ᠤᠨ ᠰᠠᠨᠠᠯ ᠵᠥᠪᠯᠡᠯᠭᠡ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠬᠤ ᠦᠬ᠋ᠡᠢ᠂ ᠰᠢᠢᠳᠪᠦᠷᠢᠯᠡᠬᠦ ᠠᠵᠢᠯ ᠨᠢ ︽ᠴᠢ ᠳᠤᠷᠠᠳᠪᠠᠯ ᠪᠢ ᠬᠠᠷᠢᠭᠤᠯᠤᠨ᠎ᠠ︾᠂ ︽ᠪᠢᠴᠢᠭ ᠮᠠᠲ᠋ᠧᠷᠢᠶᠡᠯ ᠰᠤᠯᠢᠯᠴᠠᠬᠤ︾ ᠵᠡᠷᠭᠡ ᠲᠠᠯ᠎ᠠ ᠳᠤ ᠵᠣᠭᠰᠣᠩᠭᠢᠷᠠᠵᠤ ᠪᠠᠶᠢᠨ᠎ᠠ︔ ᠣᠨᠴᠠ ᠵᠠᠷᠢᠮ ᠬᠠᠷᠢᠭᠤᠯᠲᠠ ᠶᠢᠨ ᠰᠠᠨᠠᠯ ᠳᠤ ︽ᠠᠰᠠᠭᠤᠭᠰᠠᠨ ᠢ ᠬᠠᠷᠢᠭᠤᠯᠤᠭᠰᠠᠨ ᠦᠭᠡᠢ︾ ︽ᠨᠠᠷᠢᠨ ᠪᠢᠴᠢᠭᠡᠴᠢ ᠶᠢᠨ ᠬᠠᠷᠢᠭᠤᠯᠲᠠ︾ ᠶᠢᠨ ᠠᠰᠠᠭᠤᠳᠠᠯ ᠣᠷᠣᠰᠢᠵᠤ ᠪᠠᠶᠢᠨ᠎ᠠ︔ ᠵᠠᠷᠢᠮ ᠰᠠᠯᠠᠭ᠎ᠠ ᠮᠥᠴᠢᠷ ᠤᠨ ᠬᠢᠨ ︽ᠭᠤᠷᠪᠠᠨ ᠠᠭᠤᠯᠵᠠᠯᠲᠠ︾ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠭᠡᠰᠢᠭᠦᠳ ᠤᠨ ︽ᠰᠡᠳᠬᠢᠯ ᠬᠠᠨᠤᠮᠵᠢᠲᠠᠶ ᠪᠠᠶᠢᠬᠤ︾ ᠦᠵᠡᠭᠳᠡᠯ ᠣᠷᠣᠰᠢᠵᠤ ᠪᠠᠶᠢᠨ᠎ᠠ᠂ ᠡᠳᠡᠭᠡᠷ ᠠᠰᠠᠭᠤᠳᠠᠯ ᠢ ᠪᠢᠳᠡ ᠬᠤᠶᠢᠰᠢᠳᠠ ᠶᠢᠨ ᠠᠵᠢᠯ ᠤᠨ ᠳᠤᠮᠳᠠ ᠪᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠴᠢᠷᠮᠠᠶᠢᠨ ᠰᠢᠢᠳᠪᠦᠷᠢᠯᠡᠬᠦ ᠪᠣᠯᠣᠨ᠎ᠠ᠃      ᠭᠤᠷᠪᠠ᠂ 2025 ᠣᠨ ᠤ ᠰᠠᠨᠠᠯ ᠵᠥᠪᠯᠡᠯᠭᠡ ᠶᠢᠨ ᠠᠵᠢᠯ ᠤᠨ ᠲᠣᠬᠢᠷᠠᠭᠤᠯᠤᠯᠲᠠ      2025 ᠣᠨ ᠳᠤ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠷᠭᠡᠨ ᠣᠯᠠᠨ ᠭᠡᠰᠢᠭᠦᠳ ᠢ ᠬᠥᠲᠥᠯᠥᠨ ᠵᠢᠯᠤᠭᠤᠳᠴᠤ ︽ᠨᠢᠭᠡ ᠭᠤᠣᠯ ᠱᠤᠭᠤᠮ︾ ᠤᠨ ᠲᠣᠭᠤᠷᠢᠨ ᠳᠤ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠤᠯᠤᠭᠠᠨ ᠶᠡᠭᠡ ᠢᠨᠵᠧᠨᠧᠷᠢᠩ︾ ᠢ ᠴᠢᠩᠭ᠎ᠠ ᠠᠳᠬᠤᠨ᠂ ᠰᠠᠨᠠᠯ ᠳᠤᠷᠠᠳᠤᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃       ︵ᠨᠢᠭᠡ︶ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠰᠠᠨᠠᠯ ᠵᠥᠪᠯᠡᠯᠭᠡ ᠪᠠᠷ ᠳᠠᠮᠵᠢᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠦᠨ᠎ᠡ᠃ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠲᠦᠷᠪᠡᠨ ᠤᠬᠠᠮᠰᠠᠷ︾ ᠢ ᠴᠢᠩᠭᠠᠳᠬᠠᠬᠤ᠂ ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠰᠠᠨᠠᠯ ᠵᠥᠪᠯᠡᠯᠭᠡ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠪᠠ ᠡᠯ᠎ᠡ ᠵᠠᠩᠭᠢᠯᠠᠭ᠎ᠠ ᠳᠤ ᠲᠤᠤᠱᠯᠠᠭᠤᠯᠬᠤ ᠶᠢ ᠪᠡᠶᠡᠯᠡᠭᠦᠯᠵᠦ᠂ ᠨᠠᠮ ᠤᠨ ᠵᠣᠷᠢᠯᠲᠠ ᠶᠢ ᠦᠨᠡᠨ ᠬᠦ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠲᠠᠨᠢᠯᠲᠠ ᠪᠠ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃ ᠦᠵᠡᠯ ᠰᠠᠨᠠᠭ᠎ᠠ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠭᠤᠣᠯ ᠭᠤᠭᠴᠤᠭ᠎ᠠ ᠶᠢ ᠪᠠᠲᠤᠳᠬᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ᠂ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠵᠡᠷᠭᠡ ᠲᠠᠯ᠎ᠠ ᠪᠠᠷ ᠬᠢ ᠰᠠᠨᠠᠯ ᠳᠤᠷᠠᠳᠤᠯᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠰᠠᠨᠠᠯ ᠳᠤᠷᠠᠳᠤᠯᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ︵ᠬᠤᠶᠠᠷ︶ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠨ᠎ᠡ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠠᠯᠬᠤᠮ ᠢ ᠰᠠᠯᠤᠯ ᠦᠭᠡᠢ ᠳᠠᠭᠠᠵᠤ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠬᠥᠲᠥᠯᠥᠨ ᠵᠢᠯᠤᠭᠤᠳᠴᠤ ︽ᠤᠯᠤᠰ ᠤᠨ ᠶᠡᠭᠡ ᠲᠠᠯ᠎ᠠ︾ ᠶᠢ ᠪᠣᠳᠣᠯᠬᠢᠯᠠᠭᠤᠯᠤᠨ᠂ ︽ᠠᠷᠠᠳ ᠤᠨ ᠠᠩᠬᠠᠷᠤᠯ︾ ᠢ ᠠᠩᠬᠠᠷᠤᠨ ᠬᠠᠯᠠᠮᠵᠢᠯᠠᠵᠤ᠂ ︽ᠣᠶᠢᠯᠠᠭᠠᠬᠤ ᠰᠡᠳᠬᠢᠬᠦᠢ︾ ᠶᠢ ᠪᠣᠶ ᠪᠣᠯᠭᠠᠵᠤ᠂ ᠪᠥᠬᠦ ᠲᠠᠯ᠎ᠠ ᠶᠢᠨ ᠴᠢᠬᠤᠯᠠ ᠵᠦᠢᠯ᠂ ᠱᠠᠲᠤ ᠦᠶ᠎ᠡ ᠶᠢᠨ ᠴᠢᠬᠤᠯᠠ ᠵᠦᠢᠯ ᠪᠠ ᠣᠯᠠᠨ ᠲᠦᠮᠡᠨ ᠤ ᠬᠦᠰᠡᠯ ᠡᠷᠡᠮᠡᠯᠵᠡᠯ ᠢ ᠣᠨᠣᠪᠴᠢᠲᠠᠶ ᠡᠷᠢᠨ ᠣᠯᠵᠤ᠂ ᠪᠣᠳᠠᠲᠤ ᠬᠡᠷᠡᠭᠴᠡᠭᠡ ᠲᠠᠢ᠂ ᠪᠦᠲᠦᠮᠵᠢᠲᠡᠶ ᠴᠢᠨᠠᠷ ᠰᠠᠶᠢᠲᠠᠢ ᠰᠠᠨᠠᠯ ᠳᠤᠷᠠᠳᠤᠯᠭ᠎ᠠ ᠳᠤᠷᠠᠳᠤᠨ᠂ ᠨᠠᠮ ᠵᠠᠰᠠᠭ ᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠵᠤ᠂ ᠴᠢᠨᠠᠷ ᠰᠠᠶᠢᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠷᠭ᠎ᠠ ᠤᠬᠠᠭᠠᠨ ᠬᠦᠴᠦᠨ ᠴᠢᠳᠠᠯ ᠢᠶᠠᠨ ᠡᠷᠭᠦᠨ᠎ᠡ᠃ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠠᠵᠢᠯ ᠤᠨ ᠠᠷᠭ᠎ᠠ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠶᠠᠰᠤ ᠴᠢᠨᠠᠷ ᠢᠶᠠᠷ ᠭᠤᠣᠯ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠳᠦᠷᠢᠮ ᠢᠶᠠᠷ ᠪᠠᠲᠤᠯᠠᠭ᠎ᠠ ᠪᠣᠯᠭᠠᠬᠤ ᠶᠢ ᠪᠠᠷᠢᠮᠲᠠᠯᠠᠵᠤ᠂ ᠭᠡᠰᠢᠭᠦᠳ ᠢ ᠬᠥᠲᠥᠯᠥᠨ ᠵᠢᠯᠤᠭᠤᠳᠴᠤ ᠪᠥᠬᠦ ᠬᠤᠰᠢᠭᠤᠨ ᠤ ᠳᠠᠪᠠᠭᠤᠯᠢᠭ ᠠᠵᠤ ᠦᠢᠯᠡᠰ ᠤᠨ ᠰᠦᠷᠦᠭᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠣᠬᠢᠷᠲᠤᠯ ᠦᠭᠡᠢ ᠠᠵᠤ ᠦᠢᠯᠡᠳᠪᠦᠷᠢ ᠶᠢᠨ ᠰᠢᠰᠲ᠋ᠧᠮ ᠢ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠵᠢᠷᠠᠭᠤᠯᠬᠤ᠂ ᠦᠵᠡᠰᠬᠦᠯᠡᠩᠲᠦ ᠰᠠᠶᠢᠬᠠᠨ ᠳᠠᠷᠬᠠᠨ ᠮᠤᠤᠮᠢᠩᠭᠠᠨ ᠢ ᠪᠦᠲᠦᠭᠡᠨ ᠪᠠᠶᠢᠭᠤᠯᠬᠤ ᠵᠡᠷᠭᠡ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠳᠤᠷᠠᠳᠤᠯᠭ᠎ᠠ ᠶᠢᠨ ︽ᠦᠨ᠎ᠡ ᠥᠷᠲᠡᠭ︾ ᠢ ᠭᠦᠢᠴᠡᠳ ᠢᠯᠡᠷᠡᠭᠦᠯᠦᠨ᠎ᠡ᠃ ᠰᠠᠨᠠᠯ ᠵᠥᠪᠯᠡᠯᠭᠡ ᠶᠢᠨ ᠰᠦᠪᠡᠭᠴᠢ ᠪᠠ ᠭᠤᠣᠯᠳᠠᠯᠭ᠎ᠠ ᠲᠠᠢ ᠰᠠᠨᠠᠯ ᠵᠥᠪᠯᠡᠯᠭᠡ ᠶᠢᠨ ᠰᠡᠳᠦᠪ ᠢ ᠰᠣᠩᠭᠤᠨ ᠴᠤᠭᠯᠠᠭᠤᠯᠬᠤ ᠠᠵᠢᠯ ᠢ ᠰᠠᠶᠢᠲᠤᠷ ᠬᠢᠵᠦ᠂ ᠰᠠᠨᠠᠯ ᠵᠥᠪᠯᠡᠯᠭᠡ ᠶᠢᠨ ᠬᠠᠨᠳᠤᠯᠭᠠᠲᠤ ᠴᠢᠨᠠᠷ ᠪᠠ ᠠᠵᠢᠯᠯᠠᠭᠠᠨ ᠤ ᠴᠢᠨᠠᠷ ᠢ ᠲᠠᠰᠤᠷᠠᠯᠳᠠ ᠦᠭᠡᠢ ᠴᠢᠩᠭᠠᠳᠬᠠᠨ᠎ᠠ᠃ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠵᠥᠪᠯᠡᠯᠭᠡᠨ ᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠠᠨᠠᠯ ᠳᠤᠷᠠᠳᠤᠯᠭ᠎ᠠ ᠭᠠᠷᠭᠠᠵᠤ ᠰᠢᠢᠳᠪᠦᠷᠢᠯᠡᠬᠦ ᠬᠤᠶᠠᠷ ᠲᠠᠯ᠎ᠠ ᠶᠢᠨ ᠰᠠᠨᠠᠯ ᠢᠶᠠᠨ ᠭᠦᠨᠵᠡᠭᠡᠢ ᠰᠣᠯᠢᠯᠴᠠᠬᠤ ᠶᠢ ᠬᠥᠲᠥᠯᠥᠨ ᠵᠢᠯᠤᠭᠤᠳᠴᠤ᠂ ᠵᠥᠪᠳᠡᠯᠴᠡᠭᠡ ᠪᠠᠷ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠦᠨ᠂ ᠰᠢᠢᠳᠪᠦᠷᠢᠯᠡᠬᠦ ᠪᠣᠳᠣᠯᠭ᠎ᠠ ᠰᠦᠪᠡᠭᠴᠢᠯᠡᠵᠦ᠂ ᠪᠦᠯᠬᠦᠮᠳᠡᠯ ᠢ ᠠᠬᠢᠭᠤᠯᠤᠨ᠎ᠠ᠃ ᠵᠥᠪᠯᠡᠬᠦ ᠠᠷᠠᠳᠴᠢᠯᠠᠯ ᠤᠨ ︽ᠰᠡᠭᠦᠯᠴᠢ ᠶᠢᠨ ᠬᠠᠭᠠᠰ ᠬᠡᠰᠡᠭ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯᠳᠠᠯᠭ᠎ᠠ ᠲᠠᠢ ᠰᠠᠨᠠᠯ ᠵᠥᠪᠯᠡᠯᠭᠡ ᠶᠢ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ ᠂ ᠪᠦᠲᠦᠮᠵᠢᠲᠡᠶ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠦᠷ᠎ᠡ ᠪᠦᠲᠦᠭᠡᠯ ᠤᠨ ᠬᠤᠪᠢᠷᠠᠯᠲᠠ ᠶᠢ ᠲᠦᠯᠬᠢᠨ ᠠᠬᠢᠭᠤᠯᠤᠨ᠎ᠠ᠃       ︵ᠭᠤᠷᠪᠠ︶ ᠰᠠᠨᠠᠯ ᠵᠥᠪᠯᠡᠯᠭᠡ ᠶᠢᠨ ᠠᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠨ᠎ᠡ᠃ ᠰᠠᠨᠠᠯ ᠵᠥᠪᠯᠡᠯᠭᠡ ᠰᠣᠶᠣᠯ ᠲᠡᠦᠬᠡ ᠶᠢᠨ ᠺᠣᠮᠢᠰ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠬᠡᠯᠪᠡᠷᠢ ᠶᠢᠨ᠂ ᠤᠯᠠᠨ ᠳᠡᠰ ᠳᠠᠪᠬᠤᠷᠭ᠎ᠠ ᠶᠢᠨ᠂ ᠤᠯᠠᠨ ᠲᠠᠯ᠎ᠠ ᠶᠢᠨ ᠨᠡᠪᠲᠡᠷᠡᠯᠴᠡᠭᠡ ᠵᠥᠪᠳᠡᠯᠴᠡᠭᠡ ᠶᠢ ᠢᠳᠡᠪᠬᠢᠲᠡᠢ ᠥᠷᠨᠢᠭᠦᠯᠵᠦ᠂ ᠰᠠᠨᠠᠯ ᠵᠥᠪᠯᠡᠯᠭᠡ ᠶᠢᠨ ᠠᠵᠢᠯ ᠢ ᠭᠡᠰᠢᠭᠦᠳ ᠤᠨ ᠬᠠᠷᠢᠯᠴᠠᠬᠤ ᠦᠷᠳᠡᠭᠡ᠂ ᠡᠲᠡᠭᠡᠳ ᠤᠨ ᠢᠯᠭᠠᠯ ᠤᠨ ᠬᠠᠷᠢᠯᠴᠠᠬᠤ ᠠᠵᠢᠯ ᠤᠨ ᠲᠠᠰᠤᠭ᠂ ᠭᠡᠰᠢᠭᠦᠳ ᠤᠨ ᠭᠡᠷ ᠲᠤ ᠠᠭᠤᠰᠬᠠᠨ ᠣᠷᠣᠭᠤᠯᠵᠤ᠂ ᠬᠤᠷᠠᠯ ᠬᠤᠷᠠᠯᠳᠤᠭᠤᠯᠬᠤ᠂ ᠪᠠᠶᠢᠴᠠᠭᠠᠨ ᠦᠵᠡᠬᠦ ᠶᠢ ᠵᠣᠬᠢᠶᠠᠨ ᠪᠠᠶᠢᠭᠤᠯᠬᠤ᠂ ᠪᠠᠶᠢᠴᠠᠭᠠᠨ ᠦᠵᠡᠵᠦ ᠰᠤᠷᠤᠯᠴᠠᠬᠤ ᠶᠢ ᠪᠠᠶᠢᠴᠠᠭᠠᠬᠤ᠂ ᠰᠤᠷᠪᠤᠯᠵᠢᠯᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠭᠡᠰᠢᠭᠦᠳ ᠤᠨ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠢ ᠣᠶᠢᠯᠠᠭᠠᠬᠤ ᠳᠤ ᠦᠢᠯᠡᠴᠢᠯᠡᠭᠡ ᠬᠠᠩᠭᠠᠬᠤ ᠬᠡᠷᠡᠭᠲᠡᠢ᠃ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠳᠠᠭᠠᠭᠠᠨ ᠭᠦᠢᠴᠡᠳᠬᠡᠬᠦ ᠨᠢᠭᠡᠴᠢ᠂ ᠤᠯᠤᠰ ᠲᠥᠷᠥ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠢ ᠪᠠ ᠡᠯ᠎ᠡ ᠲᠤᠰᠬᠠᠢ ᠵᠥᠪᠯᠡᠯ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠵᠣᠬᠢᠴᠠᠯᠳᠤᠨ ᠨᠡᠪᠲᠡᠷᠡᠯᠴᠡᠬᠦ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠰᠠᠨᠠᠯ ᠵᠥᠪᠯᠡᠯᠭᠡ ᠶᠢᠨ ᠠᠵᠢᠯ ᠤᠨ ᠤᠨᠤᠯ ᠤᠨ ᠲᠤᠬᠠᠢ ᠰᠤᠳᠤᠯᠤᠨ ᠶᠠᠷᠢᠯᠴᠠᠬᠤ ᠠᠵᠢᠯ ᠢ ᠭᠦᠨᠵᠡᠭᠡᠢ ᠥᠷᠨᠢᠭᠦᠯᠵᠦ᠂ ᠰᠠᠨᠠᠯ ᠵᠥᠪᠯᠡᠯᠭᠡ ᠶᠢᠨ ᠠᠵᠢᠯ ᠤᠨ ᠲᠤᠷᠰᠢᠯᠭ᠎ᠠ ᠶᠢ ᠬᠢᠨᠠᠮᠠᠭᠠᠢ ᠳ᠋ᠦᠩᠨᠡᠵᠦ᠂ ᠰᠠᠨᠠᠯ ᠵᠥᠪᠯᠡᠯᠭᠡ ᠶᠢᠨ ᠠᠵᠢᠯ ᠳᠤ ᠯᠠᠪᠯᠠᠯᠲᠠ ᠪᠣᠯᠭᠠᠵᠤ ᠪᠣᠯᠬᠤ ᠠᠷᠭ᠎ᠠ ᠪᠠ ᠤᠨᠤᠯ ᠤᠨ ᠦᠨᠳᠦᠰᠦ ᠪᠠᠷᠢᠮᠲᠠ ᠶᠢ ᠬᠠᠩᠭᠠᠨ᠎ᠠ᠃ ᠤᠬᠠᠭᠤᠯᠤᠨ ᠮᠡᠳᠡᠭᠡᠯᠡᠬᠦ ᠪᠠᠨ ᠴᠢᠩᠭᠠᠳᠬᠠᠵᠤ᠂ ᠰᠣᠨᠢᠨ ᠮᠡᠳᠡᠭᠡᠯᠡᠯ ᠤᠨ ᠵᠠᠭᠤᠴᠢ ᠶᠢᠨ ᠬᠠᠷᠢᠯᠴᠠᠭ᠎ᠠ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠤᠨ ᠨᠡᠶᠢᠭᠡᠮ ᠤᠨ ᠨᠥᠯᠥᠭᠡ ᠶᠢ ᠲᠠᠰᠤᠷᠠᠯᠳᠠ ᠦᠭᠡᠢ ᠦᠷᠭᠡᠳᠭᠡᠨ᠎ᠡ᠃       ᠭᠡᠰᠢᠭᠦᠳ ᠠ᠋᠂ ᠨᠥᠬᠦᠳ ᠠ᠋᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠢᠨ᠎ᠡ ᠠᠶᠠᠨ ᠳᠠᠭᠠᠨ ᠰᠢᠭᠤᠷᠬᠠᠶᠢᠯᠠᠨ ᠤᠷᠤᠭᠰᠢᠯᠠᠵᠠᠭᠠᠶ᠎ᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠨᠢ ᠰᠠᠨᠠᠯ ᠳᠤᠷᠠᠳᠤᠯᠭ᠎ᠠ ᠶᠢᠨ ᠠᠵᠢᠯ ᠳᠤ ᠥᠷᠭᠡᠨ ᠠᠭᠤᠳᠠᠮ ᠲᠠᠪᠴᠠᠩ ᠬᠠᠩᠭᠠᠭᠰᠠᠨ ᠪᠥᠭᠡᠳ ᠪᠠᠰᠠ ᠨᠡᠩ ᠥᠨᠳᠥᠷ ᠰᠢᠨ᠎ᠡ ᠱᠠᠭᠠᠷᠳᠠᠯᠭ᠎ᠠ ᠶᠢ ᠳᠤᠷᠠᠳᠤᠭᠰᠠᠨ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡ ᠰᠡᠳᠬᠢᠯ ᠨᠢᠭᠡ ᠵᠣᠷᠢᠭ ᠢᠶᠠᠷ ᠯᠠᠪᠳᠠᠭᠤᠨ ᠪᠠᠲᠤᠲᠠᠢ ᠠᠵᠢᠯᠯᠠᠵᠤ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠨᠡᠭᠡᠭᠡᠨ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠳᠠᠷᠬᠠᠨ ᠮᠤᠤᠮᠢᠩᠭᠠᠨ ᠤ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠡᠭᠡᠶ᠎ᠡ︕  
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号