ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ       ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯ᠊
ᠨᠡᠶᠢᠲᠡᠯᠡᠭᠰᠡᠨ ᠴᠠᠭ᠄
2025/3/26
 ﹇2025.01﹈ᠤᠯᠤᠰ ᠲᠦᠷᠦ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠦᠷᠪᠡᠳᠤᠭᠡᠷ ᠬᠤᠷᠠᠯᠳᠤᠭᠠᠨ      ᠮᠠᠲ᠋ᠧᠷᠢᠶᠠᠯ ᠬᠤᠶᠠᠷ            ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ       ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ                 — 2025 ᠣᠨ ᠤ 1 ᠰᠠᠷ᠎ᠠ ᠶᠢᠨ 14 ᠤ ᠡᠳᠦᠷ ᠤᠯᠤᠰ ᠲᠦᠷᠦ ᠶᠢᠨ ᠵᠥᠪᠯᠡᠯᠭᠡᠨ ᠤ ᠳᠠᠷᠬᠠᠨ ᠮᠤᠤᠮᠢᠩᠭᠠᠨ                ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠦᠷᠪᠡᠳᠤᠭᠡᠷ ᠬᠤᠷᠠᠯᠳᠤᠭᠠᠨ ᠳᠡᠭᠡᠷ᠎ᠡ                                                                          ᠯᠢ ᠶᠦᠩ ᠰᠢᠨᠭᠡᠰᠢᠭᠦᠳ ᠠ᠋᠂ ᠨᠥᠬᠦᠳ ᠠ᠋᠄       ᠪᠢ ᠤᠯᠤᠰ ᠲᠦᠷᠦ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃       ᠨᠢᠭᠡ᠂ 2024 ᠣᠨ ᠤ ᠠᠵᠢᠯ ᠤᠨ ᠡᠷᠭᠢᠴᠡᠭᠦᠯᠦᠯ       2024 ᠣᠨ ᠪᠣᠯ ᠰᠢᠨ᠎ᠡ ᠳᠤᠮᠳᠠᠳᠤ ᠤᠯᠤᠰ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ︾ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠷᠢᠨ ᠨᠢᠮᠪᠠᠢ ᠵᠢᠯᠣᠭᠤᠳᠤᠯᠭ᠎ᠠ ᠪᠠ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠪᠠ ᠡᠯ᠎ᠡ ᠰᠠᠯᠠᠭ᠎ᠠ ᠮᠥᠴᠢᠷ ᠤᠨ ᠢᠳᠡᠪᠬᠢᠲᠡᠢ ᠬᠠᠮᠵᠢᠯᠴᠠᠭ᠎ᠠ ᠪᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠳᠤᠮᠳᠠᠳᠤ ᠶᠢᠨ ᠦᠨᠳᠤᠰᠤᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢᠶᠠᠷ ᠭᠤᠤᠯ ᠱᠤᠭᠤᠮ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠰᠤᠷᠤᠯᠴᠠᠨ ᠲᠤᠤᠱᠯᠠᠭᠤᠯᠵᠤ᠂ ᠥᠪᠥᠷ ᠮᠣᠩᠭᠤᠯ ᠤᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ᠰᠢ ᠶᠢᠨ ᠫᠢᠩ ᠶᠡᠷᠦᠩᠬᠡᠢ ᠱᠦᠵᠢ ᠶᠢᠨ ᠪᠤᠭᠤᠲᠤ ᠳᠤ ᠲᠠᠯᠪᠢᠭᠰᠠᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠠᠬᠢᠭᠤᠯᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠮᠠᠨ ᠤ ᠬᠤᠰᠢᠭᠤᠨ ᠤ ᠪᠥᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠢᠭᠲᠠᠷᠠᠭᠤᠯᠪᠠ᠃       ︵ᠨᠢᠭᠡ︶ ᠥᠨᠳᠥᠷ ᠵᠣᠭᠰᠣᠴᠠ ᠠᠴᠠ ᠤᠭ ᠰᠠᠨᠠᠭ᠎ᠠ ᠪᠠᠨ ᠦᠢᠯᠡᠳᠦᠯᠭᠡᠵᠢᠭᠦᠯᠬᠦ ᠶᠢ ᠬᠥᠲᠥᠯᠥᠨ ᠳᠠᠭᠠᠭᠤᠯᠵᠤ᠂  ᠰᠠᠭᠤᠷᠢ ᠪᠠᠨ ᠪᠠᠲᠤᠳᠬᠠᠬᠤ ᠳᠤᠮᠳᠠ ᠤᠯᠤᠰ ᠲᠦᠷᠦ ᠶᠢᠨ ᠵᠥᠪᠯᠡᠯᠭᠡᠨ ᠤ ᠡᠭᠦᠷᠭᠡᠯᠡᠯ ᠢ ᠢᠯᠡᠷᠡᠭᠦᠯᠪᠠ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠶᠡᠷᠦᠩᠬᠡᠶᠢᠯᠡᠨ ᠵᠢᠯᠤᠭᠤᠳᠬᠤ ᠶᠡᠷᠦᠩᠬᠡᠢ ᠬᠥᠲᠥᠯᠪᠦᠷᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠲᠤᠰᠢᠶᠠᠯ ᠬᠠᠷᠢᠭᠤᠴᠠᠯᠭ᠎ᠠ ᠪᠠᠨ ᠵᠥᠪ ᠭᠦᠢᠴᠡᠳᠬᠡᠬᠦ ᠶᠢᠨ ᠤᠷᠢᠲᠠᠯ ᠪᠤᠯᠭᠠᠵᠠᠢ᠃       ᠨᠢᠭᠡ ᠳᠤ ᠨᠠᠮ ᠤᠨ ᠤᠳᠤᠷᠢᠳᠤᠯᠭ᠎ᠠ ᠶᠢ ᠨᠡᠩ ᠪᠠᠲᠤᠳᠬᠠᠪᠡ᠃ ᠬᠤᠰᠢᠭᠤᠨ ᠤ ᠨᠠᠮ ᠤᠨ ᠬᠤᠷᠢᠶ᠎ᠠ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠬᠤᠯᠠᠴᠢᠯᠠᠨ ᠳᠡᠮᠵᠢᠵᠦ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠴᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠴᠢᠭᠯᠡᠯ ᠲᠤᠭᠳᠠᠭᠠᠪᠠ᠃ ᠬᠤᠰᠢᠭᠤᠨ ᠤ ᠤᠯᠤᠰ ᠲᠥᠷᠥ  ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠤᠬᠠᠮᠰᠠᠷ  ᠠᠴᠠ ᠪᠠᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠶᠡᠭᠡ ᠲᠠᠯ᠎ᠠ ᠲᠠᠢ ᠤᠶᠠᠯᠳᠤᠭᠤᠯᠤᠨ ᠲᠦᠯᠦᠪᠯᠡᠭᠡ ᠬᠢᠵᠤ ᠪᠠᠶᠢᠷᠢ ᠲᠤᠭᠳᠠᠭᠠᠨ᠂ ︽ᠬᠤᠰᠢᠭᠤᠨ ᠤ ᠨᠠᠮ ᠤᠨ ᠬᠤᠷᠢᠶ᠎ᠠ ᠰᠡᠳᠦᠪ ᠭᠠᠷᠭᠠᠬᠤ᠂ ᠤᠯᠤᠰ ᠲᠥᠷᠥ ᠶᠢᠨ ᠵᠥᠪᠯᠡᠯᠭᠡᠨ ᠪᠠᠶᠢᠴᠠᠭᠠᠨ ᠰᠤᠳᠤᠯᠤᠯᠲᠠ ᠬᠢᠬᠦ᠂ ᠵᠠᠰᠠᠭ ᠤᠨ ᠣᠷᠳᠣᠨ ᠬᠦᠯᠢᠶᠡᠨ ᠠᠪᠬᠤ᠂ ᠰᠠᠯᠠᠭ᠎ᠠ ᠮᠥᠴᠢᠷ ᠬᠡᠷᠡᠭᠵᠢᠭᠦᠯᠬᠦ︾ ᠵᠠᠷᠴᠢᠮ ᠶᠣᠰᠣᠭᠠᠷ᠂ ᠭᠡᠰᠢᠭᠦᠳ ᠢ ᠵᠣᠬᠢᠶᠠᠨ ᠪᠠᠶᠢᠭᠤᠯᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠣᠯᠠᠨ ᠲᠠᠰ ᠳᠠᠪᠬᠤᠷᠭ᠎ᠠ ᠶᠢᠨ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠠᠵᠢᠯᠯᠠᠭ᠎ᠠ ᠶᠢ ᠥᠷᠨᠢᠭᠦᠯᠵᠦ᠂ ᠪᠥᠬᠦ ᠵᠢᠯ ᠳᠤ 29 ᠤᠳᠠᠭ᠎ᠠ ᠪᠠᠶᠢᠴᠠᠭᠠᠨ ᠰᠤᠳᠤᠯᠵᠤ ᠵᠥᠪᠳᠡᠯᠴᠡᠬᠦ ᠶᠢ ᠵᠣᠬᠢᠶᠠᠨ ᠪᠠᠶᠢᠭᠤᠯᠵᠤ᠂ 7 ᠤᠳᠠᠭ᠎ᠠ ᠲᠤᠰᠬᠠᠢ ᠰᠡᠳᠦᠪᠲᠦ ᠵᠥᠪᠯᠡᠯᠭᠡᠨ ᠤ ᠬᠤᠷᠠᠯ ᠢ ᠬᠤᠷᠠᠯᠳᠤᠭᠤᠯᠤᠨ᠂ 7 ᠵᠥᠪᠯᠡᠯᠭᠡᠨ ᠤ ᠮᠡᠳᠡᠭᠦᠯᠦᠯᠲᠡ ᠶᠢ ᠭᠠᠷᠭᠠᠵᠤ᠂ 19 ᠬᠤᠪᠢ ᠶᠠᠷᠢᠶᠠᠨ ᠤ ᠮᠠᠲ᠋ᠧᠷᠢᠶᠠᠯ ᠢ ᠳᠡᠪᠰᠢᠭᠦᠯᠦᠨ ᠲᠤᠰᠢᠶᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠭᠦᠷᠡᠰᠦᠲᠥ᠋ᠷᠥᠭᠴᠢ ᠦᠭᠡᠢ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠤᠳᠤᠷᠢᠳᠤᠯᠭ᠎ᠠ ᠶᠢ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠦᠢᠯ ᠤᠨ ᠪᠣᠳᠠᠲᠠᠢ ᠠᠵᠢᠯ ᠤᠨ ᠳᠤᠮᠳᠠ ᠦᠢᠯᠡᠳᠤᠯᠭᠡᠵᠢᠭᠦᠯᠦᠨ᠂ ᠢᠮᠠᠭᠲᠠ ᠬᠤᠰᠢᠭᠤ ᠨᠠᠮ ᠤᠨ ᠬᠤᠷᠢᠶ᠎ᠠ ᠲᠠᠢ ᠠᠳᠠᠯᠢ ᠴᠢᠭᠯᠡᠯ ᠢᠶᠠᠷ ᠬᠦᠴᠦᠯᠡᠵᠦ᠂ ᠠᠳᠠᠯᠢ ᠠᠯᠬᠤᠮ ᠢᠶᠠᠷ ᠤᠷᠤᠭᠰᠢᠯᠠᠬᠤ ᠶᠢ ᠪᠠᠳᠤᠯᠠᠪᠠ᠃       ᠬᠤᠶᠠᠷ ᠲᠤ ᠤᠨᠤᠯ ᠢᠶᠠᠷ ᠵᠡᠪᠰᠡᠭᠯᠡᠬᠦ ᠶᠢ ᠨᠡᠩ ᠪᠦᠲᠦᠮᠵᠢᠲᠡᠶ ᠪᠣᠯᠭᠠᠪᠡ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠤᠷᠤᠯᠴᠠᠨ ᠲᠤᠤᠱᠯᠠᠭᠤᠯᠬᠤ ᠶᠢ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ︽ᠨᠢᠭᠡᠳᠦᠭᠡᠷ ᠵᠥᠪᠯᠡᠬᠦ ᠰᠡᠳᠦᠪ ︾ ᠪᠣᠯᠭᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠰᠤᠷᠤᠯᠴᠠᠵᠤ᠂ ᠤᠬᠠᠮᠰᠠᠷ ᠠᠴᠠ ᠪᠠᠨ ᠨᠠᠮ ᠤᠨ ᠣᠨᠣᠯ ᠤᠨ ᠰᠢᠨ᠎ᠡ ᠶᠢ ᠡᠭᠦᠳᠬᠦ ᠳᠤᠮᠳᠠ  ᠠᠴᠠ ᠵᠢᠷᠤᠮᠯᠠᠯ᠂ ᠴᠢᠭᠯᠡᠯ᠂ ᠠᠷᠭ᠎ᠠ ᠶᠢ ᠡᠷᠢᠪᠡ᠃       ᠭᠤᠷᠪᠠ ᠳᠤ ᠰᠤᠷᠤᠯᠴᠠᠯᠭ᠎ᠠ ᠬᠥᠮᠦᠵᠢᠯ ᠢ ᠨᠡᠩ ᠭᠦᠨᠵᠡᠭᠡᠶᠢᠷᠡᠭᠦᠯᠪᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠤᠰᠬᠠᠢ ᠰᠡᠳᠦᠪᠲᠦ ᠨᠣᠮ ᠤᠩᠰᠢᠬᠤ ᠠᠩᠭᠢ ᠶᠢ ᠡᠷᠬᠢᠯᠡᠵᠦ᠂ ᠲᠤᠰᠬᠠᠢ ᠰᠡᠳᠦᠪᠲᠦ ᠰᠤᠷᠤᠯᠴᠠᠯᠭ᠎ᠠ ᠰᠣᠯᠢᠯᠴᠠᠭ᠎ᠠ ᠶᠢ ᠥᠷᠨᠢᠭᠦᠯᠦᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠲᠦᠷᠦᠭᠦᠯᠡᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠵᠤ᠂ ᠤᠳᠤᠷᠢᠳᠬᠤ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠶᠢ ᠲᠠᠰᠤᠷᠠᠯᠳᠠ ᠦᠭᠡᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠢᠲᠡᠭᠡᠯ ᠵᠣᠷᠢᠭ ᠢᠶᠠᠨ ᠪᠠᠲᠤᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠪᠠ᠃ ︽ᠰᠢᠢᠳᠪᠤᠷᠢᠯᠡᠬᠦ ᠰᠡᠳᠬᠢᠬᠦᠢ ᠶᠢ ᠪᠤᠢ ᠪᠣᠯᠭᠠᠬᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢ ᠬᠢᠨᠠᠮᠠᠭᠠᠢ ᠥᠷᠨᠢᠭᠦᠯᠵᠦ᠂ ︽ᠤᠳᠠᠭᠠᠨ᠂ ᠪᠦᠳᠦᠭᠦᠯᠢᠭ ᠂ ᠬᠡᠶᠢᠰᠪᠦᠷᠢ︾ ᠵᠡᠷᠭᠡ 11 ᠲᠠᠯ᠎ᠠ ᠲᠠᠢ ᠬᠠᠷᠢᠴᠠᠭᠤᠯᠤᠨ 22 ᠵᠦᠢᠯ ᠤᠨ ᠠᠰᠠᠭᠤᠳᠠᠯ ᠢ ᠪᠠᠶᠢᠴᠠᠭᠠᠨ  ᠰᠢᠢᠳᠪᠤᠷᠢᠯᠡᠬᠦ ᠶᠢᠨ ᠬᠠᠮᠲᠤ ᠴᠡᠭᠴᠡᠯᠡᠨ ᠥᠭᠡᠷᠡᠴᠢᠯᠡᠬᠦ ᠲᠠᠩᠰᠠ ᠪᠠᠶᠢᠭᠤᠯᠵᠤ᠂ ᠵᠦᠢᠯ ᠳᠠᠷᠠᠭᠠᠯᠠᠨ ᠴᠡᠭᠴᠡᠯᠡᠨ ᠥᠭᠡᠷᠡᠴᠢᠯᠡᠵᠦ᠂ ᠦᠵᠡᠯ ᠰᠠᠨᠠᠭ᠎ᠠ ᠪᠠᠨ ᠨᠢᠭᠡᠳᠬᠡᠬᠦ᠂ ᠴᠢᠭᠯᠡᠯ ᠢᠶᠠᠨ ᠲᠣᠳᠣᠷᠬᠠᠶᠢᠯᠠᠬᠤ᠂ ᠬᠦᠴᠦᠨ ᠢᠶᠠᠨ ᠨᠢᠭᠲᠠᠷᠠᠭᠤᠯᠬᠤ ᠵᠣᠷᠢᠯᠭ᠎ᠠ ᠳᠤ ᠬᠦᠷᠪᠡ᠃       ᠳᠥᠷᠪᠡ ᠳᠤ ᠨᠠᠮ ᠤᠨ ᠪᠠᠶᠢᠭᠤᠯᠤᠯᠲᠠ ᠨᠡᠩ ᠬᠦᠴᠦᠲᠡᠢ ᠪᠣᠯᠪᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠠᠳᠬᠤᠬᠤ᠂ ᠶᠡᠭᠡ ᠲᠠᠯ᠎ᠠ ᠶᠢ ᠬᠠᠮᠢᠶᠠᠷᠬᠤ ᠪᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠤᠰᠬᠠᠢ ᠰᠡᠳᠦᠪ ᠢᠶᠠᠷ ᠰᠤᠳᠤᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃ ᠲᠤᠰᠬᠠᠢ ᠵᠥᠪᠯᠡᠯ ᠤᠨ ᠨᠠᠮ ᠤᠨ ᠡᠭᠦᠷ ᠤᠨ ᠦᠢᠯᠡᠳᠦᠯ ᠢ ᠲᠤᠪᠤᠶᠢᠯᠭᠠᠵᠤ᠂ ᠨᠠᠮ ᠤᠨ ᠭᠡᠰᠢᠭᠦᠨ ᠪᠠ ᠤᠯᠤᠰ ᠲᠦᠷᠦ ᠶᠢᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢᠨ ᠨᠢᠭᠡ ᠲᠠᠯ᠎ᠠ ᠶᠢᠨ ᠬᠠᠷᠢᠶᠠᠯᠠᠭᠳᠠᠬᠤ ᠪᠠ ᠳᠠᠪᠬᠤᠷ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠨᠠᠮ ᠤᠨ ᠭᠡᠰᠢᠭᠦᠨ ᠤᠯᠤᠰ ᠲᠦᠷᠦ ᠶᠢᠨ ᠭᠡᠰᠢᠭᠦᠨ ᠲᠠᠢ ᠬᠠᠷᠢᠯᠴᠠᠬᠤ᠂ ᠨᠠᠮ ᠤᠨ ᠭᠡᠰᠢᠭᠦᠨ ᠨᠠᠮ ᠤᠨ ᠭᠠᠳᠠᠨᠠᠬᠢ ᠭᠡᠰᠢᠭᠦᠨ ᠲᠠᠢ ᠬᠠᠷᠢᠯᠴᠠᠬᠤ ᠶᠢ ᠲᠦᠯᠬᠢᠨ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠤᠯᠤᠰ ᠲᠦᠷᠦ ᠶᠢᠨ ᠵᠥᠪᠯᠡᠯᠭᠡᠨ ᠤ ᠰᠢᠰᠲ᠋ᠧᠮ ᠳᠤ ᠢᠯᠡ ᠪᠥᠭᠡᠳ ᠪᠦᠲᠦᠮᠵᠢᠲᠡᠢ ᠬᠠᠮᠤᠷᠤᠭᠤᠯᠬᠤ ᠶᠢ ᠪᠡᠶᠡᠯᠡᠭᠦᠯᠪᠡ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠶᠢᠷᠡᠭᠦᠯᠦᠨ ᠥᠷᠭᠡᠳᠬᠡᠵᠦ᠂ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠲᠠᠰᠤᠷᠠᠯᠲᠠ ᠦᠭᠡᠢ ᠪᠠᠬᠢᠵᠢᠭᠦᠯᠪᠡ᠃      ︵ᠬᠤᠶᠠᠷ︶ ᠥᠨᠳᠥᠷ ᠭᠠᠷᠤᠭ᠎ᠠ ᠪᠠᠷ ᠶᠡᠭᠡ ᠲᠠᠯ᠎ᠠ ᠳᠤ ᠦᠢᠯᠡᠴᠢᠯᠡᠬᠦ ᠶᠢ ᠲᠥᠯᠥᠪᠵᠢᠭᠦᠯᠵᠦ᠂ ᠬᠥᠭᠵᠢᠯᠲᠡ ᠶᠢ ᠠᠬᠢᠭᠤᠯᠬᠤ ᠳᠤᠮᠳᠠ ᠤᠯᠤᠰ ᠲᠦᠷᠦ ᠶᠢᠨ ᠵᠥᠪᠯᠡᠯᠭᠡᠨ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ      ᠨᠢᠭᠡ ᠵᠢᠯ ᠤᠨ ᠲᠤᠷᠰᠢ᠂ ᠪᠢᠳᠡ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠰᠠᠨᠠᠯ ᠵᠥᠪᠯᠡᠯᠭᠡ ᠳᠤᠷᠠᠳᠴᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ ᠤᠯᠤᠰ ᠲᠥᠷᠥ ᠶᠢᠨ ᠵᠥᠪᠯᠡᠯᠭᠡᠨ ᠤ ᠡᠭᠦᠷᠭᠡᠯᠡᠯ ᠢ ᠢᠯᠡᠷᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠵᠠᠢ᠃       ᠨᠢᠭᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠦᠪᠳᠡᠯᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ ᠨᠢᠭᠡᠳᠬᠡᠪᠡ᠃ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠬᠢᠯᠢ ᠬᠢᠵᠠᠭᠠᠷ ᠣᠷᠣᠨ ᠪᠣᠯᠤᠭᠰᠠᠨ ᠤ ᠬᠤᠪᠢ ᠳᠤ᠂ ᠤᠯᠠᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠳᠤ ᠥᠪᠡᠷᠮᠢᠴᠡ ᠦᠢᠯᠡᠳᠦᠯ ᠢᠶᠠᠨ ᠪᠠᠳᠠᠷᠠᠭᠤᠯᠤᠭᠰᠠᠭᠠᠷ ᠢᠷᠡᠵᠠᠢ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠰᠠᠶᠢᠲᠤᠷ ᠶᠠᠷᠢᠬᠤ ᠶᠢ ᠪᠠᠷᠢᠮᠳᠠᠯᠠᠵᠤ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠰᠡᠳᠤᠪ ᠢᠶᠠᠷ ᠭᠤᠤᠯᠯᠠᠭᠤᠯᠤᠨ ᠭᠡᠰᠢᠭᠦᠳ ᠢ ᠵᠣᠬᠢᠶᠠᠨ ᠪᠠᠶᠢᠭᠤᠯᠤᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠪᠠᠶᠢᠩᠭᠤ ᠶᠢᠨ ᠬᠤᠷᠢᠶ᠎ᠠ ᠶᠢᠨ ᠵᠠᠰᠠᠭ ᠤᠨ ᠶᠠᠪᠤᠳᠠᠯ ᠢ ᠵᠥᠪᠯᠡᠨ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ︾ ᠵᠡᠷᠭᠡ 5 ᠲᠠᠯ᠎ᠠ ᠶᠢᠨ 11 ᠵᠤᠷᠪᠤᠰ ᠰᠠᠨᠠᠭᠤᠯᠭ᠎ᠠ ᠳᠤᠷᠠᠳᠴᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠲᠠᠪᠤ ᠶᠢ ᠮᠡᠳᠡᠷᠡᠬᠦ︾ ᠶᠢ ᠲᠠᠰᠤᠷᠠᠯᠲᠠ ᠦᠭᠡᠢ ᠴᠢᠩᠭᠠᠳᠬᠠᠪᠠ᠃ ︽ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠬᠦᠴᠦᠨ ᠴᠢᠳᠠᠯ ᠤᠯᠭᠤᠶ᠎ᠠ︾ ᠭᠡᠬᠦ ᠰᠡᠳᠦᠪ ᠢᠶᠠᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠳᠤ ᠲᠤᠰᠬᠠᠢ ᠰᠡᠳᠦᠪᠲᠦ ᠶᠠᠷᠢᠶ᠎ᠠ ᠲᠠᠯᠪᠢᠵᠤ᠂ ᠮᠠᠨ ᠤ ᠬᠤᠰᠢᠭᠤᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠠᠬᠢᠭᠤᠯᠬᠤ ᠳᠤ ᠪᠣᠳᠠᠲᠠᠢ ᠳᠤ ᠰᠠᠭᠤᠷᠢᠯᠠᠨ ᠰᠠᠨᠠᠯ ᠵᠥᠪᠯᠡᠯᠭᠡ ᠳᠤᠷᠠᠳᠪᠠ᠃ ︽ᠬᠢᠯᠢ ᠬᠢᠵᠠᠭᠠᠷ ᠣᠷᠣᠨ ᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ︾ ᠡᠬᠡ ᠪᠢᠴᠢᠭ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ︽ᠰᠡᠳᠬᠢᠯ ᠢᠶᠠᠨ ᠨᠢᠭᠡᠳᠬᠡᠬᠦ︾ ᠰᠡᠳᠬᠦᠯ ᠳᠤ ᠨᠡᠶᠢᠳᠡᠯᠡᠭᠳᠡᠵᠤ᠂ ︽ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠶ᠎ᠠ︾ ᠭᠡᠬᠦ ᠡᠬᠡ ᠪᠢᠴᠢᠭ ︽ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠣᠨᠢᠨ︾ ᠳᠤ ᠨᠡᠶᠢᠲᠡᠯᠡᠭᠳᠡᠵᠡᠢ᠃      ᠬᠤᠶᠠᠷ ᠲᠤ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ ᠤᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠪᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠢᠨᠠᠷ ᠰᠠᠶᠢᠲᠠᠢ ᠬᠥᠭᠵᠢᠯᠲᠡ ᠶᠢᠨ ᠢᠷᠡᠭᠡᠳᠦᠢ ᠶᠢ ᠪᠣᠳᠣᠯᠬᠢᠯᠠᠵᠤ᠂ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠶᠢ ᠳᠤᠷᠠᠳᠤᠨ ᠭᠠᠷᠭᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠡᠭᠦᠷᠡᠰᠦᠲᠥ᠋ᠷᠥᠭᠴᠢ ᠦᠭᠡᠢ ᠲᠣᠭᠤᠷᠢᠭ ᠢ ᠪᠦᠲᠦᠭᠡᠨ ᠪᠠᠶᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ︽ᠬᠦᠴᠦᠨ ᠢᠶᠠᠨ ᠲᠥᠪᠯᠡᠷᠡᠭᠦᠯᠦᠨ ᠡᠬᠢ ᠪᠠᠶᠠᠯᠢᠭ ᠢ ᠨᠡᠭᠡᠭᠡᠨ ᠠᠰᠢᠭᠯᠠᠵᠤ᠂ ᠳᠠᠷᠬᠠᠨ ᠮᠤᠤᠮᠢᠩᠭᠠᠨ ᠤ ᠨᠡᠭᠦᠷᠡᠰᠦᠲᠥ᠋ᠷᠥᠭᠴᠢ ᠦᠭᠡᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠲᠤᠰᠬᠠᠢ ᠰᠡᠳᠦᠪᠲᠦ ᠵᠥᠪᠳᠡᠯᠴᠡᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠬᠦ᠂ ᠣᠯᠠᠨ ᠤ ᠰᠠᠨᠠᠯ ᠢ ᠠᠪᠬᠤ ᠪᠠᠷ ᠳᠠᠮᠵᠢᠭᠤᠯᠤᠨ᠂ ︽ᠠᠵᠤ ᠦᠢᠯᠡᠳᠪᠦᠷᠢᠵᠢᠯᠲᠡ ᠬᠢᠭᠡᠳ ᠠᠵᠤ ᠦᠢᠯᠡᠰ ᠤᠨ ᠲᠣᠭᠠᠴᠢᠯᠠᠯᠲᠠ ᠶᠢ ᠭᠦᠨᠵᠡᠭᠡᠢ ᠠᠭᠤᠰᠤᠯᠴᠠᠭᠤᠯᠬᠤ ᠶᠢ ᠪᠡᠶᠡᠯᠡᠭᠦᠯᠬᠦ︾ ᠵᠡᠷᠭᠡ 4 ᠲᠠᠯ᠎ᠠ ᠶᠢᠨ 12 ᠵᠤᠷᠪᠤᠰ ᠰᠠᠨᠠᠭᠤᠯᠭ᠎ᠠ ᠳᠤᠷᠠᠳᠴᠤ᠂ ᠨᠡᠭᠦᠷᠡᠰᠦᠲᠥ᠋ᠷᠥᠭᠴᠢ ᠦᠭᠡᠢ ᠲᠣᠭᠤᠷᠢᠭ ᠢ ᠮᠠᠨ ᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠭᠤᠣᠯ ᠲᠠᠯᠠᠪᠤᠷ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯ ᠲᠠᠪᠴᠠᠩ᠂ ᠠᠵᠤ ᠦᠢᠯᠡᠰ ᠤᠨ ᠲᠦᠪᠯᠡᠷᠡᠯ ᠤᠨ ᠭᠤᠣᠯ ᠰᠠᠭᠤᠷᠢᠨ ᠭᠠᠵᠠᠷ ᠪᠣᠯᠭᠠᠬᠤ ᠳᠤ ᠬᠦᠴᠦ ᠨᠡᠮᠡᠷᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ︽ᠪᠤᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠲᠦᠷᠭᠡᠳᠬᠡᠵᠦ᠂ ᠲᠠᠯᠠᠰᠲᠤ ᠴᠠᠬᠢᠭᠤᠷ ᠬᠡᠷᠡᠯ ᠴᠡᠨᠡᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︾ ᠭᠡᠬᠦ ᠲᠤᠰᠬᠠᠢ ᠰᠡᠳᠦᠪᠲᠦ ᠵᠥᠪᠳᠡᠯᠴᠡᠭᠡ ᠳᠤ ᠣᠷᠣᠯᠴᠠᠵᠤ᠂ ︽ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠠᠯᠠᠰᠲᠤ ᠴᠠᠬᠢᠭᠤᠷ ᠬᠡᠷᠡᠯ ᠴᠡᠨᠡᠭ ᠤᠨ ᠠᠵᠤ ᠦᠢᠯᠡᠰ ᠤᠨ ᠪᠤᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠪᠡᠶᠡᠯᠡᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ︾ ᠭᠡᠬᠦ ᠰᠡᠳᠦᠪ ᠢᠶᠠᠷ ᠵᠥᠪᠳᠡᠯᠴᠡᠭᠡᠨ ᠤ ᠶᠠᠷᠢᠶ᠎ᠠ ᠲᠠᠯᠪᠢᠵᠤ᠂ ᠬᠤᠲᠠ ᠶᠢᠨ ᠲᠠᠰ ᠳᠠᠪᠬᠤᠷᠭ᠎ᠠ ᠳᠤ ᠮᠠᠨ ᠤ ᠬᠤᠰᠢᠭᠤᠨ ᠤ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ ᠲᠥᠯᠥᠭᠡ ᠰᠠᠨᠠᠯ ᠳᠡᠪᠰᠢᠭᠦᠯᠪᠡ᠃       ᠭᠤᠷᠪᠠ ᠳᠤ᠂ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠴᠢᠳᠠᠪᠤᠷᠢ ᠪᠠᠨ ᠳᠡᠭᠡᠭᠰᠢᠯᠡᠭᠦᠯᠪᠡ᠃ ᠪᠤᠭᠤᠲᠤ ᠬᠤᠲᠠ ᠶᠢᠨ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠤᠯᠠᠨᠰᠦ᠋ᠮ᠎ᠡ ᠶᠢᠨ ᠡᠷᠲᠡᠨ ᠤ ᠬᠤᠲᠠ᠂ ᠤᠮᠠᠷᠠᠲᠤ ᠸᠧᠢ ᠤᠯᠤᠰ ᠤᠨ ᠣᠷᠳᠣ ᠴᠠᠭᠠᠨ ᠬᠡᠷᠡᠮ ᠵᠡᠷᠭᠡ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ ᠤᠨ ᠲᠣᠭᠤᠷᠢᠨ ᠳᠤ᠂ ︽ᠡᠷᠲᠡᠨ ᠤ ᠬᠤᠲᠠ ᠡᠷᠲᠡᠨ ᠤ ᠬᠡᠷᠡᠮ ᠡᠷᠲᠡᠨ ᠤ ᠵᠠᠮ ᠵᠡᠷᠭᠡ ᠰᠣᠶᠣᠯ ᠤᠨ ᠥᠪ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠶᠢ ᠲᠦᠯᠬᠢᠨ ᠠᠬᠢᠭᠤᠯᠵᠤ᠂ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠲᠤᠰᠬᠠᠢ ᠰᠡᠳᠦᠪᠲᠦ ᠵᠥᠪᠳᠡᠯᠴᠡᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠠᠭᠤᠷᠢ ᠠᠵᠢᠯ ᠢ ᠪᠠᠲᠤᠳᠬᠠᠬᠤ︾ ᠵᠡᠷᠭᠡ 6 ᠲᠠᠯ᠎ᠠ ᠶᠢᠨ 21 ᠵᠤᠷᠪᠤᠰ ᠰᠠᠨᠠᠭᠤᠯᠭ᠎ᠠ ᠳᠤᠷᠠᠳᠪᠠ᠃ ︽ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠴᠦ᠂ ᠮᠠᠨ ᠤ ᠬᠤᠰᠢᠭᠤᠨ ᠤ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠬᠤ︾ ᠲᠣᠭᠤᠷᠢᠨ ᠳᠤ ᠲᠤᠰᠬᠠᠢ ᠵᠥᠪᠯᠡᠯ ᠤᠨ ᠠᠵᠢᠯ ᠲᠥᠷᠥᠯ ᠤᠨ ᠵᠥᠪᠳᠡᠯᠴᠡᠭᠡ ᠶᠢ ᠥᠷᠨᠢᠭᠦᠯᠵᠦ᠂ ︽ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠬᠡᠯᠬᠢᠶ᠎ᠡ ᠶᠢ ᠤᠷᠲᠤᠳᠬᠠᠬᠤ︾ ᠵᠡᠷᠭᠡ 3 ᠲᠠᠯ᠎ᠠ ᠶᠢᠨ 10 ᠵᠤᠷᠪᠤᠰ ᠰᠠᠨᠠᠭᠤᠯᠭ᠎ᠠ ᠳᠤᠷᠠᠳᠴᠤ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠳᠤᠨ ᠬᠥᠭᠵᠢᠬᠦ ᠳᠤ ᠬᠦᠴᠦᠨ ᠨᠡᠮᠡᠷᠢᠯᠡᠪᠡ᠃       ᠳᠥᠷᠪᠡ ᠳᠤ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠰᠢᠶᠠᠨ ᠤ ᠬᠤᠳᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠳᠠ ᠪᠠᠯᠭᠠᠰᠤᠵᠢᠯᠲᠠ  ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ ᠴᠢᠨᠠᠷᠲᠠᠢ᠂ ᠤᠬᠠᠭᠠᠯᠢᠭ ᠬᠤᠲᠠ ᠪᠠᠯᠭᠠᠰᠤ ᠶᠢ ᠪᠦᠲᠦᠭᠡᠨ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠪᠠᠲᠤᠬᠠᠭᠠᠯᠭ᠎ᠠ ᠶᠢᠨ ᠬᠤᠲᠠ ᠪᠠᠯᠭᠠᠰᠤᠨ ᠤ ᠰᠢᠨᠡᠴᠢᠯᠡᠯᠲᠡ ᠶᠢᠨ ᠠᠵᠢᠯᠯᠠᠭ᠎ᠠ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ︽ᠬᠤᠲᠠ ᠪᠠᠯᠭᠠᠰᠤᠨ ᠤ ᠰᠢᠨᠡᠴᠢᠯᠡᠯᠲᠡ ᠶᠢᠨ ᠠᠵᠢᠯᠯᠠᠭ᠎ᠠ ᠶᠢ ᠠᠬᠢᠭᠤᠯᠵᠤ᠂ ᠰᠣᠳᠣᠨ ᠣᠨᠴᠠᠯᠢᠭᠲᠤ ᠬᠤᠲᠠ ᠪᠠᠯᠭᠠᠰᠤ ᠶᠢ ᠴᠣᠭᠴᠠᠯᠠᠬᠤ︾ ᠰᠡᠳᠦᠪ ᠤᠨ ᠲᠣᠭᠤᠷᠢᠨ ᠳᠤ ᠭᠡᠰᠢᠭᠦᠳ ᠢ ᠵᠣᠬᠢᠶᠠᠨ ᠪᠠᠶᠢᠭᠤᠯᠤᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠵᠦᠪᠯᠡᠨ᠂ ︽ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠴᠢᠳᠠᠪᠬᠢ ᠶᠢ ᠲᠡᠭᠦᠯᠳᠡᠷᠵᠢᠭᠦᠯᠬᠦ︾ ᠵᠡᠷᠭᠡ 4 ᠲᠠᠯ᠎ᠠ ᠶᠢᠨ 12 ᠰᠠᠨᠠᠭᠤᠯᠭ᠎ᠠ ᠳᠤᠷᠠᠳᠴᠤ᠂ ᠮᠠᠨ ᠤ ᠬᠤᠰᠢᠭᠤᠨ ᠤ ᠰᠣᠳᠣᠨ ᠣᠨᠴᠠᠯᠢᠭᠲᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠪᠡ ᠃ ︽︿ᠹᠧᠩ ᠴᠢᠶᠣᠤ ᠶᠢᠨ ᠲᠤᠷᠰᠢᠯᠭ᠎ᠠ﹀ ᠪᠠᠷ ᠲᠣᠯᠢ ᠪᠣᠯᠭᠠᠵᠤ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ᠰᠡᠳᠤᠪ ᠤᠨ ᠲᠣᠭᠤᠷᠢᠨ ᠳᠤ ᠲᠤᠰᠬᠠᠢ ᠵᠥᠪᠯᠡᠯ ᠤᠨ ᠠᠵᠢᠯ ᠲᠥᠷᠥᠯ ᠤᠨ ᠵᠥᠪᠳᠡᠯᠴᠡᠭᠡ ᠶᠢ ᠥᠷᠨᠢᠭᠦᠯᠦᠨ᠂ ︽ᠦᠨᠳᠦᠰᠦᠨ ᠱᠠᠲᠤᠨ ᠤ ᠰᠠᠭᠤᠷᠢ ᠶᠢ ᠴᠢᠩᠭᠠᠳᠬᠠᠵᠤ᠂ ᠣᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠳᠤ ᠴᠢᠬᠤᠯᠠ ᠲᠠᠪᠴᠠᠩ ᠪᠠᠶᠢᠭᠤᠯᠬᠤ︾ ᠵᠡᠷᠭᠡ 5 ᠲᠠᠯ᠎ᠠ ᠶᠢᠨ 10 ᠵᠤᠷᠪᠤᠰ ᠰᠠᠨᠠᠭᠤᠯᠭ᠎ᠠ ᠳᠤᠷᠠᠳᠴᠤ᠂ ᠮᠠᠨ ᠤ ᠬᠤᠰᠢᠭᠤᠨ ᠤ ᠨᠠᠩ ᠥᠨᠳᠥᠷ ᠲᠦᠪᠰᠢᠨ ᠲᠠᠢ ︽ᠠᠮᠤᠷ ᠠᠮᠤᠭᠤᠯᠠᠩ ᠳᠠᠷᠬᠠᠨ ᠮᠤᠤᠮᠢᠩᠭᠠᠨ︾ ︽ᠬᠠᠤᠯᠢ ᠪᠠᠷ ᠵᠠᠰᠠᠬᠤ ᠳᠠᠷᠬᠠᠨ ᠮᠤᠤᠮᠢᠩᠭᠠᠨ︾ ᠢ ᠪᠠᠶᠢᠭᠤᠯᠬᠤ ᠳᠤ ᠬᠦᠴᠦᠨ ᠨᠡᠮᠡᠷᠢᠯᠡᠪᠡ᠃       ︵ᠭᠤᠷᠪᠠ︶ ᠴᠢᠨᠠᠷ ᠰᠠᠶᠢᠲᠠᠢ ᠲᠠᠪᠴᠠᠩ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠠᠪᠤᠳᠠᠯ ᠤᠨ ᠳᠤᠮᠳᠠ ᠤᠯᠤᠰ ᠲᠦᠷᠦ ᠶᠢᠨ ᠵᠥᠪᠯᠡᠯᠭᠡᠨ ᠤ ᠬᠠᠶᠢᠷ᠎ᠠ ᠰᠡᠳᠬᠢᠯᠭᠡ ᠶᠢ ᠢᠯᠡᠷᠡᠭᠦᠯᠪᠡ᠃      ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠡᠳᠬᠢᠯ ᠲᠠᠯᠪᠢᠨ ᠰᠣᠨᠣᠰᠴᠤ᠂ ᠤᠯᠠᠨ ᠲᠦᠮᠡᠨ ᠤ ᠬᠦᠰᠡᠯ ᠰᠠᠨᠠᠭ᠎ᠠ ᠶᠢ ᠲᠤᠰᠬᠠᠵᠤ᠂ ᠤᠯᠠᠨ ᠲᠦᠮᠡᠨ ᠤ ︽ᠪᠠᠴᠢᠮ ᠪᠡᠷᠬᠡ ᠵᠣᠪᠠᠨᠢᠯ ᠬᠦᠰᠡᠯ︾ ᠢ ᠰᠢᠢᠳᠪᠦᠷᠢᠯᠡᠬᠦ ᠳᠤᠮᠳᠠ ᠤᠯᠤᠰ ᠲᠦᠷᠦ ᠶᠢᠨ ᠵᠥᠪᠯᠡᠯᠭᠡᠨ ᠤ ᠬᠠᠯᠠᠭᠤᠨ ᠰᠡᠳᠬᠢᠯ ᠢ ᠢᠯᠡᠷᠡᠭᠦᠯᠵᠠᠢ᠃       ᠨᠢᠭᠡ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠣᠳᠠᠲᠤ ᠪᠦᠲᠦᠮᠵᠢ ᠶᠢ ᠲᠤᠪᠤᠶᠢᠯᠭᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ︽︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢ ᠲᠦᠯᠬᠢᠨ ᠠᠬᠢᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ︾ ᠭᠤᠷᠪᠠᠨ ᠱᠠᠲᠤᠨ ᠤ ᠬᠤᠯᠪᠤᠭᠠᠯᠠᠨ ᠬᠥᠳᠡᠯᠦᠯᠴᠡᠬᠦ ᠬᠢᠨᠠᠯᠲᠠ ᠵᠥᠪᠳᠡᠯᠴᠡᠭᠡ ᠶᠢ ᠬᠦᠯᠢᠶᠡᠨ ᠠᠪᠴᠤ᠂ ᠭᠡᠰᠢᠭᠦᠳ ᠢ ᠵᠣᠬᠢᠶᠠᠨ ᠪᠠᠶᠢᠭᠤᠯᠤᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠵᠦ᠂ ᠬᠤᠰᠢᠭᠤᠨ ᠤ ᠵᠠᠰᠠᠭ ᠤᠨ ᠣᠷᠳᠣᠨ ᠲᠠᠢ ᠵᠥᠪᠳᠡᠯᠴᠡᠵᠦ ᠪᠠᠶᠢᠭᠠᠳ ︽ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠯᠠᠪᠳᠠᠭᠤᠨ ᠢᠶᠠᠷ ᠠᠬᠢᠭᠤᠯᠬᠤ︾ ᠵᠡᠷᠭᠡ 3 ᠲᠠᠯ᠎ᠠ ᠶᠢᠨ 18 ᠵᠤᠷᠪᠤᠰ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠪᠠᠲᠤᠬᠠᠭᠠᠯᠭ᠎ᠠ ᠪᠠᠯᠭᠠᠰᠤᠨ ᠤ ᠴᠡᠴᠡᠷᠯᠢᠭ ᠤᠨ ᠠᠭᠤᠳᠠᠮ ᠲᠠᠯᠠᠪᠠᠶ ᠪᠠ ᠪᠠᠯᠭᠠᠰᠤᠨ ᠤ ᠲᠣᠭᠤᠷᠢᠭ ᠤᠨ ᠡᠷᠡᠭᠦᠯ ᠬᠠᠮᠠᠭᠠᠯᠠᠯ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠦᠷᠭᠦᠯᠵᠢᠯᠡᠨ ᠥᠷᠨᠢᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ ᠭᠡᠰᠢᠭᠦᠨ ᠢ ᠠᠷᠠᠳᠴᠢᠯᠠᠯ ᠢᠶᠠᠷ ᠬᠢᠨᠠᠯᠲᠠ ᠲᠠᠯᠪᠢᠭᠴᠢ ᠪᠣᠯᠭᠠᠬᠤ ᠪᠠᠷ ᠲᠠᠨᠢᠯᠴᠠᠭᠤᠯᠵᠤ᠂ ᠰᠢᠭᠦᠬᠦ ᠬᠤᠷᠢᠶᠠᠨ ᠤ ᠰᠢᠭᠦᠨ ᠲᠠᠰᠤᠯᠤᠯᠲᠠ ᠶᠢ 21 ᠬᠥᠮᠥᠨ ᠤᠳᠠᠭ᠎ᠠ᠂ ᠪᠠᠶᠢᠴᠠᠭᠠᠬᠤ ᠬᠤᠷᠢᠶᠠᠨ ᠤ ᠭᠡᠷᠡᠴᠢᠯᠡᠭᠡ ᠰᠣᠨᠣᠰᠬᠤ ᠬᠤᠷᠠᠯ ᠢ 23 ᠬᠥᠮᠥᠨ ᠤᠳᠠᠭ᠎ᠠ ᠰᠤᠯᠠ ᠰᠣᠨᠣᠰᠪᠠ᠃ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠶᠢ ᠠᠭᠤᠰᠤᠯᠴᠠᠭᠤᠯᠤᠨ ᠨᠡᠪᠲᠡᠷᠡᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ ᠲᠠᠯᠪᠢᠬᠤ ᠶᠢ ᠨᠡᠪᠲᠡᠷᠡᠭᠦᠯᠬᠦ ᠬᠠᠮᠵᠢᠯᠴᠠᠭᠠᠨ ᠤ ᠲᠠᠪᠴᠠᠩ ᠳᠤ 3 ᠬᠤᠪᠢ ᠠᠷᠠᠳᠴᠢᠯᠠᠯ ᠢᠶᠠᠷ ᠬᠢᠨᠠᠯᠲᠠ ᠲᠠᠯᠪᠢᠬᠤ ᠰᠦᠪᠡᠭᠴᠢ ᠶᠢ ᠮᠡᠳᠡᠭᠦᠯᠦᠨ ᠬᠦᠷᠭᠡᠵᠦ᠂ ︽ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠠᠭᠤᠰᠤᠯᠴᠠᠭᠤᠯᠤᠨ ᠨᠡᠪᠲᠡᠷᠡᠭᠦᠯᠬᠦ ᠶᠢ ᠰᠦᠪᠡᠭᠴᠢᠯᠡᠬᠦ ᠲᠤᠬᠠᠢ ᠬᠡᠳᠦᠨ ᠪᠣᠳᠣᠯᠬᠢᠯᠠᠯ︾ ᠭᠡᠬᠦ ᠰᠡᠳᠦᠪ ᠢᠶᠠᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠣᠨᠣᠯ ᠤᠨ ᠰᠤᠳᠤᠯᠤᠨ ᠶᠠᠷᠢᠯᠴᠠᠬᠤ ᠬᠤᠷᠠᠯ ᠳᠤ ᠲᠤᠷᠰᠢᠯᠭ᠎ᠠ ᠪᠠᠨ ᠰᠣᠯᠢᠯᠴᠠᠭᠰᠠᠨ ᠪᠥᠭᠡᠳ ᠣᠨᠣᠯ ᠤᠨ ᠰᠤᠳᠤᠯᠤᠨ ᠶᠠᠷᠢᠯᠴᠠᠬᠤ ᠥᠭᠦᠯᠡᠯ ᠤᠨ ᠬᠤᠶᠠᠳᠤᠭᠠᠷ ᠳᠡᠰ ᠤᠨ ᠱᠠᠩᠨᠠᠯ ᠭᠥᠷᠳᠡᠪᠡ᠃       ᠬᠤᠶᠠᠷ ᠲᠤ ᠰᠠᠨᠠᠯ ᠵᠥᠪᠯᠡᠯᠭᠡ ᠶᠢ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠴᠢᠩᠭᠠᠳᠬᠠᠪᠠ᠃ ︽ᠲᠤᠭ᠎ᠠ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠵᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ︾ ᠶᠢ ᠪᠠᠷᠢᠮᠲᠠᠯᠠᠵᠤ᠂ ᠪᠦᠬᠦ ᠵᠢᠯ ᠳᠤ 126 ᠬᠤᠪᠢ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠵᠤ᠂ 83 ᠬᠤᠪᠢ ᠰᠠᠨᠠᠯ ᠵᠥᠪᠯᠡᠯᠭᠡ ᠶᠢ ᠬᠡᠷᠡᠭ ᠪᠣᠯᠭᠠᠨ ᠲᠠᠩᠰᠠᠯᠠᠵᠤ ᠲᠤᠰᠢᠶᠠᠨ ᠥᠭᠴᠦ ᠰᠢᠢᠳᠪᠤᠷᠢᠯᠡᠭᠦᠯᠪᠠ᠃ ᠪᠤᠢ ᠪᠦᠬᠦᠢ ᠰᠠᠨᠠᠯ ᠵᠥᠪᠯᠡᠯᠭᠡ ᠶᠢ ᠴᠥᠮ ᠰᠢᠢᠳᠪᠦᠷᠢᠯᠡᠨ ᠬᠠᠷᠢᠭᠤᠯᠲᠠ ᠥᠭᠴᠦ᠂ ᠬᠠᠷᠢᠭᠤᠯᠲᠠ ᠥᠭᠭᠦᠭᠰᠡᠨ ᠨᠤᠷᠮ᠎ᠠ 100% ᠳᠤ ᠬᠦᠷᠴᠦ᠂ ᠭᠡᠰᠢᠭᠦᠳ ᠤᠨ ᠰᠡᠳᠬᠢᠯ ᠬᠠᠨᠤᠮᠵᠢᠲᠠᠶ ᠪᠠᠶᠢᠬᠤ ᠪᠠ ᠦᠨᠳᠦᠰᠦᠨ ᠳᠡᠭᠡᠨ ᠰᠡᠳᠬᠢᠯ ᠬᠠᠨᠤᠮᠵᠢᠲᠠᠶ ᠪᠠᠶᠢᠬᠤ ᠨᠤᠷᠮ᠎ᠠ 97.6% ᠳᠤ ᠬᠦᠷᠴᠡᠢ᠃ ︽ᠪᠠᠲᠤᠬᠠᠭᠠᠯᠭ᠎ᠠ ᠪᠠᠯᠭᠠᠰᠤᠨ ᠤ ᠤᠰᠤ ᠬᠤᠷᠠᠬᠤ ᠬᠡᠮ ᠰᠣᠭᠤᠭ ᠢ ᠲᠦᠷᠭᠡᠨ ᠵᠠᠰᠠᠬᠤ ᠲᠤᠬᠠᠢ ᠰᠠᠨᠠᠭᠤᠯᠭ᠎ᠠ︾ ᠵᠡᠷᠭᠡ 20 ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠠᠴᠠ ᠳᠠᠭᠠᠭᠤᠯᠤᠨ ᠭᠦᠢᠴᠡᠳᠬᠡᠬᠦ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠴᠠ ᠰᠢᠪᠠᠳᠠᠨ ᠰᠢᠢᠳᠪᠦᠷᠢᠯᠡᠭᠦᠯᠵᠦ᠂ ᠠᠷᠠᠳ ᠣᠯᠠᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠬᠦᠴᠦ ᠨᠡᠮᠡᠷᠢᠯᠡᠪᠡ᠃ ︽ᠬᠠᠮᠲᠤ ᠪᠠᠷ ᠡᠳ᠋ᠯᠡᠬᠦ ᠳᠤᠭᠤᠢ ᠲᠡᠷᠭᠡ ᠶᠢ ᠣᠷᠣᠭᠤᠯᠤᠨ ᠠᠪᠴᠢᠷᠠᠬᠤ ᠲᠤᠬᠠᠢ ᠰᠠᠨᠠᠭᠤᠯᠭ᠎ᠠ︾ ᠵᠡᠷᠭᠡ 2 ᠬᠤᠪᠢ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠲᠡ ᠶᠢᠨ ᠳ᠋ᠤᠭᠠᠷ ᠢᠶᠠᠷ ᠰᠢᠯᠵᠢᠭᠦᠯᠦᠨ ᠨᠡᠶᠢᠲᠡᠯᠡᠪᠡ᠃ ︽ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠤᠯᠤᠰ ᠲᠥᠷᠥ ᠶᠢᠨ ᠵᠥᠪᠯᠡᠯᠭᠡᠨ ᠤ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠦᠶ᠎ᠡ︾ ᠭᠡᠬᠦ ᠣᠨᠣᠯ ᠤᠨ ᠵᠣᠬᠢᠶᠠᠯ ᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ︽ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠣᠨᠣᠯ ᠤᠨ ᠰᠤᠳᠤᠯᠤᠨ ᠶᠠᠷᠢᠯᠴᠠᠬᠤ ᠬᠤᠷᠠᠯ ᠤᠨ ᠰᠢᠯᠢᠳᠡᠭ ᠥᠭᠦᠯᠡᠯ ᠤᠨ ᠲᠡᠭᠦᠪᠦᠷᠢ︾ ᠳᠤ ᠣᠷᠣᠭᠤᠯᠪᠠ᠃       ᠭᠤᠷᠪᠠ ᠳᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠪᠡ᠃ ᠭᠡᠰᠢᠭᠦᠳ ᠢ ᠵᠣᠬᠢᠶᠠᠨ ᠪᠠᠶᠢᠭᠤᠯᠤᠨ ᠣᠷᠴᠢᠨ ᠲᠣᠭᠤᠷᠢᠨ ᠤ ᠬᠠᠮᠠᠭᠠᠯᠠᠯᠲᠠ᠂ ᠦᠢᠯᠡᠰ ᠪᠤᠰᠬᠠᠵᠤ ᠠᠵᠢᠯ ᠣᠯᠭᠤᠬᠤ ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠬᠠᠯᠠᠮᠰᠢᠯ ᠪᠠ ᠬᠦᠴᠢᠷ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠠᠷᠠᠳ ᠤᠨ ᠪᠠᠶᠢᠳᠠᠯ ᠢ ᠲᠤᠰᠬᠠᠵᠤ᠂ ᠠᠷᠠᠳ ᠤᠨ ᠣᠶᠤᠨ ᠤᠬᠠᠭᠠᠨ ᠢ ᠬᠤᠷᠠᠮᠳᠤᠭᠤᠯᠤᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ 73 ᠬᠤᠪᠢ ᠴᠤᠭᠯᠠᠭᠤᠯᠤᠨ ᠨᠠᠶᠢᠷᠠᠭᠤᠯᠤᠨ ᠲᠠᠷᠬᠠᠭᠠᠵᠤ᠂ ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ 60 ᠬᠤᠪᠢ ᠶᠢ ᠨᠢ ᠬᠡᠷᠡᠭᠯᠡᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ 4 ᠬᠤᠪᠢ ᠶᠢ ᠬᠡᠷᠡᠭᠯᠡᠪᠡ᠃ ᠡᠭᠦᠨ ᠳᠤ᠂ ︽︿ᠠᠬᠠᠮᠠᠳ ᠢᠶᠠᠨ ᠳᠦᠰᠢᠭᠰᠡᠨ ᠦᠷ᠎ᠡ ᠬᠡᠦᠬᠡᠳ﹀ ᠤᠨ ᠠᠵᠢᠯ ᠣᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠴᠢᠬᠤᠯᠠᠴᠢᠯᠠᠨ ᠦᠵᠡᠬᠦ︾ ᠵᠡᠷᠭᠡ 3 ᠮᠡᠳᠡᠭᠡ ᠶᠢ ᠬᠤᠲᠠ ᠶᠢᠨ ᠨᠠᠮ ᠤᠨ ᠬᠤᠷᠢᠶ᠎ᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠲᠤᠰᠬᠠᠢ ᠰᠣᠨᠢᠨ ᠳᠤ ᠬᠡᠷᠡᠭᠯᠡᠵᠦ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠰᠤᠳᠤᠯᠤᠨ ᠰᠢᠢᠳᠪᠦᠷᠢᠯᠡᠭᠦᠯᠪᠡ᠃ ᠬᠤᠰᠢᠭᠤ ᠨᠠᠮ ᠤᠨ ᠬᠤᠷᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠳᠤᠰᠬᠠᠢ ᠰᠤᠨᠢᠨ  ᠳᠤ 42 ᠮᠡᠳᠡᠭᠡ ᠶᠢ ᠮᠡᠳᠡᠭᠦᠯᠦᠨ᠂ 33 ᠮᠡᠳᠡᠭᠡ ᠵᠠᠩᠭᠢ ᠶᠢ ᠬᠡᠷᠡᠭᠯᠡᠨ᠂ ︽ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠤ᠂ ᠠᠷᠠᠳ ᠤᠯᠠᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠴᠡᠨᠡᠭᠯᠡᠬᠦ ᠭᠠᠵᠠᠷ ᠲᠠᠢ᠂ ᠵᠤᠭᠰᠤᠭᠠᠬᠤ ᠭᠠᠵᠠᠷ ᠲᠠᠢ ᠪᠠᠶᠢᠯᠭᠠᠬᠤ︾ ᠵᠡᠷᠭᠡ 12 ᠮᠡᠳᠡᠭᠡ ᠵᠠᠩᠭᠢ ᠶᠢ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠤ ᠴᠣᠬᠤᠯᠠᠪᠤᠷᠢᠯᠠᠭᠤᠯᠵᠤ᠂ ᠬᠤᠰᠢᠭᠤᠨ ᠤ ᠵᠠᠰᠠᠭ ᠤᠨ ᠣᠷᠳᠣᠨ ᠳᠤ ᠳᠠᠮᠵᠢᠭᠤᠯᠤᠨ ᠥᠭᠴᠦ ᠰᠤᠳᠤᠯᠤᠨ ᠰᠢᠢᠳᠪᠦᠷᠢᠯᠡᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢᠨ ︽ᠰᠢᠭᠤᠳ ᠨᠡᠪᠲᠡᠷᠡᠬᠦ ᠲᠡᠷᠭᠡ︾  ᠶᠢᠨ ᠦᠢᠯᠡᠳᠦᠯ ᠢ ᠭᠦᠢᠴᠡᠳ ᠪᠠᠳᠠᠷᠠᠭᠤᠯᠵᠠᠢ᠃       ᠳᠥᠷᠪᠡ ᠳᠤ ᠦᠨᠳᠦᠰᠦᠨ ᠱᠠᠲᠤᠨ ᠤ ᠵᠥᠪᠳᠡᠯᠴᠡᠨ ᠦᠢᠯᠡᠳᠦᠯᠭᠡᠵᠢᠭᠦᠯᠬᠦ ᠠᠵᠢᠯ ᠢ ᠭᠦᠨᠵᠡᠭᠡᠶᠢᠷᠡᠭᠦᠯᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ︽ᠰᠤᠮᠤ ᠰᠢᠶᠠᠩ ᠪᠠᠯᠭᠠᠰᠤ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠵᠥᠪᠯᠡᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠮᠤ ᠰᠢᠶᠠᠩ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠵᠦᠪᠯᠡᠯ ᠤᠨ ᠠᠵᠢᠯᠯᠠᠭᠠᠨ ᠤ ᠲᠣᠭᠲᠠᠴᠠ  ᠶᠢ ᠳᠦᠷᠢᠮᠵᠢᠭᠦᠯᠵᠤ᠂ ᠦᠨᠳᠦᠰᠦᠨ ᠱᠠᠲᠤᠨ ᠤ ᠣᠯᠠᠨ ᠲᠦᠮᠡᠨ ᠤ ᠪᠠᠴᠢᠮ ᠪᠡᠷᠬᠡ ᠵᠣᠪᠠᠨᠢᠯ ᠬᠦᠰᠡᠯ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠦᠭᠵᠢᠷᠡᠯ ᠤᠨ ᠠᠰᠠᠭᠤᠳᠠᠯ ᠤᠨ ᠲᠣᠭᠤᠷᠢᠨ ᠳᠤ᠂ ︽ᠨᠢᠭᠤᠷᠲᠠᠨ ᠵᠥᠪᠳᠡᠬᠦ︾ ᠠᠵᠢᠯᠯᠠᠭ᠎ᠠ ᠶᠢ 36 ᠤᠳᠠᠭ᠎ᠠ ᠵᠣᠬᠢᠶᠠᠨ ᠪᠠᠶᠢᠭᠤᠯᠤᠨ᠂ ︽ᠰᠦᠯᠢᠶᠥᠦ ᠪᠦᠷᠬᠦᠪᠴᠢ ᠶᠢᠨ ᠪᠣᠬᠢᠷᠲᠤᠯ ᠤᠨ ᠵᠥᠷᠢᠴᠡᠯ ᠢ ᠡᠪᠳᠠᠢ ᠰᠢᠢᠳᠪᠦᠷᠢᠯᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠬᠦᠴᠦᠨ ᠢ ᠨᠡᠮᠡᠭᠳᠡᠭᠦᠯᠬᠦ︾ ᠵᠡᠷᠭᠡ 3 ᠬᠤᠪᠢ ︽ᠨᠢᠭᠤᠷᠲᠠᠨ ᠵᠥᠪᠳᠡᠬᠦ︾ ᠬᠡᠷᠡᠭ ᠤᠨ ᠵᠢᠱᠢᠶ᠎ᠡ ᠶᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠲᠡ ᠶᠢᠨ ᠳ᠋ᠤᠭᠠᠷ ᠲᠤ ᠰᠢᠯᠵᠢᠭᠦᠯᠦᠨ ᠨᠡᠶᠢᠲᠡᠯᠡᠵᠦ᠂ ᠵᠥᠷᠢᠴᠡᠯ ᠢ ᠦᠨᠳᠦᠰᠦᠨ ᠱᠠᠲᠤᠨ ᠳᠤ ᠨᠢ ᠪᠦᠲᠦᠮᠵᠢᠳᠠᠢ ᠰᠢᠢᠳᠪᠦᠷᠢᠯᠡᠵᠦ ᠂ ᠠᠩᠬᠠᠨ ᠤ ᠱᠠᠳᠤ ᠦᠶ᠎ᠡ ᠳᠤ ᠨᠢ ᠠᠷᠢᠯᠭᠠᠪᠠ᠃ ᠮᠠᠨᠳᠤᠯ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶ᠎ᠠ ᠪᠥᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠲᠡᠭᠡᠳ ᠤᠨ ᠢᠯᠭᠠᠯ ᠤᠨ ᠣᠯᠠᠨ ᠲᠦᠮᠡᠨ ᠲᠠᠢ ᠬᠠᠷᠢᠯᠴᠠᠬᠤ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠳᠡᠭᠡᠷ᠎ᠡ ᠨᠡᠶᠢᠲᠡᠯᠢᠭ ᠲᠤᠷᠰᠢᠯᠭ᠎ᠠ ᠪᠠᠨ ᠰᠣᠯᠢᠯᠴᠠᠬᠤ ᠶᠠᠷᠢᠶ᠎ᠠ ᠲᠠᠯᠪᠢᠪᠠ᠃       ︵ᠳᠥᠷᠪᠡ︶ ᠥᠨᠳᠥᠷ ᠬᠢᠷᠢ ᠲᠦᠪᠰᠢᠨ ᠪᠦᠬᠦᠢ ᠠᠷᠭ᠎ᠠ ᠬᠡᠮᠵᠢᠶ᠎ᠡ ᠪᠠᠷ ᠰᠡᠳᠬᠢᠯ ᠢᠶᠠᠨ ᠨᠢᠭᠡᠳᠬᠡᠬᠦ ᠶᠢ ᠪᠠᠲᠤᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠲᠥᠪᠯᠡᠷᠡᠭᠦᠯᠬᠦ ᠳᠤᠮᠳᠠ ᠤᠯᠤᠰ ᠲᠦᠷᠦ ᠶᠢᠨ ᠵᠥᠪᠯᠡᠯᠭᠡᠨ ᠤ ᠳᠠᠪᠠᠭᠤᠯᠢᠭ ᠢ ᠢᠯᠡᠷᠡᠭᠦᠯᠪᠡ᠃    ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠭᠤᠣᠯ ᠭᠤᠭᠴᠤᠭ᠎ᠠ ᠪᠣᠯᠭᠠᠵᠤ᠂ ᠪᠥᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠰᠢᠨ᠎ᠡ ᠨᠡᠶᠢᠯᠡᠮᠡᠯ ᠬᠦᠴᠦᠨ ᠢ ᠨᠢᠭᠳᠠᠷᠠᠭᠤᠯᠵᠠᠢ᠃       ᠨᠢᠭᠡ ᠳᠤ᠂ ᠬᠠᠮᠲᠤᠷᠠᠯᠴᠠᠭ᠎ᠠ ᠪᠠᠷ ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠪᠡ᠃ ᠠᠷᠠᠳᠴᠢᠯᠠᠭᠰᠠᠨ ᠨᠠᠮ ᠪᠦᠯᠦᠭ ᠤᠨ ᠬᠥᠮᠥᠰ᠂ ᠨᠠᠮ ᠪᠦᠯᠦᠭ ᠤᠨ ᠪᠤᠰᠤ ᠬᠥᠮᠥᠰ ᠪᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠦᠷᠢᠯᠳᠦᠭᠦᠨ ᠲᠠᠢ ᠰᠣᠯᠢᠯᠴᠠᠭ᠎ᠠ ᠬᠠᠮᠲᠤᠷᠠᠯᠴᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠭᠰᠠᠨ ᠪᠠᠶᠢᠴᠠᠭᠠᠨ ᠰᠤᠳᠤᠯᠬᠤ ᠠᠵᠢᠯᠯᠠᠭ᠎ᠠ ᠳᠤ ᠤᠷᠢᠨ ᠣᠷᠣᠯᠴᠠᠭᠤᠯᠵᠤ᠂ ᠲᠡᠳᠡᠨ ᠤ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠦᠢᠯᠡᠳᠦᠯ ᠢᠶᠠᠨ ᠪᠠᠳᠠᠷᠠᠭᠤᠯᠬᠤ ᠳᠤ ᠨᠢ ᠨᠥᠬᠦᠴᠡᠯ ᠪᠦᠷᠢᠯᠳᠦᠭᠦᠯᠦᠨ ᠥᠭᠴᠦ᠂ ᠪᠥᠬᠦ ᠵᠢᠯ ᠳᠤ 52 ᠬᠤᠪᠢ ᠰᠠᠨᠠᠯ ᠳᠤᠷᠠᠳᠤᠯᠭ᠎ᠠ᠂ 28 ᠬᠤᠪᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠬᠢᠨᠠᠨ ᠪᠠᠶᠢᠴᠠᠭᠠᠵᠤ ᠮᠡᠳᠡᠭᠦᠯᠦᠨ ᠬᠦᠷᠭᠡᠵᠦ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠪᠡ᠃ ᠨᠠᠮ ᠤᠨ ᠭᠠᠳᠠᠨᠠᠬᠢ ᠰᠡᠬᠡᠭᠡᠲᠡᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠲᠠᠢ ᠨᠡᠪᠲᠡᠷᠡᠯᠴᠡᠭᠡ ᠰᠣᠯᠢᠯᠴᠠᠭ᠎ᠠ᠂ ᠬᠠᠷᠢᠯᠴᠠᠭ᠎ᠠ ᠨᠥᠬᠦᠷᠯᠡᠯ ᠢᠶᠠᠨ ᠴᠢᠩᠭᠠᠳᠬᠠᠵᠤ᠂ ᠬᠠᠮᠲᠤᠷᠠᠨ ᠠᠵᠢᠯᠯᠠᠬᠤ ᠳᠤᠮᠳᠠ ᠬᠠᠮᠲᠤ ᠶᠢᠨ ᠲᠠᠨᠢᠯᠲᠠ ᠪᠠᠨ ᠪᠠᠲᠤᠳᠬᠠᠪᠡ᠃ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠡᠷᠢᠭᠦᠯᠡᠭᠴᠢᠳ ᠤᠨ ᠬᠤᠷᠠᠯᠳᠤᠭᠠᠨ ᠤ ᠪᠦᠷᠢᠯᠳᠦᠭᠦᠨ ᠨᠠᠷ ᠭᠡᠰᠢᠭᠦᠳ ᠢ ᠡᠷᠬᠢᠨ ᠦᠵᠡᠵᠦ᠂ ᠭᠡᠰᠢᠭᠦᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠰᠠᠨᠠᠯ ᠢ ᠨᠢ ᠰᠣᠨᠣᠰᠴᠤ᠂ ᠰᠤᠷᠪᠤᠯᠵᠢᠯᠠᠨ ᠶᠠᠷᠢᠯᠴᠠᠬᠤ ᠳᠤᠮᠳᠠ ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠪᠡ᠃       ᠬᠤᠶᠠᠷ ᠲᠤ᠂ ᠠᠭᠤᠰᠤᠯᠴᠠᠯ ᠢᠶᠠᠷ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠪᠡ᠃ ᠥᠪᠡᠷᠲᠡᠭᠡᠨ ᠵᠠᠰᠠᠬᠤ ᠣᠷᠣᠨ ᠪᠣᠯᠣᠨ ᠪᠤᠭᠤᠲᠤ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠢ ᠬᠠᠮᠵᠢᠨ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ᠂ ᠨᠡᠭᠦᠷᠡᠰᠦᠲᠥ᠋ᠷᠥᠭᠴᠢ ᠦᠭᠡᠢ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ︽ᠬᠤᠶᠠᠷ ᠡᠩᠨᠡᠭᠡ︾ ᠶᠢᠨ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ᠃ ᠭᠤᠸᠠᠩᠰᠢ ᠶᠢᠨ ᠫᠢᠩ ᠰᠢᠶᠠᠩ ᠲᠣᠭᠤᠷᠢᠭ᠂ ᠬᠥᠬᠡᠨᠠᠭᠤᠷ ᠤᠨ ᠬᠠᠢ ᠶᠠᠨ ᠰᠢᠶᠠᠨ᠂ ᠭᠦᠢᠵᠧᠦ ᠶᠢᠨ ᠴᠢᠶᠠᠨ ᠨᠠᠨ ᠵᠧᠦ᠂ ᠤᠷᠠᠳ ᠤᠨ ᠳᠤᠮᠳᠠᠳᠤ ᠬᠤᠰᠢᠭᠤ ᠵᠡᠷᠭᠡ ᠭᠠᠵᠠᠷ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠰᠢᠭᠤᠨ ᠳᠤ ᠢᠷᠡᠵᠤ ᠳᠤᠷᠰᠢᠯᠭ᠎ᠠ ᠰᠤᠯᠢᠯᠴᠠᠬᠤ ᠶᠢ ᠤᠭᠳᠤᠨ ᠠᠪᠴᠤ᠂ ᠭᠡᠰᠢᠭᠦᠳ ᠢ ᠵᠣᠬᠢᠶᠠᠨ ᠪᠠᠶᠢᠭᠤᠯᠤᠨ ᠳ᠋ᠠᠲ᠋ᠦ᠋ᠩ ᠤᠨ ᠬᠤᠨ ᠶᠤᠸᠠᠨ ᠰᠢᠶᠠᠨ᠂ ᠬᠥᠬᠡᠬᠤᠲᠠ ᠶᠢᠨ  ᠢᠦᠢ ᠴᠢᠤᠸᠠᠨ ᠲᠣᠭᠤᠷᠢᠭ᠂ ᠣᠷᠳᠣᠰ ᠤᠨ ᠬᠢᠶ᠎ᠠ ᠪᠠᠭᠰᠢ ᠲᠣᠭᠤᠷᠢᠭ ᠵᠡᠷᠭᠡ ᠭᠠᠵᠠᠷ ᠣᠷᠣᠨ ᠳᠤ ᠬᠦᠷᠴᠦ ᠪᠠᠶᠢᠴᠠᠭᠠᠨ ᠰᠤᠷᠤᠯᠴᠠᠭᠤᠯᠵᠤ᠂ ᠭᠠᠵᠠᠷ ᠣᠷᠣᠨ ᠤ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂  ᠨᠥᠬᠦᠷᠯᠡᠯ ᠶᠠᠪᠤᠯᠴᠠᠭ᠎ᠠ ᠪᠠᠨ ᠥᠷᠭᠡᠳᠬᠡᠪᠡ᠃      ᠭᠤᠷᠪᠠ ᠳᠤ᠂ ᠦᠯᠢᠭᠡᠷ ᠢᠶᠠᠷ ᠬᠠᠮᠲᠤ ᠶᠢᠨ ᠲᠠᠨᠢᠯᠲᠠ ᠶᠢ ᠨᠦᠯᠦᠭᠡᠯᠡᠪᠡ᠃ ︽ᠬᠡᠷᠡᠯ ᠬᠢᠯᠪᠠᠭ᠎ᠠ ᠬᠠᠶᠢᠷ᠎ᠠ ᠪᠠᠭᠳᠠᠭᠠᠮᠵᠢ ︱ ᠪᠤᠰᠤᠳ ᠤᠨ ᠨᠤᠲᠤᠭ ᠲᠠᠬᠢ ᠳᠠᠷᠬᠠᠨ ᠮᠤᠤᠮᠢᠩᠭᠠᠨᠴᠤᠳ︾ ᠭᠡᠬᠦ ᠪᠤᠯᠤᠩ ᠭᠠᠷᠭᠠᠵᠤ᠂ ︽  ᠪᠤᠰᠤᠳ ᠤᠨ ᠨᠤᠲᠤᠭ ᠲᠠᠬᠢ ᠳᠠᠷᠬᠠᠨ ᠮᠤᠤᠮᠢᠩᠭᠠᠨᠴᠤᠳ︾ ᠭᠡᠬᠦ ᠰᠣᠶᠣᠯ ᠲᠡᠦᠬᠡ ᠶᠢᠨ ᠮᠠᠲ᠋ᠧᠷᠢᠶᠠᠯ ᠤᠨ ᠨᠢᠭᠡᠳᠦᠭᠡᠷ ᠡᠮᠬᠢᠳᠬᠡᠯ ᠢ ᠨᠠᠶᠢᠷᠠᠭᠤᠯᠵᠤ᠂ ᠳᠠᠷᠬᠠᠨ ᠮᠤᠤᠮᠢᠩᠭᠠᠨ ᠤ ᠰᠢᠯᠢᠳᠡᠭ ᠬᠥᠮᠥᠰ ᠤᠨ ᠴᠤᠭ ᠵᠢᠪᠬᠤᠭ᠎ᠠ ᠶᠢ ᠬᠠᠷᠠᠭᠤᠯᠵᠤ᠂ ᠡᠬᠡ ᠨᠤᠲᠤᠭ ᠲᠠᠢ ᠪᠠᠨ ᠵᠢᠷᠦᠭᠡ ᠰᠡᠳᠬᠢᠯ ᠢᠶᠠᠨ ᠬᠤᠯᠪᠤᠵᠤ ᠪᠠᠶᠢᠭ᠎ᠠ ᠬᠦᠮᠦᠰ ᠤᠨ ᠨᠤᠲᠤᠭ ᠤᠰᠤᠨ ᠤ ᠪᠠᠨ ᠬᠥᠭᠵᠢᠯᠲᠡ ᠳᠤ ᠠᠷᠭ᠎ᠠ ᠤᠬᠠᠭᠠᠨ ᠬᠦᠴᠦᠨ ᠴᠢᠳᠠᠯ ᠢᠶᠠᠨ ᠡᠷᠭᠦᠭᠦ ᠶᠢ ᠳᠡᠮᠵᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠠᠷᠬᠠᠨ ᠮᠤᠤᠮᠢᠩᠭᠠᠨ ᠤ ᠬᠥᠪᠡᠭᠦᠳ ᠥᠬᠢᠳ ᠤᠨ ᠠᠩᠬᠠᠷᠤᠯ ᠢ ᠲᠠᠲᠠᠪᠠ᠃ ᠡᠭᠦᠨ ᠳᠤ ︽ᠯᠢ ᠵᠦᠩ ᠦ᠋᠄ ᠡᠮᠴᠢ ᠬᠦᠮᠦᠨ ᠤ ᠡᠨᠡᠷᠢᠩᠭᠦᠢ ᠰᠡᠳᠬᠢᠯ ᠢ ᠲᠠᠯ᠎ᠠ ᠨᠤᠲᠤᠭ ᠲᠠᠢ ᠪᠠᠨ ᠬᠤᠯᠪᠤᠵᠤ᠂ ᠡᠷᠴᠢ ᠵᠤᠷᠢᠭ ᠬᠦᠰᠡᠯ ᠲᠡᠮᠡᠤᠯᠡᠯ ᠲᠠᠢ ᠪᠠᠷ ᠠᠮᠵᠢᠯᠳᠠ ᠳᠤ ᠬᠦᠷᠬᠦ ᠪᠠᠷ ᠴᠢᠷᠮᠠᠶᠢᠨ᠎ᠡ︾ ᠭᠡᠬᠦ ᠵᠣᠬᠢᠶᠠᠯ ᠤᠨ ᠤᠩᠰᠢᠭᠴᠢ ᠶᠢᠨ ᠲᠤᠭ᠎ᠠ ᠲᠦᠮᠡ ᠶᠢ ᠳᠠᠪᠠᠵᠤ᠂ ︽ᠯᠢ ᠶᠤᠸᠠᠨ ᠱᠧᠩ᠄ ᠲᠠᠯ᠎ᠠ ᠨᠤᠲᠤᠭ ᠠᠴᠠ ᠮᠥᠰᠥᠲᠦ ᠬᠡᠬᠡᠷ᠎ᠡ ᠳᠤ ᠤᠴᠢᠭᠰᠠᠨ ᠲᠤᠶᠢᠯ ᠤᠨ ᠣᠷᠣᠨ ᠤ ᠪᠠᠭᠠᠳᠤᠷ᠂ ᠳᠤᠮᠳᠠᠳᠤ ᠤᠯᠤᠰ ᠤᠨ ᠡᠮᠦᠨᠡᠲᠦ ᠲᠤᠶᠢᠯ ᠤᠨ ᠺᠦᠨ ᠯᠦᠨ ᠦᠷᠲᠡᠭᠡᠨ ᠤ ᠠᠩᠬᠠᠳᠠᠭᠴᠢ ᠥᠷᠲᠡᠭᠡᠨ ᠳᠠᠷᠤᠭ᠎ᠠ︾ ᠵᠡᠷᠭᠡ 2 ᠵᠣᠬᠢᠶᠠᠯ ᠢ ︽ᠪᠤᠰᠤᠳ ᠤᠨ ᠨᠤᠲᠤᠭ ᠲᠠᠬᠢ ᠪᠤᠭᠤᠲᠤ ᠶᠢᠨ ᠬᠥᠮᠥᠨ︾ ᠪᠤᠯᠤᠩ ᠠᠴᠠ ᠰᠢᠩᠭᠡᠬᠡᠨ ᠠᠪᠴᠤ᠂ ︽ᠯᠦᠩ ᠮᠧᠢ᠂ ᠢᠦᠢ ᠷᠦᠩ᠄ ᠬᠠᠮᠲᠤᠴᠢ ᠦᠵᠡᠯ ᠤᠨ ᠵᠣᠷᠢᠭ ᠰᠠᠨᠠᠭ᠎ᠠ ᠬᠡᠵᠢᠶᠡᠳᠡ ᠬᠠᠭᠤᠴᠢᠷᠠᠬᠤ ᠦᠭᠡᠢ︾ ᠭᠡᠬᠦ ᠵᠣᠬᠢᠶᠠᠯ ᠢ ︽ᠰᠡᠳᠬᠢᠯ ᠢᠶᠠᠨ ᠨᠢᠭᠡᠳᠬᠡᠬᠦ︾ ᠰᠡᠳᠬᠦᠯ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠲᠤᠰᠬᠠᠢ ᠳ᠋ᠤᠭᠠᠷ ᠢᠶᠠᠷ ᠨᠡᠶᠢᠲᠡᠯᠡᠵᠡᠢ᠃       ᠳᠥᠷᠪᠡ ᠳᠤ ᠰᠣᠶᠣᠯ ᠤᠨ ᠤᠬᠠᠭᠤᠯᠭ᠎ᠠ ᠪᠠᠷ ᠬᠠᠮᠲᠤ ᠶᠢᠨ ᠲᠠᠨᠢᠯᠲᠠ ᠪᠠᠨ ᠥᠷᠭᠡᠳᠬᠡᠪᠡ᠃ ︽ᠲᠡᠦᠬᠡ ᠶᠢᠨ ᠳᠤᠷᠠᠰᠬᠠᠯᠲᠤ ᠵᠦᠢᠯ ᠢ ︿ᠠᠮᠢᠯᠠᠭᠤᠯᠤᠨ﹀ · ᠨᠤᠮ ᠤᠨ ᠬᠡᠰᠢᠭᠳᠦ ᠤᠯᠤᠰ ᠲᠦᠷᠦ ᠶᠢᠨ ᠵᠥᠪᠯᠡᠯᠭᠡᠨ ᠢ ᠪᠠᠶᠢᠭᠤᠯᠬᠤ︾ ᠭᠡᠬᠦ ᠲᠡᠦᠬᠡ ᠶᠢᠨ ᠬᠢᠴᠢᠶᠡᠯ ᠤᠨ ᠲᠠᠩᠬᠢᠮ ᠪᠠ ︽ᠤᠮᠠᠷᠠᠲᠤ ᠬᠢᠯᠢ ᠶᠢ ᠲᠠᠨᠢᠨ · ᠳᠠᠷᠬᠠᠨ ᠮᠤᠤᠮᠢᠩᠭᠠᠨ ᠢ ᠤᠶᠢᠯᠠᠭᠠᠬᠤ︾ ᠭᠤᠣᠯ ᠰᠡᠳᠦᠪᠲᠦ ᠠᠵᠢᠯᠯᠠᠭ᠎ᠠ ᠶᠢ ᠡᠷᠬᠢᠯᠡᠵᠦ᠂ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠰᠣᠶᠣᠯ ᠤᠨ ᠥᠨᠳᠦᠷᠯᠢᠭ ᠭᠠᠵᠠᠷ ᠢ ᠪᠠᠶᠢᠭᠤᠯᠬᠤ︾ ᠶᠠᠷᠢᠯᠴᠠᠬᠤ ᠬᠤᠷᠠᠯ ᠬᠤᠷᠠᠯᠳᠤᠭᠤᠯᠵᠤ᠂ 5 ᠢᠵᠢ ᠬᠤᠪᠣᠷ ᠨᠠᠨᠳᠢᠨ ᠰᠣᠶᠣᠯ ᠲᠡᠦᠬᠡ ᠶᠢᠨ ᠮᠠᠲ᠋ᠧᠷᠢᠶᠠᠯ ᠢ ᠴᠤᠭᠯᠠᠭᠤᠯᠤᠨ ᠲᠠᠬᠢᠨ ᠳᠠᠷᠤᠮᠠᠯᠯᠠᠵᠤ᠂ ᠲᠤᠰ ᠭᠠᠵᠠᠷ ᠣᠷᠣᠨ ᠤ ᠪᠠᠨ ᠲᠡᠦᠬᠡ ᠰᠣᠶᠣᠯ ᠢ  ᠠᠭᠤᠳᠠᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ ᠤᠯᠤᠰ ᠲᠥᠷᠥ ᠶᠢᠨ ᠵᠥᠪᠯᠡᠯᠭᠡᠨ ᠤ ᠬᠡᠪ ᠳᠠᠭᠤᠷᠢᠶᠠᠯ ᠢ ᠤᠯᠠᠮᠵᠢᠯᠠᠨ᠂ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠦᠶᠯᠡ ᠠᠵᠢᠯᠯᠠᠭ᠎ᠠ ᠶᠢ ᠳᠡᠯᠭᠡᠨ ᠦᠵᠡᠭᠦᠯᠵᠦ᠂ ︽ᠤᠯᠤᠰ ᠲᠥᠷᠥ ᠶᠢᠨ ᠵᠥᠪᠯᠡᠯᠭᠡᠨ ᠤ ᠬᠥᠳᠡᠯᠦᠯ ᠪᠠᠶᠢᠳᠠᠯ︾ ᠢ 108 ᠬᠤᠭᠤᠴᠠᠭ᠎ᠠ ᠨᠠᠶᠢᠷᠠᠭᠤᠯᠤᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠵᠠᠭᠤᠴᠢᠯᠠᠭᠤᠷ ᠤᠨ ᠬᠢᠨ 82 ᠤᠳᠠᠭ᠎ᠠ ᠬᠡᠷᠡᠭᠯᠡᠪᠡ᠂ ᠡᠭᠦᠨ ᠳᠤ ︽ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠣᠨᠢᠨ︾ 1 ᠬᠤᠪᠢ᠂ ︽ᠤᠯᠤᠰ ᠲᠥᠷᠥ ᠶᠢᠨ ᠵᠥᠪᠯᠡᠯᠭᠡᠨ ᠤ ᠦᠷᠯᠦᠭᠡᠨ ᠤ ᠮᠡᠳᠡᠭᠡ︾ 13 ᠬᠤᠪᠢ᠂ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠰᠦᠯᠵᠢᠶᠡᠨ ᠥᠷᠲᠡᠭᠡ 34 ᠬᠤᠪᠢ᠂ ᠨᠡᠶᠢᠲᠡ ᠶᠢᠨ ᠳ᠋ᠤᠭᠠᠷ ᠲᠤ 34 ᠬᠤᠪᠢ ᠬᠡᠷᠡᠭᠯᠡᠨ᠂ 8 ᠬᠤᠪᠢ ᠮᠡᠳᠡᠭᠡᠯᠡᠯ ᠨᠢ ︽ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠣᠨᠢᠨ ︱ ᠤᠯᠤᠰ ᠲᠥᠷᠥ ᠶᠢᠨ ᠬᠦᠴᠦᠨ︾ ᠭᠡᠬᠦ ᠨᠡᠷᠡᠰ ᠤᠨ ᠵᠢᠭᠰᠠᠭᠠᠯᠲᠠ ᠳᠤ ᠣᠷᠣᠭᠰᠠᠨ ᠪᠠᠶᠢᠨ᠎ᠠ᠃ ᠤᠯᠤᠰ ᠲᠦᠷᠦ ᠶᠢᠨ ᠵᠥᠪᠯᠡᠯᠭᠡᠨ ᠤ ᠤᠨᠤᠯ ᠤᠨ ᠰᠤᠳᠤᠯᠭᠠᠨ ᠢ ᠴᠢᠬᠤᠯᠠᠴᠢᠯᠠᠵᠤ᠂ ︽︿ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠮᠡᠨᠳᠦᠯᠡᠭᠰᠡᠨ ᠪᠣᠳᠠᠲᠤ ᠲᠡᠮᠳᠡᠭᠯᠡᠯ﹀ ᠢ ᠤᠩᠰᠢᠭᠰᠠᠨ ᠲᠥᠷᠥᠭᠳᠡᠯ︾ ᠢ ︽ᠰᠡᠳᠬᠢᠯ ᠢᠶᠠᠨ ᠨᠢᠭᠡᠳᠬᠡᠬᠦ︾ ᠰᠡᠳᠬᠦᠯ ᠳᠤ ᠨᠡᠶᠢᠲᠡᠯᠡᠪᠡ᠃      ︵ᠲᠠᠪᠤ︶ ᠥᠨᠳᠥᠷ ᠪᠠᠷᠢᠮᠵᠢᠶ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠢᠲᠡᠭᠡᠯ ᠵᠣᠷᠢᠭ ᠢᠶᠠᠨ ᠪᠠᠲᠤᠳᠬᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤᠮᠳᠠ ᠤᠯᠤᠰ ᠲᠦᠷᠦ ᠶᠢᠨ ᠵᠥᠪᠯᠡᠯᠭᠡᠨ ᠤ ᠴᠤᠭ ᠵᠢᠪᠬᠤᠭ᠎ᠠ ᠶᠢ ᠢᠯᠡᠷᠡᠭᠦᠯᠪᠡ᠃      ᠲᠣᠰ ᠪᠡᠶ᠎ᠡ ᠶᠢᠨ ᠪᠠᠶᠢᠭᠤᠯᠤᠯᠲᠠ ᠪᠠᠨ ᠪᠣᠳᠠᠲᠠᠢ ᠪᠠᠷ ᠴᠢᠩᠭᠠᠳᠬᠠᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠡᠵᠡᠮᠳᠡᠬᠦ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠣᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠠᠢ᠃       ᠨᠢᠭᠡ ᠳᠤ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠵᠠᠭᠪᠤᠷ ᠢ ᠬᠦᠴᠦᠯᠡᠨ ᠪᠤᠢ ᠪᠣᠯᠭᠠᠪᠠ᠃ ᠵᠥᠪᠯᠡᠬᠦ ᠠᠷᠠᠳᠴᠢᠯᠠᠯ ᠤᠨ ᠥᠷᠭᠡᠨ ᠳᠡᠯᠭᠡᠷᠡᠩᠭᠦᠢ ᠤᠯᠠᠨ ᠲᠡᠰ ᠳᠠᠪᠬᠤᠷᠭ᠎ᠠ ᠪᠠᠷ ᠳᠦᠷᠢᠮᠵᠢᠨ ᠬᠥᠭᠵᠢᠬᠦ ᠶᠢ ᠲᠦᠯᠬᠢᠨ ᠠᠬᠢᠭᠤᠯᠵᠤ᠂ ᠭᠡᠰᠢᠭᠦᠳ ᠲᠠᠢ ᠬᠠᠷᠢᠯᠴᠠᠬᠤ ᠦᠷᠳᠡᠭᠡ᠂ ᠡᠲᠡᠭᠡᠳ ᠤᠨ ᠢᠯᠭᠠᠯ ᠤᠨ ᠬᠠᠷᠢᠯᠴᠠᠬᠤ ᠠᠵᠢᠯ ᠤᠨ ᠲᠠᠰᠤᠭ᠂ ᠭᠡᠰᠢᠭᠦᠳ ᠤᠨ ᠭᠡᠷ ᠪᠦᠯᠢ ᠶᠢᠨ ︽ᠭᠤᠷᠪᠠ ᠶᠢ ᠨᠢᠭᠡ ᠴᠣᠭᠴᠠᠵᠢᠭᠤᠯᠬᠤ︾ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠶᠢᠩᠭᠤ ᠶᠢᠨ ᠲᠠᠪᠴᠠᠩ ᠢ ᠪᠠᠶᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ᠂ ᠭᠡᠰᠢᠭᠦᠳ ᠤᠨ ᠬᠦᠴᠦᠨ ᠢ ᠳᠣᠷᠣᠭᠰᠢ ᠪᠠᠭᠤᠯᠭᠠᠬᠤ᠂ ᠵᠥᠪᠯᠡᠬᠦ ᠬᠡᠪᠴᠢᠶ᠎ᠡ ᠶᠢ ᠳᠣᠷᠣᠭᠰᠢ ᠤᠷᠲᠤᠳᠬᠠᠬᠤ ᠶᠢ ᠲᠦᠯᠬᠢᠨ ᠠᠬᠢᠭᠤᠯᠪᠡ᠃ ︽ᠤᠯᠤᠰ ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠲᠦᠯᠬᠢᠨ ᠠᠬᠢᠭᠤᠯᠵᠤ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠤ 34 ᠬᠡᠷᠡᠭ ᠤᠨ ᠡᠶᠡᠳᠡᠭᠦᠯᠭᠡ ᠳᠤ ᠣᠷᠣᠯᠴᠠᠵᠤ᠂ 21 ᠬᠤᠪᠢ ᠶᠢ ᠨᠢ ᠡᠶᠡᠳᠡᠭᠦᠯᠦᠭᠡᠳ ᠠᠮᠵᠢᠯᠲᠠ ᠣᠯᠪᠠ᠃ ᠭᠡᠰᠢᠭᠦᠳ ᠤᠨ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠠᠵᠢᠯ ᠢ ᠥᠷᠨᠢᠭᠦᠯᠵᠦ ᠂ 14 ᠭᠡᠰᠢᠭᠦᠨ ᠢ ᠰᠣᠩᠭᠤᠨ ᠲᠠᠨᠢᠯᠴᠠᠭᠤᠯᠵᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠶᠢᠨ ᠲᠤᠰᠢᠶᠠᠯ ᠢ ᠡᠭᠦᠷᠭᠡᠯᠡᠭᠦᠯᠦᠭᠡᠳ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ 23 ᠬᠤᠪᠢ ᠠᠮᠵᠢᠯᠲᠠ ᠲᠠᠢ ᠪᠠᠷ ᠰᠢᠢᠳᠪᠦᠷᠢᠯᠡᠪᠡ᠃ ᠭᠡᠰᠢᠭᠦᠳ ᠢ ᠬᠥᠲᠥᠯᠥᠨ ᠵᠢᠯᠤᠭᠤᠳᠴᠤ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠭᠤᠨ ᠤᠲᠠᠰᠤᠨ ᠤ ᠠᠵᠢᠯ ᠤᠨ ᠬᠠᠭᠤᠳᠠᠰᠤ ᠶᠢ ᠳᠠᠭᠠᠭᠤᠯᠤᠨ ᠰᠢᠢᠳᠪᠦᠷᠢᠯᠡᠬᠦ ᠪᠠ ᠰᠢᠪᠠᠳᠠᠨ ᠰᠢᠢᠳᠪᠦᠷᠢᠯᠡᠭᠦᠯᠬᠦ ᠳᠤ ᠣᠷᠣᠯᠴᠠᠭᠤᠯᠵᠤ᠂ 22 ᠵᠦᠢᠯ ᠢ ᠳᠠᠭᠠᠭᠤᠯᠤᠨ ᠭᠦᠢᠴᠡᠳᠬᠡᠵᠦ᠂ 13 ᠵᠦᠢᠯ ᠢ ᠰᠢᠢᠳᠪᠦᠷᠢᠯᠡᠵᠦ ᠳᠠᠭᠤᠰᠬᠠᠪᠠ᠃ ᠲᠤᠰᠬᠠᠢ ᠵᠦᠪᠯᠡᠯ ᠤᠨ ᠡᠲᠡᠭᠡᠳ ᠤᠨ ᠢᠯᠭᠠᠯ ᠲᠠᠢ ᠬᠠᠷᠢᠯᠴᠠᠵᠤ ᠵᠢᠯᠤᠭᠤᠳᠬᠤ ᠶᠢ ᠴᠢᠩᠭᠠᠳᠬᠠᠵᠤ᠂ ︽ᠬᠡᠦᠬᠡᠳ ᠪᠠᠭᠠᠴᠤᠳ ᠤᠨ ᠦᠰᠦᠨ ᠪᠤᠶᠢᠵᠢᠯᠲᠠ ᠶᠢ ᠬᠠᠯᠠᠮᠵᠢᠯᠠᠬᠤ︾ ︽ᠠᠳᠤᠭᠤᠨ ᠰᠣᠶᠣᠯ ᠪᠠ ᠲᠠᠯ᠎ᠠ ᠨᠤᠲᠤᠭ ᠤᠨ ᠬᠠᠲᠠᠨ ᠵᠢᠷᠤᠭ ᠤᠨ ᠬᠡᠷᠡᠯ ᠵᠢᠷᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠦᠵᠡᠭᠦᠯᠦᠯᠭᠡ︾ ︽ᠬᠠᠤᠯᠢ ᠲᠦᠭᠡᠮᠡᠯᠵᠢᠭᠦᠯᠬᠦ ᠤᠬᠠᠭᠤᠯᠭ᠎ᠠ ᠲᠠᠶᠢᠯᠤᠮᠵᠢ︾ ᠵᠡᠷᠭᠡ 10 ᠤᠳᠠᠭᠠᠨ ᠤ ᠡᠲᠡᠭᠡᠳ ᠤᠨ ᠢᠯᠭᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃       ᠬᠤᠶᠠᠷ ᠲᠤ ᠠᠵᠢᠯ ᠳᠠᠭᠠᠨ ᠴᠠᠭᠠᠷᠠᠭᠰᠠᠨ ᠭᠡᠰᠢᠭᠦᠳ ᠤᠨ ᠡᠩᠨᠡᠭᠡ ᠶᠢ ᠬᠦᠴᠦᠯᠡᠨ ᠬᠥᠮᠥᠵᠢᠭᠦᠯᠪᠡ᠃ ᠭᠡᠰᠢᠭᠦᠳ ᠤᠨ ᠲᠤᠰᠬᠠᠢ ᠮᠡᠷᠭᠡᠵᠢᠯ ᠤᠨ ᠣᠨᠴᠠ ᠴᠢᠳᠠᠪᠤᠷᠢ ᠶᠢ ᠲᠣᠪᠤᠶᠢᠯᠭᠠᠨ᠂ ᠡᠲᠡᠭᠡᠳ ᠤᠨ ᠢᠯᠭᠠᠯ ᠤᠨ ᠪᠦᠷᠢᠯᠳᠦᠯ ᠢ ᠰᠢᠯᠢᠳᠡᠭᠵᠢᠭᠦᠯᠵᠦ᠂ ︽ᠭᠡᠰᠢᠭᠦᠳ ᠤᠨ ᠳᠠᠰᠬᠠᠯ︾ ᠢ ᠰᠠᠶᠢᠲᠤᠷ ᠬᠢᠯᠭᠡᠵᠦ᠂ ᠪᠠᠶᠢᠩᠭᠤ ᠶᠢᠨ ᠬᠤᠷᠢᠶᠠᠨ ᠤ ᠣᠨ ᠤ ᠲᠤᠰᠢᠶᠠᠯ ᠤᠨ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ᠂ ᠬᠢᠨᠠᠨ ᠰᠢᠯᠭᠠᠵᠤ ᠦᠨᠡᠯᠡᠬᠦ ᠶᠢ ᠵᠢᠷᠤᠮᠵᠢᠭᠤᠯᠤᠨ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠥᠳᠡᠯᠭᠡᠭᠴᠢ ᠡᠨᠧᠷᠭᠢ ᠶᠢ ᠬᠥᠭᠵᠢᠭᠡᠪᠡ᠃ ᠭᠡᠰᠢᠭᠦᠳ ᠤᠨ ᠪᠤᠯᠪᠠᠰᠤᠷᠠᠯ ᠢ ᠴᠢᠬᠤᠯᠠᠴᠢᠯᠠᠨ 10 ᠲᠠᠯᠠᠪᠤᠷ ᠤᠳᠠᠭ᠎ᠠ ᠡᠲᠡᠭᠡᠳ ᠤᠨ ᠢᠯᠭᠠᠯ ᠪᠠ ᠵᠥᠪᠯᠡᠬᠦ ᠰᠡᠳᠦᠪ ᠢᠶᠠᠷ ᠲᠦᠷᠦᠯ ᠬᠤᠪᠢᠶᠠᠨ ᠥᠷᠨᠢᠭᠦᠯᠵᠦ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠲᠤᠰᠬᠠᠢ ᠰᠡᠳᠦᠪᠲᠦ ᠪᠤᠯᠪᠠᠰᠤᠷᠠᠯ ᠤᠨ ᠠᠩᠭᠢ ᠡᠷᠬᠢᠯᠡᠵᠦ᠂ ᠭᠡᠰᠢᠭᠦᠳ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠨ ᠳᠠᠭᠠᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠪᠠ᠃ ᠭᠡᠰᠢᠭᠦᠳ ᠤᠨ ᠲᠤᠰᠢᠶᠠᠯ ᠠᠴᠠ ᠪᠠᠨ ᠪᠠᠭᠤᠬᠤ ᠶᠢ ᠲᠣᠬᠢᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ 1 ᠪᠠᠶᠢᠩᠭᠤ ᠶᠢᠨ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠪᠠ 21 ᠭᠡᠰᠢᠭᠦᠨ ᠤ ᠬᠢᠷᠢ ᠬᠡᠮ ᠠᠴᠠ ᠪᠠᠨ ᠪᠠᠭᠤᠬᠤ ᠭᠤᠶᠤᠴᠢᠯᠠᠯ ᠢ ᠵᠥᠪᠰᠢᠶᠡᠷᠡᠵᠦ᠂ ᠤᠯᠤᠰ ᠲᠦᠷᠦ ᠶᠢᠨ ᠵᠥᠪᠯᠡᠯᠭᠡᠨ ᠤ 19 ᠭᠡᠰᠢᠭᠦᠨ ᠢ ᠨᠡᠮᠡᠵᠦ ᠨᠥᠬᠦᠪᠦᠷᠢᠯᠡᠪᠡ᠃ ᠪᠤᠭᠤᠲᠤ ᠬᠤᠲᠠ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠠᠷᠢᠯᠴᠠᠬᠤ ᠬᠤᠷᠠᠯ ᠳᠡᠭᠡᠷ᠎ᠡ᠂ ᠬᠤᠰᠢᠭᠤ ᠰᠢᠶᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠴᠤᠷ ᠤᠨ ᠭᠠᠭᠴᠠ ᠲᠥᠯᠥᠭᠡᠯᠡᠭᠴᠢ ᠪᠣᠯᠤᠭᠰᠠᠨ ᠤ ᠬᠤᠪᠢ ᠳᠤ᠂ ︽ᠭᠡᠰᠢᠭᠦᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠴᠢᠬᠤᠯᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃ ︽ᠪᠢᠷ ᠢᠶᠠᠨ ᠬᠤᠷᠴᠠᠯᠠᠨ᠂ ᠤᠯᠠᠨᠰᠦ᠋ᠮ᠎ᠡ ᠶᠢᠨ ᠡᠷᠲᠡᠨ ᠤ ᠬᠤᠲᠠ ᠶᠢᠨ ᠦᠯᠢᠭᠡᠷ ᠢ ᠶᠠᠷᠢᠬᠤ︾ ᠵᠡᠷᠭᠡ 2 ᠭᠡᠰᠢᠭᠦᠨ ᠤ ᠮᠡᠳᠡᠭᠡᠯᠡᠯ ᠨᠢ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠩᠬᠠᠷᠤᠯ ᠢ ᠲᠠᠲᠠᠪᠠ᠃     ᠭᠤᠷᠪᠠ ᠳᠤ ᠬᠡᠪ ᠰᠤᠷᠲᠠᠯ ᠰᠠᠶᠢᠲᠠᠢ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢ ᠬᠦᠴᠦᠯᠡᠨ ᠪᠤᠢ ᠪᠣᠯᠭᠠᠪᠡ᠃ᠲᠤᠰᠬᠠᠢ ᠵᠦᠪᠯᠡᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠭᠡᠰᠢᠭᠦᠳ ᠤᠨ ᠰᠤᠷᠤᠯᠴᠠᠬᠤ ᠪᠠ ᠬᠠᠷᠢᠯᠴᠠᠬᠤ ᠠᠵᠢᠯ ᠤᠨ  ᠵᠦᠪᠯᠡᠯ ᠢ ᠪᠠᠶᠢᠭᠤᠯᠵᠤ᠂ ᠠᠵᠢᠯᠲᠠᠨ ᠤ ᠣᠷᠣᠨ ᠲᠤᠭ᠎ᠠ ᠶᠢ ᠨᠡᠮᠡᠭᠳᠡᠭᠦᠯᠦᠨ᠂ ︽ᠨᠢᠭᠡ ᠠᠯᠪᠠᠨ ᠭᠡᠷ ᠲᠦᠷᠪᠡᠨ ᠵᠦᠪᠯᠡᠯ ᠨᠢᠭᠡ ᠲᠦᠪ︾ ᠤᠨ ᠪᠠᠶᠢᠭᠤᠯᠭ᠎ᠠ ᠶᠢᠨ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ᠪᠠᠶᠢᠭᠤᠯᠭ᠎ᠠ ᠶᠢᠨ ᠠᠵᠢᠯᠲᠠᠨ ᠤ ᠬᠦᠴᠦᠨ ᠪᠠᠭᠤᠷᠠᠢ ᠪᠠᠶᠢᠬᠤ ᠠᠰᠠᠭᠤᠳᠠᠯ ᠢ ᠰᠢᠢᠳᠪᠦᠷᠢᠯᠡᠪᠡ᠃ ︽ᠵᠢᠳᠬᠦᠯ ᠴᠢᠷᠮᠠᠶᠢᠯᠭ᠎ᠠ︾ ᠶᠢᠨ ᠤᠬᠠᠮᠰᠠᠷ ᠢ ᠴᠢᠩᠭᠠᠳᠬᠠᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠤᠣᠯ ᠠᠵᠢᠯ ᠤᠨ ᠤᠷᠢᠳᠴᠢᠯᠠᠭᠰᠠᠨ ᠰᠤᠷᠤᠯᠴᠠᠯᠭ᠎ᠠ ᠲᠠᠢ ᠨᠢᠭᠲᠠ ᠤᠶᠠᠯᠳᠤᠭᠤᠯᠤᠨ᠂ ᠤᠷᠢᠳᠴᠢᠯᠠᠨ ᠠᠷᠭ᠎ᠠ ᠰᠦᠪᠡᠭᠴᠢᠯᠡᠵᠦ᠂ ᠡᠮᠦᠨ᠎ᠡ ᠨᠢ ᠬᠦᠴᠦᠯᠡᠵᠦ᠂ ᠤᠯᠤᠰ ᠲᠥᠷᠥ ᠶᠢᠨ ᠵᠥᠪᠯᠡᠯᠭᠡᠨ ᠤ  ᠪᠠᠶᠢᠭᠤᠯᠭ᠎ᠠ ᠶᠢᠨ ᠠᠵᠢᠯ ᠤᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠺᠠᠳ᠋ᠷ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ︽ᠪᠤᠢ ᠪᠣᠯᠭᠠᠬᠤ᠂ ᠳᠡᠭᠡᠭᠰᠢᠯᠡᠭᠦᠯᠬᠦ᠂ ᠲᠡᠮᠡᠴᠡᠨ ᠤᠯᠬᠤ︾ ᠲᠤᠰᠬᠠᠢ ᠰᠡᠳᠦᠪᠲᠦ ᠠᠵᠢᠯᠯᠠᠭ᠎ᠠ ᠪᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠠᠶᠢᠭᠤᠯᠭ᠎ᠠ ᠶᠢᠨ ᠺᠠᠳ᠋ᠷᠴᠤᠳ ᠤᠨ ᠦᠵᠡᠯ ᠰᠠᠨᠠᠭ᠎ᠠ ᠪᠠᠨ ᠳᠠᠬᠢᠨ ᠴᠢᠯᠦᠭᠡᠯᠡᠵᠦ᠂ ᠵᠣᠷᠢᠭ ᠰᠠᠨᠠᠭ᠎ᠠ ᠪᠠᠨ ᠳᠠᠬᠢᠨ ᠬᠥᠭᠵᠢᠭᠡᠨ᠂ ᠴᠢᠳᠠᠪᠤᠷᠢ ᠪᠠᠨ ᠳᠠᠬᠢᠨ ᠳᠡᠭᠡᠭᠰᠢᠯᠡᠭᠦᠯᠵᠦ᠂ ᠰᠤᠷᠲᠠᠯ ᠢᠶᠠᠨ ᠳᠠᠬᠢᠨ ᠬᠤᠪᠢᠷᠠᠭᠤᠯᠬᠤ ᠶᠢ ᠬᠥᠲᠥᠯᠥᠨ ᠵᠢᠯᠤᠭᠤᠳᠴᠤ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠶᠠᠪᠤᠳᠠᠯ ᠬᠢᠵᠦ ᠠᠳᠠᠯ ᠦᠢᠯᠡᠰ ᠴᠣᠭᠴᠠᠯᠠᠬᠤ ᠶᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠬᠡᠪ ᠵᠠᠩᠰᠢᠯ ᠪᠣᠯᠭᠠᠪᠡ᠃       ᠭᠡᠰᠢᠭᠦᠳ ᠠ᠋᠂ ᠨᠥᠬᠦᠳ ᠠ᠋᠂ ᠡᠨᠡ ᠵᠢᠯ ᠤᠨ ᠣᠯᠣᠭᠰᠠᠨ ᠠᠮᠵᠢᠯᠲᠠ ᠪᠤᠯ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ᠂ ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠪᠠ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠵᠢᠴᠢ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠶᠢᠨ ᠦᠷ᠎ᠡ ᠳ᠋ᠦᠩ᠂  ᠮᠦᠨᠴᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠬᠠᠮᠠᠳ ᠤᠳᠤᠷᠢᠳᠤᠯᠭ᠎ᠠ ᠨᠠᠷ ᠤᠨ ᠨᠢᠮᠪᠠᠢ ᠵᠢᠯᠣᠭᠤᠳᠤᠯᠭ᠎ᠠ ᠪᠠ ᠥᠷᠭᠡᠨ ᠣᠯᠠᠨ ᠭᠡᠰᠢᠭᠦᠨ ᠪᠠ ᠤᠯᠤᠰ ᠲᠥᠷᠥ ᠶᠢᠨ ᠵᠥᠪᠯᠡᠯᠭᠡᠨ ᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠦᠭᠰᠡᠨ ᠤ ᠦᠷ᠎ᠡ ᠳ᠋ᠦᠩ ᠪᠣᠯᠣᠨ᠎ᠠ᠃ ᠠᠳᠡ ᠪᠢ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠬᠠᠯᠠᠮᠵᠢᠯᠠᠨ ᠳᠡᠮᠵᠢᠭᠰᠡᠨ ᠡᠯ᠎ᠡ ᠱᠠᠲᠤᠨ ᠤ ᠤᠳᠤᠷᠢᠳᠤᠯᠭ᠎ᠠ᠂ ᠡᠯ᠎ᠡ ᠡᠲᠡᠭᠡᠳ ᠤᠨ ᠬᠥᠮᠥᠰ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠥᠷᠭᠡᠨ ᠤᠯᠠᠨ ᠭᠡᠰᠢᠭᠦᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠤᠨ ᠬᠠᠷᠠᠬᠤ ᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠪᠠᠰᠠ ᠵᠤᠬᠢᠬᠤ ᠬᠡᠮᠵᠢᠶᠠᠨ ᠤ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠭ᠎ᠠ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠄ ᠨᠢᠭᠡ ᠳᠤ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠶᠢᠨ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ᠂ ᠬᠠᠨᠳᠤᠯᠭᠠᠲᠤ ᠴᠢᠨᠠᠷ ᠤᠨ ᠲᠠᠯ᠎ᠠ ᠪᠠᠷ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ᠃ ᠬᠤᠶᠠᠷ ᠲᠤ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠃ ᠭᠤᠷᠪᠠ ᠳᠤ ᠭᠡᠰᠢᠭᠦᠳ ᠤᠨ ᠡᠲᠡᠭᠡᠳ ᠤᠨ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠲᠣᠭᠲᠠᠴᠠ ᠶᠢᠨ ᠪᠠᠶᠢᠭᠤᠯᠤᠯᠲᠠ ᠶᠢᠨ ᠲᠠᠯ᠎ᠠ ᠪᠠᠷ ᠪᠠᠰᠠ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ᠃ ᠡᠳᠡᠭᠡᠷ ᠠᠰᠠᠭᠤᠳᠠᠯ ᠢ ᠪᠢᠳᠡ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠷᠢᠨ ᠬᠢᠨᠠᠮᠠᠭᠠᠢ ᠠᠬᠢᠭᠤᠯᠤᠨ ᠰᠢᠢᠳᠪᠦᠷᠢᠯᠡᠬᠦ ᠪᠣᠯᠣᠨ᠎ᠠ᠃      ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ     2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠪᠠᠶᠢᠷᠢᠯᠠᠭᠤᠯᠤᠨ ᠲᠦᠯᠦᠪᠯᠡᠬᠤ ᠵᠢᠯ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠵᠠᠩᠭᠢᠯᠠᠭ᠎ᠠ ᠶᠢᠨ ᠵᠢᠯ ᠮᠥᠨ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ  ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ  ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ᠰᠢ ᠶᠢᠨ ᠫᠢᠩ ᠶᠡᠷᠦᠩᠬᠡᠢ ᠱᠦᠵᠢ ᠶᠢᠨ ᠪᠤᠭᠤᠲᠤ ᠳᠤ ᠳᠤᠷᠠᠳᠤᠭᠰᠠᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠪᠠᠷ ᠭᠤᠣᠯᠳᠠᠭᠤᠯᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠤᠣᠰ ᠴᠢᠭᠯᠡᠯ ᠢᠶᠠᠷ ᠬᠦᠴᠦᠯᠡᠵᠦ᠂ ᠣᠨᠣᠯ ᠤᠨ ᠰᠤᠷᠤᠯᠴᠠᠯᠭ᠎ᠠ ᠰᠤᠳᠤᠯᠭᠠᠨ ᠤ ᠰᠠᠭᠤᠷᠢᠨ ᠭᠠᠵᠠᠷ᠂ ᠵᠥᠪᠯᠡᠬᠦ ᠠᠷᠠᠳᠴᠢᠯᠠᠯ ᠤᠨ ᠦᠢᠯᠡᠳᠦᠯᠭᠡ ᠶᠢᠨ ᠰᠠᠭᠤᠷᠢᠨ ᠭᠠᠵᠠᠷ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠣᠶᠤᠨ ᠢᠶᠠᠨ ᠬᠤᠷᠠᠮᠳᠤᠭᠤᠯᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠳᠠᠷᠬᠠᠨ ᠮᠤᠤᠮᠢᠩᠭᠠᠨ ᠤ ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ ᠪᠢᠴᠢᠭᠯᠡᠬᠦ ᠳᠤ ᠪᠦᠯᠬᠦᠮᠳᠡᠨ ᠲᠡᠮᠡᠴᠡᠬᠦ ᠬᠦᠴᠦᠨ ᠴᠢᠳᠠᠯ ᠢ ᠨᠢᠭᠲᠠᠷᠠᠭᠤᠯᠤᠨ᠎ᠠ᠃       ︵ᠨᠢᠭᠡ︶ ᠨᠢᠭᠡ ᠦᠨᠳᠦᠰᠦᠨ ᠵᠦᠢᠯ ᠢ ᠪᠠᠲᠤ ᠰᠠᠬᠢᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠨᠡᠩ ᠪᠠᠲᠤ ᠪᠠᠬᠢ ᠪᠣᠯᠭᠠᠬᠤ ᠶᠢ ᠠᠬᠢᠭᠤᠯᠤᠨ᠎ᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠢ ᠪᠠᠶᠢᠭᠤᠯᠬᠤ ᠦᠶ᠎ᠡ ᠶᠢᠨ ᠤᠭ ᠰᠠᠨᠠᠭ᠎ᠠ ᠮᠥᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠲᠠᠪᠰᠢᠯᠳᠠ ᠶᠢᠨ ᠦᠨᠳᠦᠰᠦᠨ ᠪᠠᠲᠤᠯᠠᠭ᠎ᠠ ᠮᠥᠨ᠃      ᠨᠢᠭᠡ ᠳᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠳᠦᠷᠢᠮ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠢᠯᠡ ᠲᠣᠳᠣ ᠤᠯᠤᠰ ᠲᠦᠷᠦ ᠶᠢᠨ ᠰᠢᠨᠵᠢ ᠴᠢᠨᠠᠷ ᠢ ᠭᠦᠨᠵᠡᠭᠡᠢ ᠡᠵᠡᠮᠳᠡᠵᠦ᠂ ᠨᠠᠮ ᠤᠨ ᠤᠳᠤᠷᠢᠳᠤᠯᠭ᠎ᠠ ᠶᠢ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠪᠠᠶᠢᠴᠠᠭᠠᠨ ᠰᠤᠳᠤᠯᠤᠯᠲᠠ ᠬᠢᠬᠦ᠂  ᠨᠦᠬᠦᠷᠰᠡᠭ ᠬᠠᠷᠢᠴᠠᠭ᠎ᠠ ᠪᠠᠶᠢᠭᠤᠯᠬᠤ᠂ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠡᠯ᠎ᠡ ᠵᠦᠢᠯ ᠤᠨ ᠠᠵᠢᠯ ᠤᠨ ᠳᠤᠮᠳᠠ ᠲᠤᠤᠱᠯᠠᠭᠤᠯᠵᠤ᠂ ᠨᠠᠮ ᠤᠨ ᠵᠣᠷᠢᠯᠲᠠ ᠶᠢ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃ ᠴᠠᠭ ᠲᠤᠬᠠᠢ ᠳᠤ ᠨᠢ ᠬᠤᠰᠢᠭᠤᠨ ᠤ ᠨᠠᠮ ᠤᠨ ᠬᠤᠷᠢᠶ᠎ᠠ ᠠᠴᠠ ᠴᠢᠬᠤᠯᠠ ᠶᠡᠭᠡ ᠤᠴᠢᠷ ᠶᠠᠪᠤᠳᠠᠯ  ᠤᠨ ᠳᠤᠬᠠᠢ ᠵᠢᠭᠠᠪᠤᠷᠢ ᠠᠪᠴᠤ᠂ ᠭᠤᠣᠯᠳᠠᠯᠭ᠎ᠠ ᠲᠠᠢ ᠠᠵᠢᠯ ᠢᠶᠠᠨ ᠮᠡᠳᠡᠭᠦᠯᠵᠦ᠂ ᠴᠢᠬᠤᠯᠠ ᠪᠠᠶᠢᠳᠠᠯ ᠢ ᠲᠤᠰᠬᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠪᠥᠬᠦ ᠬᠤᠰᠢᠭᠤᠨ ᠤ ᠠᠵᠢᠯ ᠤᠨ ᠶᠡᠭᠡ ᠲᠠᠯ᠎ᠠ ᠲᠠᠢ ᠨᠢᠭᠡ ᠰᠡᠳᠬᠢᠯ ᠨᠢᠭᠡ ᠴᠢᠭᠯᠡᠯ ᠢᠶᠠᠷ ᠬᠠᠮᠲᠤ ᠪᠠᠷ ᠰᠦᠪᠡᠭᠴᠢᠯᠡᠵᠦ ᠬᠠᠮᠲᠤ ᠪᠠᠷ ᠤᠷᠤᠭᠰᠢᠯᠠᠭᠤᠯᠬᠤ ᠶᠢ ᠪᠠᠲᠤᠯᠠᠨ᠎ᠠ᠃      ᠬᠤᠶᠠᠷ ᠲᠤ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠬᠡᠷᠡᠭᠲᠡᠢ᠃ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠰᠢᠭᠦᠳ ᠤᠨ ᠬᠢᠴᠢᠶᠡᠯ ᠤᠨ ᠲᠠᠩᠬᠢᠮ᠂ ᠲᠤᠰᠬᠠᠢ ᠰᠡᠳᠦᠪᠲᠦ ᠪᠣᠯᠪᠠᠰᠤᠷᠠᠯ ᠵᠡᠷᠭᠡ ᠰᠤᠷᠤᠯᠴᠠᠬᠤ ᠬᠡᠯᠪᠡᠷᠢ ᠶᠢ ᠶᠡᠷᠦᠩᠬᠡᠶᠢᠯᠡᠨ ᠠᠰᠢᠭᠯᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠢᠰᠲ᠋ᠧᠮ ᠲᠠᠢ ᠰᠤᠷᠤᠯᠴᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂  ᠰᠢ ᠶᠢᠨ ᠫᠢᠩ ᠶᠡᠷᠦᠩᠬᠡᠢ ᠱᠦᠵᠢ ᠶᠢᠨ ᠬᠠᠮᠤᠭ ᠤᠨ ᠰᠢᠨ᠎ᠡ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠡᠷᠭᠡ ᠶᠢ ᠨᠠᠷᠢᠨ ᠬᠢᠨᠠᠮᠠᠭᠠᠢ ᠰᠤᠷᠤᠯᠴᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ︽ᠠᠷᠪᠠ ᠶᠢ ᠪᠠᠷᠢᠮᠲᠠᠯᠠᠬᠤ︾ ᠵᠣᠷᠢᠭ ᠰᠠᠨᠠᠭᠠᠨ ᠤ ᠮᠥᠨ ᠴᠢᠨᠠᠷ ᠪᠠ ᠭᠤᠣᠯᠯᠠᠬᠤ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ᠨᠠᠮ ᠤᠨ ᠤᠨᠤᠯ ᠤᠨ ᠰᠢᠨ᠎ᠡ ᠶᠢ ᠡᠭᠦᠳᠬᠦ ᠶᠠᠪᠤᠳᠠᠯ ᠢᠶᠠᠷ ᠦᠵᠡᠯ ᠰᠠᠨᠠᠭᠠᠨ ᠤ ᠲᠠᠯ᠎ᠠ ᠪᠠᠷ ᠬᠠᠮᠲᠤ ᠪᠠᠷ ᠲᠠᠪᠰᠢᠬᠤ᠂ ᠤᠯᠤᠰ ᠲᠦᠷᠦ ᠶᠢᠨ ᠲᠠᠯ᠎ᠠ ᠪᠠᠷ ᠪᠦᠯᠬᠦᠮᠳᠡᠨ ᠬᠠᠮᠲᠤᠷᠠᠯᠴᠠᠬᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠠᠯᠬᠤᠮ ᠢᠶᠠᠨ ᠨᠢᠭᠡᠳᠬᠡᠬᠦ ᠶᠢ ᠲᠦᠯᠬᠢᠨ ᠠᠬᠢᠭᠤᠯᠤᠨ᠎ᠠ᠃      ᠭᠤᠷᠪᠠ ᠳᠤ ᠨᠠᠮ ᠤᠨ ᠪᠠᠶᠢᠭᠤᠯᠤᠯᠲᠠ ᠶᠢ ᠲᠤᠪᠤᠶᠢᠯᠭᠠᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠵᠤ᠂ ︽ᠬᠤᠶᠠᠷ ᠢ ᠪᠦᠬᠦᠨ ᠢ ᠬᠠᠮᠤᠷᠬᠤ︾ ᠶᠢ ᠬᠡᠯᠪᠡᠷᠢ ᠳᠡᠳᠤᠢ ᠪᠦᠷᠬᠦᠭᠦᠯᠬᠦ ᠠᠴᠠ ᠪᠦᠲᠦᠮᠵᠢᠲᠡᠶ ᠪᠦᠷᠬᠦᠭᠦᠯᠬᠦ ᠲᠡᠶᠢᠰᠢ ᠬᠤᠪᠢᠷᠠᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠨᠠᠮ ᠤᠨ ᠠᠴᠢ ᠳᠤ ᠳᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠤᠷᠤᠯᠴᠠᠬᠤ ᠠᠵᠢᠯᠯᠠᠭ᠎ᠠ ᠶᠢᠨ ᠦᠷ᠎ᠡ ᠪᠦᠲᠦᠮᠵᠢ ᠶᠢ ᠥᠨᠳᠥᠷ ᠲᠦᠪᠰᠢᠨ ᠢᠶᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  ᠲᠦᠪ ᠴᠢᠩᠭ᠎ᠠ ᠦᠨᠳᠤᠰᠤᠨ ᠰᠠᠨᠠᠭ᠎ᠠ᠂ ᠲᠦᠪ ᠴᠢᠩᠭ᠎ᠠ ᠠᠷᠭ᠎ᠠ ᠬᠡᠮᠵᠢᠶ᠎ᠡ᠂ ᠲᠦᠪ ᠴᠢᠩᠭ᠎ᠠ ᠠᠭᠤᠷ ᠠᠮᠢᠰᠬᠤᠯ ᠢ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠳᠤ ᠤᠷᠳᠤ ᠬᠤᠭᠤᠴᠠᠭ᠎ᠠ ᠪᠠᠷ ᠪᠠᠷᠢᠮᠲᠠᠯᠠᠬᠤ ᠶᠢ ᠠᠬᠢᠭᠤᠯᠤᠨ᠎ᠠ᠃      ︵ᠬᠤᠶᠠᠷ︶ ᠬᠤᠶᠠᠷ ᠶᠡᠭᠡ ᠭᠤᠣᠯ ᠰᠡᠳᠦᠪ ᠢ ᠲᠤᠪᠤᠶᠢᠯᠭᠠᠵᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠨᠡᠩ ᠬᠦᠴᠦᠲᠡᠢ ᠪᠤᠯᠭᠠᠨ᠎ᠠ      ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠳᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠪᠠ ᠡᠬᠡ ᠣᠷᠣᠨᠴᠢ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃       ᠨᠢᠭᠡ ᠳᠤ᠂ ᠭᠤᠣᠯᠳᠠᠯᠭ᠎ᠠ ᠶᠢ ᠠᠳᠬᠤᠨ ᠵᠦᠪᠯᠡᠬᠦ ᠶᠢ ︽ᠲᠡᠷᠢᠭᠦᠨ︾ ᠳᠤ ᠲᠠᠯᠪᠢᠬᠤ ᠬᠡᠷᠡᠭᠳᠠᠢ᠃ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠠᠴᠠ ᠪᠠᠶᠢᠷᠢᠯᠠᠭᠤᠯᠤᠨ ᠬᠡᠷᠡᠭᠵᠢᠭᠦᠯᠦᠭᠰᠡᠨ ︽ᠳᠤᠯᠤᠭᠠᠨ ᠶᠡᠭᠡ ᠢᠨᠵᠧᠨᠧᠷᠢᠩ︾ ᠲᠠᠢ ᠤᠶᠠᠯᠳᠤᠭᠤᠯᠤᠨ᠂ ︽ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠳᠡᠭᠦᠯᠳᠡᠷᠵᠢᠭᠦᠯᠦᠨ᠂ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦ ᠨᠡᠮᠡᠷᠢᠯᠡᠨ᠎ᠡ︾᠂ ︽ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠨ᠎ᠡ︾᠂ ︽ᠡᠬᠢ ᠪᠠᠶᠠᠯᠢᠭ ᠢ ᠨᠢᠭᠡᠳᠬᠡᠨ ᠬᠠᠷᠠᠯᠲᠠ ᠲᠠᠢ ᠬᠦᠴᠦᠯᠡᠵᠤ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶᠡᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ︾᠂ ︽ᠡᠷᠲᠡᠨ ᠤ ᠨᠣᠮ ᠪᠢᠴᠢᠭ ᠰᠤᠷᠪᠤᠯᠵᠢ ᠪᠢᠴᠢᠭ ᠪᠣᠯᠣᠨ ᠰᠣᠶᠣᠯ ᠤᠨ ᠨᠠᠨᠳᠢᠨ ᠵᠦᠢᠯᠡᠰ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠪᠦᠲᠦᠭᠡᠯᠴᠢ ᠵᠤᠭᠠᠴᠠᠯ ᠤᠨ ᠦᠢᠯᠡᠰ ᠤᠨ ᠬᠥᠭᠵᠢᠯᠲᠡ ᠪᠣᠯᠣᠨ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︾᠂ ︽ᠨᠠᠰᠤᠵᠢᠯ ᠤᠨ ᠪᠠᠳᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠥᠮᠥᠨ ᠠᠮᠠ ᠶᠢᠨ ᠨᠠᠰᠤᠵᠢᠯᠲᠠ ᠶᠢᠨ ᠠᠰᠠᠭᠤᠳᠠᠯ ᠢ ᠠᠷᠭᠠᠴᠠᠬᠤ︾᠂  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤᠮᠳᠠᠬᠢ ᠱᠠᠰᠢᠨ ᠰᠤᠷᠲᠠᠬᠤᠨ ᠤ ᠲᠠᠯᠠᠪᠤᠷ ᠤᠨ ᠦᠢᠯᠡᠳᠦᠯ ᠢ ᠪᠠᠳᠠᠷᠠᠭᠤᠯᠬᠤ︾ ᠵᠡᠷᠭᠡ ᠰᠡᠳᠦᠪ ᠤᠨ ᠲᠤᠭᠤᠷᠢᠨ ᠳᠤ᠂ ᠪᠠᠶᠢᠩᠭᠤ ᠶᠢᠨ ᠬᠤᠷᠢᠶᠠᠨ ᠤ ᠵᠠᠰᠠᠭ ᠤᠨ ᠶᠠᠪᠤᠳᠠᠯ ᠢ ᠵᠥᠪᠯᠡᠬᠦ᠂ ᠲᠡᠷᠢᠭᠦᠯᠡᠭᠴᠢᠳ ᠤᠨ ᠬᠤᠷᠠᠯᠳᠤᠭᠠᠨ ᠤ ᠲᠤᠰᠬᠠᠢ ᠰᠡᠳᠦᠪ ᠢᠶᠠᠷ ᠵᠥᠪᠯᠡᠬᠦ ᠪᠤᠯᠤᠨ ᠲᠤᠰᠬᠠᠢ ᠵᠦᠪᠯᠡᠯ ᠤᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠵᠥᠪᠯᠡᠬᠦ ᠵᠡᠷᠭᠡ ᠬᠡᠯᠪᠡᠷᠢ ᠶᠢ ᠬᠡᠷᠡᠭᠯᠡᠨ᠂ ᠣᠶᠢᠯᠠᠭᠠᠭᠳᠠᠬᠤᠨ ᠤ ᠴᠢᠨᠠᠷᠲᠠᠢ᠂ ᠰᠡᠳᠬᠢᠴᠡ ᠶᠢᠨ ᠴᠢᠨᠠᠷᠲᠠᠢ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠤᠯᠤᠰ ᠲᠦᠷᠦ ᠶᠢᠨ ᠵᠥᠪᠯᠡᠯᠭᠡᠨ ᠤ ᠴᠢᠳᠠᠮᠵᠢ ᠶᠢ ᠨᠠᠮ ᠵᠠᠰᠠᠭ ᠤᠨ ᠠᠷᠭ᠎ᠠ ᠪᠣᠳᠣᠯᠭ᠎ᠠ᠂ ᠠᠷᠠᠳ ᠲᠦᠮᠡᠨ ᠤ ᠬᠡᠷᠡᠭᠴᠡᠭᠡ ᠲᠠᠢ ᠨᠡᠩ ᠰᠠᠶᠢᠲᠤᠷ ᠠᠪᠴᠠᠯᠳᠤᠭᠤᠯᠤᠨ᠎ᠡ᠃      ᠬᠤᠶᠠᠷ ᠲᠤ᠂ ᠭᠤᠣᠯᠳᠠᠯᠭ᠎ᠠ ᠶᠢ ᠡᠵᠡᠮᠳᠡᠵᠤ ︽ᠴᠢᠬᠤᠯᠠ︾ ᠲᠠᠯ᠎ᠠ ᠳᠤ ᠬᠢᠨᠡᠯᠳᠠ ᠲᠠᠯᠪᠢᠬᠤ ᠬᠡᠷᠡᠭᠳᠠᠢ᠃ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂  ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠠᠢ ᠪᠦᠲᠦᠮᠵᠢᠲᠡᠶ ᠵᠣᠯᠭᠠᠭᠤᠯᠬᠤ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠠᠯ ᠢᠶᠠᠷ ᠬᠢᠨᠠᠯᠲᠠ ᠲᠠᠯᠪᠢᠬᠤ᠂ ᠪᠠᠶᠢᠴᠠᠭᠠᠨ ᠰᠤᠳᠤᠯᠵᠤ ᠬᠢᠨᠠᠯᠲᠠ ᠲᠠᠯᠪᠢᠬᠤ ᠪᠠᠷ ᠳᠡᠮᠵᠢᠨ᠂ ᠬᠠᠨᠳᠤᠯᠭᠠᠲᠤ ᠴᠢᠨᠠᠷᠲᠠᠢ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠬᠦᠴᠦ ᠨᠡᠮᠡᠷᠢᠯᠡᠨ᠎ᠡ᠃ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠶᠢ ᠬᠠᠷᠢᠯᠴᠠᠨ ᠨᠡᠪᠲᠡᠷᠡᠯᠴᠡᠭᠦᠯᠦᠨ ᠬᠠᠷᠢᠯᠴᠠᠨ ᠵᠣᠬᠢᠴᠠᠭᠤᠯᠬᠤ ᠶᠢ ᠦᠷᠭᠦᠯᠵᠢᠯᠡᠨ ᠠᠬᠢᠭᠤᠯᠵᠤ᠂ ᠠᠷᠠᠳᠴᠢᠯᠠᠯ ᠢᠶᠠᠷ ᠬᠢᠨᠠᠯᠲᠠ ᠲᠠᠯᠪᠢᠭᠰᠠᠨ ᠦᠷ᠎ᠡ ᠪᠦᠲᠦᠭᠡᠯ ᠢ ᠴᠠᠭ ᠲᠤᠬᠠᠢ ᠳᠤ ᠨᠢ ᠬᠢᠨᠠᠯᠲᠠ ᠲᠠᠯᠪᠢᠬᠤ ᠶᠢ ᠨᠡᠪᠲᠡᠷᠡᠭᠦᠯᠬᠦ ᠬᠠᠮᠵᠢᠯᠴᠠᠭᠠᠨ ᠤ ᠲᠠᠪᠴᠠᠩ ᠳᠤ ᠮᠡᠳᠡᠭᠦᠯᠦᠨ ᠬᠦᠷᠭᠡᠬᠦ ᠬᠡᠷᠡᠭᠲᠡᠢ᠃ ᠭᠡᠰᠢᠭᠦᠨ ᠢ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠣᠨᠴᠠ ᠤᠷᠢᠭᠰᠠᠨ ᠬᠢᠨᠠᠯᠲᠠ ᠲᠠᠯᠪᠢᠭᠴᠢ ᠪᠠᠷ ᠲᠠᠨᠢᠯᠴᠠᠭᠤᠯᠵᠤ᠂ ᠬᠢᠨᠠᠯᠲᠠ ᠲᠠᠯᠪᠢᠬᠤ ᠶᠢᠨ ᠳᠠᠭᠠᠤ ᠨᠡᠶᠢᠭᠡᠮ ᠤᠨ ᠬᠥᠭᠵᠢᠯᠲᠡ ᠳᠤ ᠦᠢᠯᠡᠴᠢᠯᠡᠭᠦᠯᠦᠨ᠎ᠡ᠃       ᠭᠤᠷᠪᠠ ᠳᠤ᠂ ᠠᠷᠭ᠎ᠠ ᠬᠡᠯᠪᠡᠷᠢ ᠪᠠᠨ ᠡᠵᠡᠮᠳᠡᠨ ︽ᠴᠢᠨᠠᠷ︾ ᠢ ᠪᠠᠳᠤᠯᠠᠬᠤ ᠬᠡᠷᠡᠭᠲᠡᠢ᠃ ᠰᠠᠨᠠᠯ ᠳᠤᠷᠠᠳᠤᠯᠭ᠎ᠠ ᠶᠢᠨ ᠠᠵᠢᠯ ᠤᠨ ᠠᠷᠭ᠎ᠠ ᠳᠤ ᠵᠠᠰᠠᠪᠤᠷᠢ ᠣᠷᠣᠭᠤᠯᠵᠤ᠂ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠳᠦᠷᠢᠮ ᠢ ᠲᠡᠭᠦᠯᠳᠡᠷᠵᠢᠭᠦᠯᠵᠦ᠂ ᠰᠠᠨᠠᠯ ᠳᠤᠷᠠᠳᠤᠯᠭ᠎ᠠ ᠶᠢ ᠳᠠᠭᠠᠭᠤᠯᠤᠨ ᠰᠢᠢᠳᠪᠦᠷᠢᠯᠡᠬᠦ ᠰᠢᠪᠠᠳᠠᠨ ᠰᠢᠢᠳᠪᠦᠷᠢᠯᠡᠭᠦᠯᠬᠦ ᠲᠣᠭᠲᠠᠴᠠ ᠶᠢ ᠭᠦᠨᠵᠡᠭᠡᠶᠢᠷᠡᠭᠦᠯᠦᠨ᠂ ᠭᠡᠰᠢᠭᠦᠳ ᠢ ᠬᠥᠲᠥᠯᠥᠨ ᠵᠢᠯᠤᠭᠤᠳᠴᠤ ᠪᠥᠬᠦ ᠬᠤᠰᠢᠭᠤᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠬᠦᠴᠦ ᠪᠠᠨ ᠲᠥᠪᠯᠡᠷᠡᠭᠦᠯᠦᠨ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠠᠨᠠᠭᠤᠯᠭ᠎ᠠ ᠪᠠᠨ ᠣᠨᠣᠪᠴᠢᠲᠠᠶ ᠳᠤᠷᠠᠳᠴᠤ᠂ ᠴᠢᠩᠭ᠎ᠠ ᠨᠢᠮᠪᠠᠢ ᠬᠢᠨᠠᠵᠤ᠂ ᠪᠣᠳᠠᠲᠠᠢ ᠶᠢ ᠡᠷᠬᠢᠮᠯᠡᠨ ᠰᠢᠢᠳᠪᠦᠷᠢᠯᠡᠵᠦ᠂ ᠰᠠᠨᠠᠯ ᠳᠤᠷᠠᠳᠤᠯᠭ᠎ᠠ ᠶᠢᠨ ᠠᠵᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠭᠡᠰᠢᠭᠦᠳ ᠤᠨ ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠬᠤ᠂ ᠮᠡᠳᠡᠭᠡ ᠵᠠᠩᠭᠢ ᠴᠤᠭᠯᠠᠭᠤᠯᠬᠤ ᠠᠷᠭ᠎ᠠ ᠵᠠᠮ ᠢ ᠥᠷᠭᠡᠳᠬᠡᠬᠦ᠂ ᠮᠡᠳᠡᠭᠡ ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠲᠠᠬᠢᠨ ᠤᠯᠠᠮ ᠢᠯᠡᠬᠦᠦ ᠬᠦᠴᠤ ᠲᠠᠯᠪᠢᠵᠤ᠂ ᠡᠳᠦᠷ ᠲᠤᠳᠤᠮ ᠤᠨ ᠠᠵᠢᠯ ᠢ ᠠᠳᠬᠤᠬᠤ᠂ ᠪᠠᠶᠢᠩᠭᠤ ᠱᠠᠭᠠᠷᠳᠠᠬᠤ ᠪᠠᠷ ᠳᠠᠮᠵᠢᠭᠤᠯᠤᠨ᠂ ᠵᠢᠵᠢᠭ ᠮᠡᠳᠡᠭᠡ ᠵᠠᠩᠭᠢ ᠶᠢᠨ ᠦᠢᠯᠡᠴᠢᠯᠡᠭᠡ ᠪᠠᠷ ᠲᠣᠮᠣ ᠠᠷᠠᠳ ᠤᠨ ᠠᠮᠢᠳᠤᠷᠠᠯ ᠢ ᠦᠨᠡᠨ ᠬᠦ ᠰᠠᠶᠢᠵᠢᠷᠠᠭᠤᠯᠤᠨ᠎ᠠ᠃       ᠳᠥᠷᠪᠡ ᠳᠤ᠂ ᠪᠦᠬᠦ ᠲᠠᠯ᠎ᠠ ᠶᠢ ᠡᠵᠡᠮᠳᠡᠵᠤ ︽ᠪᠣᠳᠠᠲᠠᠢ︾ ᠳᠤ ᠲᠦᠪᠯᠡᠷᠡᠭᠦᠯᠬᠦ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠢ ᠬᠥᠮᠥᠰ ᠤᠨ ᠰᠡᠳᠬᠢᠯ ᠢ ᠣᠯᠬᠤ ᠪᠠ ᠬᠦᠴᠦᠨ ᠴᠢᠳᠠᠯ ᠢ ᠨᠢᠭᠲᠠᠷᠠᠭᠤᠯᠬᠤ ᠡᠨᠡᠬᠦ ᠬᠠᠮᠤᠭ ᠤᠨ ᠶᠡᠭᠡ ᠤᠯᠤᠰ ᠲᠥᠷᠥ ᠳᠡᠭᠡᠷ᠎ᠡ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠴᠥᠭᠡᠨ ᠲᠣᠭᠠᠲᠤ ᠦᠨᠳᠦᠰᠦᠲᠡᠨ ᠪᠠ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠥᠰ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ᠂ ᠨᠠᠮ ᠤᠨ ᠭᠠᠳᠠᠨᠠᠬᠢ ᠰᠡᠬᠡᠭᠡᠲᠡᠨ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠲᠠᠢ ᠬᠠᠷᠢᠯᠴᠠᠭ᠎ᠠ ᠨᠥᠬᠦᠷᠯᠡᠯ ᠢᠶᠠᠨ ᠨᠢᠭᠲᠠᠷᠠᠭᠤᠯᠵᠤ᠂ ᠠᠷᠠᠳᠴᠢᠯᠠᠭᠰᠠᠨ ᠨᠠᠮ ᠪᠦᠯᠦᠭ ᠤᠨ ᠬᠥᠮᠥᠰ᠂ ᠨᠠᠮ ᠪᠦᠯᠦᠭ ᠤᠨ ᠪᠤᠰᠤ ᠬᠥᠮᠥᠰ ᠪᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠦᠷᠢᠯᠳᠦᠭᠦᠨ ᠤ ᠦᠢᠯᠡᠳᠦᠯ ᠢᠶᠠᠨ ᠪᠠᠳᠠᠷᠠᠭᠤᠯᠬᠤ ᠳᠤ ᠨᠡᠩ ᠤᠯᠠᠨ ᠲᠠᠪᠴᠠᠩ ᠪᠠᠶᠢᠭᠤᠯᠵᠤ᠂ ᠨᠡᠩ ᠰᠢᠯᠢᠳᠡᠭ ᠨᠥᠬᠦᠴᠡᠯ ᠢ ᠬᠠᠩᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠠᠲᠤ ᠡᠵᠡᠮᠳᠡᠵᠦ᠂ ᠥᠷᠭᠡᠨ ᠤᠯᠠᠨ ᠭᠡᠰᠢᠭᠦᠳ ᠢ ᠵᠣᠬᠢᠶᠠᠨ ᠪᠠᠶᠢᠭᠤᠯᠤᠨ ᠬᠥᠲᠥᠯᠥᠨ ᠵᠢᠯᠤᠭᠤᠳᠴᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠠᠯ᠎ᠠ ᠪᠠᠷ ᠲᠦᠷᠦᠭᠦᠨ ᠳᠤᠨᠢ ᠶᠠᠪᠤᠵᠤ᠂ ᠦᠯᠢᠭᠡᠷ ᠵᠢᠱᠢᠶ᠎ᠡ ᠦᠵᠡᠭᠦᠯᠦᠨ᠎ᠡ᠃ ᠪᠤᠰᠤᠳ ᠤᠨ ᠨᠤᠲᠤᠭ ᠲᠠᠬᠢ ᠳᠠᠷᠬᠠᠨ ᠮᠤᠤᠮᠢᠩᠭᠠᠨᠴᠤᠳ  ᠲᠠᠢ ᠬᠠᠷᠢᠯᠴᠠᠭ᠎ᠠ ᠬᠤᠯᠪᠤᠭ᠎ᠠ ᠪᠠᠨ ᠪᠠᠳᠤᠳᠬᠠᠵᠤ᠂ ᠳᠠᠷᠬᠠᠨ ᠮᠤᠤᠮᠢᠩᠭᠠᠨ ᠤ ︽ᠨᠠᠶᠢᠵᠠ ᠶᠢᠨ ᠲᠤᠭᠤᠷᠢᠭ︾ ᠢᠶᠠᠨ ᠥᠷᠭᠡᠳᠬᠡᠨ᠂ ᠳᠠᠷᠬᠠᠨ ᠮᠤᠤᠮᠢᠩᠭᠠᠨ ᠤ ᠨᠡᠷ᠎ᠡ ᠠᠯᠳᠠᠷᠰᠢᠯ ᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠦᠢᠯᠡᠴᠢᠯᠡᠨ᠎ᠡ᠃      ︵ᠭᠤᠷᠪᠠ︶ ᠭᠤᠷᠪᠠᠨ ᠲᠠᠪᠴᠠᠩ ᠢ ᠰᠠᠶᠢᠲᠤᠷ ᠠᠰᠢᠭᠯᠠᠵᠤ᠂ ᠡᠲᠡᠭᠡᠳ ᠤᠨ ᠢᠯᠭᠠᠯ ᠤᠨ ᠤᠯᠠᠨ ᠲᠦᠮᠡᠨ  ᠲᠠᠢ ᠬᠠᠷᠢᠯᠴᠠᠬᠤ ᠠᠵᠢᠯ ᠢ ᠨᠡᠩ ᠭᠦᠨᠵᠡᠭᠡᠶᠢᠷᠡᠭᠦᠯᠦᠨ᠎ᠡ      ︽ᠭᠡᠰᠢᠭᠦᠳ ᠤᠨ ᠬᠠᠷᠢᠯᠴᠠᠬᠤ ᠦᠷᠳᠡᠭᠡ᠂ ᠡᠲᠡᠭᠡᠳ ᠤᠨ ᠢᠯᠭᠠᠯ ᠤᠨ ᠬᠠᠷᠢᠯᠴᠠᠬᠤ ᠠᠵᠢᠯ ᠤᠨ ᠲᠠᠰᠤᠭ᠂ ᠭᠡᠰᠢᠭᠦᠳ ᠤᠨ ᠭᠡᠷ︾ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠭᠤᠷᠪᠠᠨ ᠲᠠᠪᠴᠠᠩ ᠤᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠡᠲᠡᠭᠡᠳ ᠤᠨ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠠᠵᠢᠯ ᠢ ᠥᠷᠨᠢᠭᠦᠯᠵᠦ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤᠵᠢᠭᠤᠯᠤᠨ ᠭᠦᠢᠴᠡᠳᠬᠡᠬᠦ ᠶᠢ ᠲᠦᠯᠬᠢᠨ ᠠᠬᠢᠭᠤᠯᠤᠨ᠎ᠡ᠃       ᠨᠢᠭᠡ ᠳᠤ ᠭᠡᠰᠢᠭᠦᠳ ᠲᠠᠢ ᠬᠠᠷᠢᠯᠴᠠᠬᠤ ᠥᠷᠲᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠳᠠᠢ᠃ ᠭᠡᠰᠢᠭᠦᠳ ᠤᠨ  ᠦᠢᠯᠡᠳᠤᠯ ᠢ ᠪᠠᠳᠠᠷᠠᠭᠤᠯᠬᠤ ᠶᠢ ᠲᠦᠯᠬᠢᠨ ᠠᠬᠢᠭᠤᠯᠵᠤ᠂ ᠭᠡᠰᠢᠭᠦᠳ ᠢ ᠬᠥᠲᠥᠯᠥᠨ ᠵᠢᠯᠤᠭᠤᠳᠴᠤ᠂ ᠬᠡᠰᠢᠭᠦᠳ ᠲᠠᠢ ᠬᠠᠷᠢᠯᠴᠠᠬᠤ ᠦᠷᠳᠡᠭᠡᠨ ᠳᠤ ᠦᠵᠡᠯ ᠰᠠᠨᠠᠭᠠᠨ ᠤ ᠲᠠᠯ᠎ᠠ ᠪᠠᠷ ᠬᠥᠲᠥᠯᠥᠨ ᠳᠠᠭᠠᠭᠤᠯᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ᠂ ᠨᠡᠶᠢᠭᠡᠮ ᠤᠨ ᠵᠠᠰᠠᠯᠲᠠ ᠶᠢ ᠠᠬᠢᠭᠤᠯᠬᠤ᠂ ᠤᠯᠠᠨ ᠲᠦᠮᠡᠨ ᠤ ᠬᠡᠷᠡᠭᠴᠡᠭᠡ ᠳᠤ ᠦᠢᠯᠡᠴᠢᠯᠡᠬᠦ ᠵᠡᠷᠭᠡ ᠠᠵᠢᠯ ᠢ ᠢᠳᠡᠪᠬᠢᠲᠡᠢ ᠥᠷᠨᠢᠭᠦᠯᠵᠦ᠂ ᠤᠯᠠᠨ ᠲᠦᠮᠡᠨ ᠳᠤ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠰᠤᠮᠤ ᠰᠢᠶᠠᠩ ᠪᠠᠯᠭᠠᠰᠤ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶ᠎ᠠ ᠶᠢ ᠵᠢᠯᠤᠭᠤᠳᠴᠤ ᠠᠵᠤ ᠠᠬᠤᠢ ᠶᠢᠨ ᠬᠥᠭᠵᠢᠯᠲᠡ ᠶᠢᠨ ᠶᠡᠭᠡ ᠶᠠᠪᠤᠳᠠᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠠᠪᠤᠳᠠᠯ᠂ ᠨᠡᠶᠢᠭᠡᠮ ᠤᠨ ᠵᠠᠰᠠᠯᠲᠠ ᠶᠢᠨ ᠪᠡᠷᠬᠡ ᠶᠠᠪᠤᠳᠠᠯ᠂ ᠠᠷᠠᠳ ᠣᠯᠠᠨ ᠤ ᠡᠳᠦᠷ ᠲᠤᠲᠤᠮ ᠤᠨ ᠠᠷᠰᠠᠷ ᠶᠠᠪᠤᠳᠠᠯ ᠢᠶᠠᠷ ᠭᠤᠣᠯᠯᠠᠭᠤᠯᠤᠨ᠂ ︽ᠨᠢᠭᠤᠷᠲᠠᠨ ᠵᠥᠪᠳᠡᠬᠦ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠭᠡᠰᠢᠭᠦᠨ᠂ ᠣᠯᠠᠨ ᠲᠦᠮᠡᠨ ᠬᠢᠭᠡᠳ ᠰᠠᠯᠠᠭ᠎ᠠ ᠮᠥᠴᠢᠷ ᠤᠨ ᠬᠠᠷᠢᠯᠴᠠᠭ᠎ᠠ ᠳᠤ ᠬᠥᠭᠦᠷᠭᠡ ᠬᠤᠯᠪᠣᠭᠠᠰᠤ ᠪᠤᠯᠤᠨ᠎ᠡ᠃    ᠬᠤᠶᠠᠷ ᠲᠤ ᠡᠲᠡᠭᠡᠳ ᠤᠨ ᠢᠯᠭᠠᠯ ᠤᠨ ᠬᠠᠷᠢᠯᠴᠠᠬᠤ ᠠᠵᠢᠯ ᠤᠨ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠤᠰᠬᠠᠢ ᠵᠦᠪᠯᠡᠯ ᠢᠶᠠᠷ ᠲᠦᠰᠢᠭ ᠪᠣᠯᠭᠠᠨ᠂ ᠡᠲᠡᠭᠡᠳ ᠤᠨ ᠢᠯᠭᠠᠯ ᠤᠨ ᠳᠤᠭᠤᠶᠢᠯᠠᠩ ᠢᠶᠠᠷ ᠨᠢᠭᠡᠴᠢ ᠪᠣᠯᠭᠠᠬᠤ ᠶᠢ ᠪᠠᠷᠢᠮᠲᠠᠯᠠᠵᠤ᠂ ᠡᠲᠡᠭᠡᠳ ᠤᠨ ᠢᠯᠭᠠᠯ ᠤᠨ ᠳᠠᠪᠠᠭᠤᠯᠢᠭ ᠢ ᠭᠦᠨ ᠠᠭᠤᠳᠠᠯᠵᠤ᠂ ᠡᠲᠡᠭᠡᠳ ᠤᠨ ᠢᠯᠭᠠᠯ ᠤᠨ ᠣᠨᠴᠠᠯᠢᠭ ᠢ ᠲᠣᠪᠤᠶᠢᠯᠭᠠᠨ᠂ ᠭᠡᠰᠢᠭᠦᠳ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠠᠮᠲᠤ ᠶᠢᠨ ᠰᠤᠷᠤᠯᠴᠠᠯᠭ᠎ᠠ᠂ ᠡᠲᠡᠭᠡᠳ ᠤᠨ ᠢᠯᠭᠠᠯ ᠤᠨ ᠪᠠᠶᠢᠴᠠᠭᠠᠨ ᠰᠤᠳᠤᠯᠤᠯᠲᠠ ᠬᠢᠬᠦ᠂ ᠡᠲᠡᠭᠡᠳ ᠤᠨ ᠢᠯᠭᠠᠯ ᠤᠨ ᠵᠥᠪᠳᠡᠯᠴᠡᠭᠡ᠂ ᠡᠲᠡᠭᠡᠳ ᠤᠨ ᠢᠯᠭᠠᠯ ᠤᠨ ᠨᠥᠬᠦᠷᠯᠡᠯ ᠤᠨ ᠠᠵᠢᠯᠯᠠᠭ᠎ᠠ ᠵᠡᠷᠭᠡ ᠶᠢ ᠥᠷᠨᠢᠭᠦᠯᠵᠦ᠂ ᠭᠤᠣᠯ ᠰᠡᠳᠦᠪ ᠲᠠᠢ᠂ ᠬᠡᠯᠪᠡᠷᠢ ᠮᠠᠶ᠋ᠢᠭ  ᠲᠠᠢ᠂ ᠦᠷ᠎ᠡ ᠪᠦᠲᠦᠭᠡᠯ ᠲᠠᠢ ᠪᠣᠯᠭᠠᠬᠤ ᠶᠢ ᠪᠡᠶᠡᠯᠡᠭᠦᠯᠦᠨ᠎ᠡ᠃ ᠨᠡᠭᠡᠭᠡᠯᠳᠡ ᠲᠠᠢ ᠠᠵᠢᠯᠯᠠᠭ᠎ᠠ ᠥᠷᠨᠢᠭᠦᠯᠬᠦ ᠶᠢ ᠪᠠᠷᠢᠮᠲᠠᠯᠠᠵᠤ᠂ ᠡᠲᠡᠭᠡᠳ ᠤᠨ ᠢᠯᠭᠠᠯ ᠤᠨ ᠤᠯᠠᠨ ᠲᠦᠮᠡᠨ ᠢ ᠠᠵᠢᠯᠯᠠᠬᠤ ᠲᠠᠰᠤᠭ ᠲᠤ ᠤᠷᠢᠵᠤ᠂ ᠦᠨᠡᠨ ᠰᠡᠳᠬᠢᠯ ᠠᠴᠠ ᠪᠠᠨ  ᠶᠠᠷᠢᠯᠴᠠᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠦᠴᠢᠷᠳᠡᠯ ᠠᠴᠠ ᠠᠩᠭᠢᠵᠢᠷᠠᠭᠤᠯᠵᠤ᠂ ᠡᠲᠡᠭᠡᠳ ᠤᠨ ᠢᠯᠭᠠᠯ ᠤᠨ ᠤᠯᠠᠨ ᠲᠦᠮᠡᠨ ᠲᠠᠢ ᠨᠢᠭᠲᠠᠷᠠᠨ ᠪᠦᠯᠬᠦᠮᠳᠡᠬᠦ ᠪᠠᠷ ᠴᠢᠷᠮᠠᠶᠢᠨ᠎ᠡ᠃       ᠭᠤᠷᠪᠠ ᠳᠤ ᠭᠡᠰᠢᠭᠦᠳ ᠤᠨ ᠭᠡᠷ ᠪᠦᠯᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠭᠡᠰᠢᠭᠦᠳ ᠤᠨ ᠭᠡᠷ ᠤᠨ ᠬᠡᠮᠵᠢᠶᠡᠴᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠭᠡᠰᠢᠭᠦᠳ ᠤᠨ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠳᠤ ᠬᠠᠨᠳᠤᠭᠤᠯᠤᠨ ᠴᠢᠳᠠᠯ ᠤᠨ ᠬᠢᠷᠢ ᠪᠠᠷ ᠢᠶᠠᠨ ᠦᠢᠯᠡᠴᠢᠯᠡᠭᠡ ᠬᠠᠩᠭᠠᠬᠤ ᠶᠢ ᠳᠡᠮᠵᠢᠵᠦ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ︽ᠠᠷᠠᠳ ᠤᠨ ᠲᠥᠯᠥᠭᠡ ᠦᠢᠯᠡᠴᠢᠯᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠤᠯᠤᠰ ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠭᠦᠨᠵᠡᠭᠡᠶᠢᠷᠡᠭᠦᠯᠦᠨ᠂ ᠭᠡᠰᠢᠭᠦᠳ ᠤᠨ ᠳᠠᠭᠠᠭᠤᠯᠤᠨ ᠰᠢᠢᠳᠪᠦᠷᠢᠯᠡᠬᠦ ᠪᠠ ᠰᠢᠪᠠᠳᠠᠨ ᠰᠢᠢᠳᠪᠦᠷᠢᠯᠡᠭᠦᠯᠬᠦ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠭᠤᠨ ᠤᠲᠠᠰᠤᠨ ᠤ ᠠᠵᠢᠯ ᠤᠨ ᠬᠠᠭᠤᠳᠠᠰᠤ ᠶᠢᠨ ᠲᠣᠭᠲᠠᠴᠠ ᠶᠢ ᠪᠦᠷᠢᠨᠰᠢᠭᠦᠯᠵᠦ᠂ ᠭᠡᠰᠢᠭᠦᠳ ᠤᠨ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠠᠵᠢᠯ ᠢ ᠲᠦᠯᠬᠢᠨ ᠠᠬᠢᠭᠤᠯᠵᠤ᠂ ᠤᠯᠠᠨ ᠲᠦᠮᠡᠨ ᠳᠤ ᠤᠯᠤᠰ ᠲᠦᠷᠦ ᠶᠢᠨ ᠵᠥᠪᠯᠡᠯᠭᠡᠨ ᠪᠠ ᠬᠡᠰᠢᠭᠦᠳ ᠳᠡᠳᠡᠨ ᠲᠠᠢ ᠬᠡᠵᠢᠶᠡᠳᠡ ᠬᠠᠮᠳᠤ ᠪᠠᠶᠢᠭ᠎ᠠ ᠲᠦᠷᠦᠭᠳᠡᠯ  ᠤᠯᠭᠤᠨ᠎ᠡ᠃       ︵ᠳᠥᠷᠪᠡ︶ ᠲᠦᠷᠪᠡᠨ ᠵᠠᠩᠭᠢᠯᠠᠭ᠎ᠠ ᠶᠢ ᠴᠢᠩᠭ᠎ᠠ ᠠᠳᠬᠤᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠨᠡᠩ ᠪᠦᠲᠦᠮᠵᠢᠲᠡᠶ ᠭᠦᠢᠴᠡᠳᠬᠡᠬᠦ ᠶᠢ ᠲᠦᠯᠬᠢᠨ ᠠᠬᠢᠭᠤᠯᠤᠨ᠎ᠠ       ᠤᠯᠤᠰ ᠲᠦᠷᠦ ᠶᠢᠨ ᠵᠥᠪᠯᠡᠯᠭᠡᠨ ᠤ ︽ᠰᠣᠶᠣᠯ ᠤᠨ ᠤᠬᠠᠭᠤᠯᠭ᠎ᠠ᠂ ᠭᠡᠰᠢᠭᠦᠳ ᠤᠨ ᠪᠡᠶᠡᠴᠢ ᠴᠣᠭᠴᠠ᠂ ᠲᠤᠰᠬᠠᠢ  ᠵᠦᠪᠯᠡᠯ ᠤᠨ ᠰᠠᠭᠤᠷᠢ᠂ ᠪᠠᠶᠢᠭᠤᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ︾ ᠭᠡᠬᠦ ᠲᠦᠷᠪᠡᠨ ᠵᠠᠩᠭᠢᠯᠠᠭ᠎ᠠ ᠶᠢᠨ ᠬᠦᠴᠦᠨ ᠵᠦᠢᠯ ᠢ ᠡᠵᠡᠮᠳᠡᠵᠦ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠦᠴᠦᠯᠡᠬᠦ ᠴᠡᠭ ᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠯᠠᠨ᠎ᠡ᠃        ᠨᠢᠭᠡ ᠳᠤ᠂ ᠰᠣᠶᠣᠯ ᠤᠬᠠᠭᠤᠯᠭ᠎ᠠ ᠶᠢ ᠨᠡᠩ ᠡᠷᠴᠢᠮ ᠲᠠᠢ ᠪᠣᠯᠭᠠᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ  ᠰᠣᠶᠣᠯ ᠲᠡᠦᠬᠡ ᠶᠢᠨ ᠠᠵᠢᠯ ᠤᠨ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ︽ᠪᠤᠰᠤᠳ ᠤᠨ ᠨᠤᠲᠤᠭ ᠲᠠᠬᠢ ᠳᠠᠷᠬᠠᠨ ᠮᠤᠤᠮᠢᠩᠭᠠᠨᠴᠤᠳ︾ ᠭᠡᠬᠦ ᠲᠤᠰᠬᠠᠢ ᠪᠤᠯᠤᠩ ᠢ ᠰᠠᠶᠢᠲᠤᠷ ᠡᠷᠬᠢᠯᠡᠵᠦ᠂ ᠰᠣᠶᠣᠯ ᠲᠡᠦᠬᠡ ᠶᠢᠨ ᠮᠠᠲ᠋ᠧᠷᠢᠶᠠᠯ ︽ᠪᠤᠰᠤᠳ ᠤᠨ ᠨᠤᠲᠤᠭ ᠲᠠᠬᠢ ᠳᠠᠷᠬᠠᠨ ᠮᠤᠤᠮᠢᠩᠭᠠᠨᠴᠤᠳ︾ ᠤᠨ ᠬᠤᠶᠠᠳᠤᠭᠠᠷ ᠡᠮᠬᠢᠳᠬᠡᠯ᠂ ︽ᠳᠠᠷᠬᠠᠨ ᠮᠤᠤᠮᠢᠩᠭᠠᠨ ᠤ ᠤᠯᠤᠰ ᠲᠦᠷᠦ ᠶᠢᠨ ᠵᠥᠪᠯᠡᠯᠭᠡᠨ ᠤ ᠲᠠᠪᠤᠨ ᠵᠢᠯ ᠤᠨ ᠠᠵᠢᠯᠯᠠᠭ᠎ᠠ︾ ᠶᠢ ᠨᠠᠶᠢᠷᠠᠭᠤᠯᠤᠨ ᠵᠣᠬᠢᠶᠠᠵᠤ᠂ ︽ᠳᠠᠷᠬᠠᠨ ᠮᠤᠤᠮᠢᠩᠭᠠᠨ ᠤ ᠰᠣᠶᠣᠯ ᠲᠡᠦᠬᠡ︾ ᠰᠡᠳᠬᠦᠯ ᠤᠨ ᠲᠠᠷᠬᠠᠭᠠᠯᠲᠠ ᠶᠢ ᠲᠦᠯᠬᠢᠨ ᠠᠬᠢᠭᠤᠯᠤᠨ᠎ᠠ᠃ ᠤᠯᠤᠰ ᠲᠦᠷᠦ ᠶᠢᠨ ᠵᠥᠪᠯᠡᠯᠭᠡᠨ ᠤ ᠶᠡᠭᠡ ᠤᠬᠠᠭᠤᠯᠭ᠎ᠠ ᠶᠢᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠠᠷᠬᠠᠨ ᠮᠤᠤᠮᠢᠩᠭᠠᠨ ᠤ ᠦᠯᠢᠭᠡᠷ᠂ ᠤᠯᠤᠰ ᠲᠦᠷᠦ ᠶᠢᠨ ᠵᠥᠪᠯᠡᠯᠭᠡᠨ ᠤ ᠦᠯᠢᠭᠡᠷ᠂ ᠭᠡᠰᠢᠭᠦᠨ ᠤ ᠦᠯᠢᠭᠡᠷ ᠢ ᠰᠠᠶᠢᠲᠤᠷ ᠶᠠᠷᠢᠨ᠎ᠠ᠃ ᠤᠯᠤᠰ ᠲᠦᠷᠦ ᠶᠢᠨ ᠵᠥᠪᠯᠡᠯᠭᠡᠨ ᠤ ᠤᠨᠤᠯ ᠤᠨ ᠰᠤᠳᠤᠯᠭᠠᠨ ᠢ ᠴᠢᠩᠭᠠᠳᠬᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠯ ᠤᠨ ᠰᠤᠳᠤᠯᠭᠠᠨ ᠤ ᠰᠡᠳᠦᠪ ᠢ ᠰᠤᠳᠤᠯᠤᠨ ᠲᠣᠭᠲᠠᠭᠠᠵᠤ᠂ ᠴᠢᠨᠠᠷ ᠰᠠᠶᠢᠲᠠᠢ ᠰᠤᠳᠤᠯᠭᠠᠨ ᠤ ᠦᠷ᠎ᠡ ᠶᠢ ᠪᠤᠢ ᠪᠤᠯᠭᠠᠨ᠎ᠠ᠃      ᠬᠤᠶᠠᠷ ᠲᠤ ᠭᠡᠰᠢᠭᠦᠳ ᠤᠨ ᠡᠩᠨᠡᠭᠡ ᠶᠢ ᠨᠡᠩ ᠬᠥᠭᠵᠢᠭᠡᠨ ᠲᠠᠢ ᠪᠣᠯᠭᠠᠬᠤ ᠬᠡᠷᠡᠭᠲᠡᠢ᠃ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠪᠠᠰᠤᠷᠠᠯ ᠢ ᠴᠢᠩᠭᠠᠳᠬᠠᠵᠤ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠤᠨ ᠰᠢᠨ᠎ᠡ ᠶᠢ ᠡᠭᠦᠳᠴᠦ᠂ ᠲᠡᠷᠢᠭᠦᠯᠡᠭᠴᠢᠳ ᠤᠨ ᠬᠤᠷᠠᠯᠳᠤᠭᠠᠨ ᠤ ᠪᠦᠷᠢᠯᠳᠦᠭᠦᠨ ᠨᠠᠷ ᠭᠡᠰᠢᠭᠦᠳ ᠢ ᠰᠤᠷᠪᠤᠯᠵᠢᠯᠠᠬᠤ ᠪᠠ ᠰᠡᠳᠬᠢᠯ ᠢᠶᠠᠨ ᠤᠶᠢᠯᠠᠭᠠᠯᠴᠠᠬᠤ ᠶᠠᠷᠢᠯᠴᠠᠭ᠎ᠠ ᠦᠷᠨᠢᠭᠦᠯᠬᠦ ᠵᠡᠷᠭᠡ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠨᠢ ᠦᠨᠡᠨ ᠪᠣᠳᠠᠲᠠᠢ ᠭᠡᠰᠢᠭᠦᠳ ᠤᠨ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ ᠦᠢᠯᠡᠴᠢᠯᠡᠭᠡ ᠶᠢ ᠰᠢᠯᠢᠳᠡᠭᠵᠢᠭᠦᠯᠬᠦ ᠪᠠ ᠬᠠᠮᠢᠶᠠᠷᠤᠯᠲᠠ ᠶᠢ ᠴᠢᠩᠭᠠᠳᠬᠠᠬᠤ ᠶᠢ ᠤᠶᠠᠯᠳᠤᠭᠤᠯᠬᠤ᠂ ᠬᠢᠨᠠᠨ ᠰᠢᠯᠭᠠᠵᠤ ᠤᠷᠮᠠᠰᠢᠭᠤᠯᠬᠤ ᠪᠠ ᠰᠠᠬᠢᠯᠭ᠎ᠠ ᠪᠠᠲᠤ ᠪᠠᠷ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠣᠳᠣᠷᠬᠠᠢ ᠬᠠᠭᠤᠳᠠᠰᠤ ᠶᠢ ᠲᠣᠭᠲᠠᠭᠠᠵᠤ᠂ ᠭᠡᠰᠢᠭᠦᠳ ᠢ ᠬᠦᠲᠦᠯᠦᠨ ᠵᠢᠯᠤᠭᠤᠳᠴᠤ ︽ᠭᠡᠰᠢᠭᠦᠳ ᠤᠨ ᠳᠠᠰᠬᠠᠯ︾ ᠢᠶᠠᠨ ᠴᠢᠨᠠᠷ ᠰᠠᠶᠢᠲᠠᠢ ᠪᠡᠶᠡᠯᠡᠭᠦᠯᠬᠦ ᠶᠢ  ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠢ ᠵᠣᠬᠢᠶᠠᠨ ᠪᠠᠶᠢᠭᠤᠯᠤᠨ ᠪᠠᠶᠢᠩᠭᠤ ᠶᠢᠨ ᠬᠤᠷᠢᠶ᠎ᠠ ᠳᠤ ᠲᠤᠰᠢᠶᠠᠯ ᠤᠨ ᠮᠡᠳᠡᠭᠦᠯᠦᠯᠲᠡ ᠬᠢᠯᠭᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ ᠭᠡᠰᠢᠭᠦᠳ ᠤᠨ ᠲᠤᠰᠢᠶᠠᠯ ᠠᠴᠠ ᠪᠠᠨ ᠪᠠᠭᠤᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠦᠨᠡᠨ ᠬᠦ ᠴᠢᠩᠭᠠᠳᠬᠠᠨ᠎ᠡ᠃       ᠭᠤᠷᠪᠠ ᠳᠤ᠂ ᠲᠤᠰᠬᠠᠢ ᠵᠥᠪᠯᠡᠯ ᠤᠨ ᠦᠢᠯᠡᠳᠦᠯ ᠢ ᠨᠡᠩ ᠲᠣᠪᠣᠶᠢᠮ᠎ᠠ ᠪᠣᠯᠭᠠᠬᠤ ᠬᠡᠷᠡᠭᠲᠡᠢ᠃ ᠲᠤᠰᠬᠠᠢ ᠵᠦᠪᠯᠡᠯ ᠤᠨ ᠠᠵᠢᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠲᠤᠰᠬᠠᠢ ᠵᠦᠪᠯᠡᠯ ᠤᠨ ᠠᠵᠢᠯ ᠤᠨ ᠬᠠᠮᠢᠶᠠᠷᠤᠯᠲᠠ᠂ ᠴᠢᠳᠠᠪᠤᠷᠢ ᠶᠢᠨ ᠪᠠᠶᠢᠭᠤᠯᠤᠯᠲᠠ ᠪᠠ ᠠᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠵᠤ᠂ ᠲᠤᠰᠬᠠᠢ ᠵᠦᠪᠯᠡᠯ ᠬᠢᠭᠡᠳ ᠨᠠᠮ ᠵᠠᠰᠠᠭ ᠤᠨ ᠰᠠᠯᠠᠭ᠎ᠠ ᠮᠥᠴᠢᠷ ᠤᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠵᠥᠪᠳᠡᠯᠴᠡᠬᠦ ᠪᠠ ᠨᠡᠪᠲᠡᠷᠡᠯᠴᠡᠨ ᠬᠠᠮᠵᠢᠯᠴᠠᠬᠤ ᠶᠢ ᠭᠦᠨᠵᠡᠭᠡᠶᠢᠷᠡᠭᠦᠯᠵᠦ᠂ ᠲᠤᠰᠬᠠᠢ ᠵᠦᠪᠯᠡᠯ ᠤᠨ ᠭᠡᠰᠢᠭᠦᠳ ᠪᠠ ᠨᠡᠶᠢᠭᠡᠮ ᠤᠨ ᠡᠯ᠎ᠡ ᠡᠲᠡᠭᠡᠳ  ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠬᠤ ᠶᠢ ᠲᠡᠮᠵᠢᠵᠤ᠂ ᠡᠲᠡᠭᠡᠳ ᠤᠨ ᠢᠯᠭᠠᠯ ᠤᠨ ᠭᠡᠰᠢᠭᠦᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠰᠤᠷᠤᠯᠴᠠᠭᠤᠯᠬᠤ᠂ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠲᠤᠰᠬᠠᠢ ᠵᠦᠪᠯᠡᠯ ᠤᠨ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠠᠰᠠᠭᠤᠳᠠᠯ ᠤᠨ ᠪᠠᠶᠢᠳᠠᠯ ᠤᠨ ᠲᠤᠬᠠᠢ ᠮᠡᠳᠡᠭᠡᠯᠡᠯ ᠢ ᠪᠠᠶᠢᠩᠭᠤᠵᠢᠭᠤᠯᠬᠤ᠂ ᠲᠤᠬᠳᠠᠴᠠᠵᠢᠭᠤᠯᠬᠤ ᠶᠢ ᠲᠦᠯᠬᠢᠨ ᠠᠬᠢᠭᠤᠯᠵᠤ᠂ ᠲᠤᠰᠬᠠᠢ ᠵᠦᠪᠯᠡᠯ ᠤᠨ ᠰᠠᠭᠤᠷᠢᠯᠠᠬᠤ ᠴᠢᠨᠠᠷᠲᠠᠢ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠤᠨ᠎ᠠ᠃        ᠳᠥᠷᠪᠡ ᠳᠤ᠂ ᠪᠠᠶᠢᠭᠤᠯᠤᠮᠵᠢ ᠶᠢᠨ ᠪᠠᠶᠢᠳᠠᠯ ᠢ ᠨᠡᠩ ᠴᠤᠭ ᠪᠠᠳᠠᠷᠠᠩᠭᠤᠢ ᠪᠣᠯᠭᠠᠬᠤ ᠬᠡᠷᠡᠭᠲᠡᠢ᠃ ᠪᠠᠶᠢᠭᠤᠯᠭ᠎ᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠵᠤ᠂ ᠲᠡᠷᠢᠭᠦᠨ ᠤ ᠬᠢ ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠬᠤ ᠠᠭᠤᠷ ᠠᠮᠢᠰᠬᠤᠯ ᠢ ᠪᠤᠢ ᠪᠣᠯᠭᠠᠨ᠎ᠠ᠃ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠪᠤᠢ ᠪᠣᠯᠭᠠᠬᠤ ᠂ ᠳᠡᠭᠡᠭᠰᠢᠯᠡᠭᠦᠯᠬᠦ᠂ ᠲᠡᠮᠡᠴᠡᠨ ᠤᠯᠬᠤ︾ ᠲᠤᠰᠬᠠᠢ ᠰᠡᠳᠦᠪᠲᠦ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠪᠠ ᠺᠠᠳ᠋ᠷ ᠤᠨ ᠡᠩᠨᠡᠭᠡᠨ ᠤ ︽ᠲᠠᠪᠤᠨ ᠵᠠᠷᠴᠢᠮ︾ ᠤᠨ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ ᠪᠠᠶᠢᠭᠤᠯᠭ᠎ᠠ ᠶᠢᠨ ᠠᠵᠢᠯᠯᠠᠭᠠᠨ ᠤ ᠳᠦᠷᠢᠮ ᠢ ᠲᠡᠭᠦᠯᠳᠡᠷᠵᠢᠭᠦᠯᠵᠦ᠂ ᠪᠢᠴᠢᠭ ᠮᠠᠲ᠋ᠧᠷᠢᠶᠠᠯ ᠰᠢᠢᠳᠪᠦᠷᠢᠯᠡᠬᠦ᠂ ᠬᠤᠷᠠᠯ ᠡᠷᠬᠢᠯᠡᠬᠦ᠂ ᠠᠵᠢᠯ ᠶᠠᠪᠤᠳᠠᠯ ᠡᠷᠬᠢᠯᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠷᠤᠯᠴᠠᠬᠤ ᠮᠠᠶ᠋ᠢᠭ ᠤᠨ᠂ ᠦᠷ᠎ᠡ ᠪᠦᠲᠦᠮᠵᠢ ᠶᠢᠨ ᠮᠠᠶ᠋ᠢᠭ ᠤᠨ᠂ ᠠᠷᠢᠭᠤᠨ ᠴᠢᠬᠡᠴᠢ ᠮᠠᠶ᠋ᠢᠭ ᠤᠨ᠂ ᠦᠢᠯᠡᠴᠢᠯᠡᠭᠡᠨ ᠤ ᠮᠠᠶ᠋ᠢᠭ ᠤᠨ ᠪᠠᠶᠢᠭᠤᠯᠤᠮᠵᠢ ᠶᠢ ᠵᠠᠯᠭᠠᠭ᠎ᠠ ᠪᠠᠷ ᠪᠠᠶᠢᠭᠤᠯᠵᠤ᠂ ᠴᠢᠨᠠᠷ ᠰᠠᠶᠢᠲᠠᠢ ᠦᠢᠯᠡᠴᠢᠯᠡᠭᠡ ᠪᠠᠷ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠴᠢᠨᠠᠷ ᠰᠠᠶᠢᠲᠠᠢ ᠬᠥᠭᠵᠢᠬᠦ ᠶᠢ ᠲᠦᠯᠬᠢᠨ ᠠᠬᠢᠭᠤᠯᠤᠨ᠎ᠠ᠃       ᠭᠡᠰᠢᠭᠦᠳ ᠠ᠋᠂ ᠨᠥᠬᠦᠳ ᠠ᠋᠂  ᠪᠦᠯᠬᠦᠮᠳᠡᠯ ᠢᠶᠠᠷ ᠬᠦᠴᠤ ᠪᠠᠨ ᠨᠢᠭᠡᠳᠬᠡᠵᠤ᠂ ᠴᠢᠷᠮᠠᠶᠢᠯᠭ᠎ᠠ ᠪᠠᠷ ᠠᠤᠭ᠎ᠠ ᠶᠡᠭᠡ ᠦᠢᠯᠡᠰ ᠢ ᠴᠣᠭᠴᠠᠯᠠᠶ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠤ ᠨᠡᠩ ᠶᠡᠭᠡ ᠢᠯᠠᠯᠲᠠ ᠶᠢ ᠲᠡᠮᠡᠴᠡᠨ ᠣᠯᠬᠤ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠴᠢᠳᠠᠯ ᠢᠶᠠᠨ ᠡᠷᠭᠦᠵᠡᠭᠡᠶ᠎ᠡ︕ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号