3 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠠᠷᠪᠠᠨ | ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 165 ᠳ᠋ᠤᠭᠠᠷ ᠤᠳᠠᠭᠠᠨ ᠤ ᠬᠤᠷᠠᠯ ᠵᠢᠴᠢ | ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ᠂ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠬᠤᠷᠠᠯ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ | ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠪᠦᠷᠢᠯᠳᠦᠬᠦᠨ ᠬᠤᠷᠠᠯ ᠳᠤ ᠰᠤᠯᠠ | ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ | ᠬᠥᠭᠵᠢᠯᠲᠡ ᠶᠢ ᠢᠮᠠᠭᠲᠠ ᠪᠣᠳᠠᠲᠤ ᠴᠣᠭᠴᠠ ᠶᠢᠨ ᠠᠵᠤ ᠠᠬᠤᠢ ᠶᠢ ᠠᠳᠬᠤᠬᠤ ᠳᠡᠭᠡᠷ᠎ᠡ ᠲᠠᠯᠪᠢᠵᠤ᠂ ᠬᠠᠷᠠᠯᠲᠠ | ᠡᠭᠦᠷᠭᠡ ᠶᠢ ᠴᠢᠩᠭ᠎ᠠ ᠠᠳᠬᠤᠵᠤ᠂ ᠥᠭᠡᠷᠡᠴᠢᠯᠡᠯᠲᠡ ᠶᠢᠨ ᠰᠡᠳᠬᠢᠬᠦᠢ ᠪᠠᠷ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠯ ᠢ | ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠢ ᠪᠣᠳᠠᠲᠠᠢ ᠠᠳᠬᠤᠵᠤ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠳᠤ ᠰᠠᠭᠤᠷᠢ ᠶᠢ ᠪᠠᠲᠤᠳᠬᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ | ᠵᠣᠷᠢᠭ ᠰᠠᠨᠠᠭ᠎ᠠ᠂ ︽ᠪᠥᠬᠦ ᠨᠠᠮ ᠳᠤ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ︽ | ᠪᠥᠬᠦ ᠬᠤᠲᠠ ᠳᠤ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠬᠡᠷᠡᠭᠵᠢᠭᠦᠯᠬᠦ ᠲᠥᠰᠦᠯ ᠪᠠ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠠᠵᠢᠯ ᠤᠨ | ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠦᠮᠦᠵᠢᠯ ᠤᠨ ᠨᠠᠮ ᠤᠨ ᠲᠥᠪ ᠬᠤᠷᠢᠶᠠᠨ ᠤ | ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠪᠤᠳᠤᠯᠬᠢᠯᠠᠯ ᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠰᠢ ᠶᠢᠨ ᠫᠢᠩ | ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠤᠯᠤᠰ ᠲᠦᠷᠦ ᠶᠢᠨ | ᠵᠤᠭᠰᠤᠴᠠ ᠪᠠᠨᠲ᠋ᠡᠭᠡᠭᠰᠢᠯᠡᠬᠦᠯᠵᠦ᠂ ᠵᠣᠬᠢᠶᠠᠨ ᠪᠠᠶᠢᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ | ᠰᠤᠷᠤᠯᠴᠠᠯᠭ᠎ᠠ ᠶᠢᠨ ᠶᠠᠰᠤ ᠴᠢᠨᠠᠷ ᠲᠠᠢ᠂ ᠪᠠᠶᠢᠴᠠᠭᠠᠯᠲᠠ ᠶᠢᠨ ᠡᠷᠴᠢᠮ ᠲᠠᠢ᠂ ᠦᠷ᠎ᠡ ᠪᠦᠲᠦᠮᠵᠢ ᠲᠠᠢ ᠪᠠᠶᠢᠬᠤ ᠶᠢ | ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠳᠡᠭᠡᠳᠦ ᠱᠠᠲᠤᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ᠂ ᠭᠤᠤᠯᠳᠠᠯᠭ᠎ᠠ ᠲᠠᠢ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ᠂ ᠠᠷᠢᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠮᠠᠨ ᠤ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠳᠤ | ᠣᠷᠣᠰᠢᠵᠤ ᠪᠠᠶᠢᠭ᠎ᠠ ᠠᠰᠠᠭᠤᠳᠠᠯ ᠢ ᠰᠡᠷᠭᠡᠭ ᠢᠶᠠᠷ ᠲᠠᠨᠢᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠰᠠᠶᠢᠲᠤᠷ ᠠᠳᠬᠤᠵᠤ᠂ ᠠᠷᠢᠯᠵᠢᠶᠠᠴᠢᠨ ᠤᠷᠢᠵᠤ ᠪᠠᠯᠠ ᠣᠷᠣᠭᠤᠯᠬᠤ ᠶᠢ ᠪᠣᠳᠠᠲᠠᠶ ᠠᠳᠬᠤᠵᠤ᠂ ᠳᠠᠷᠤᠯᠲᠠ ᠥᠭᠴᠦ | ᠡᠷᠡᠯᠬᠡᠭᠯᠡᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ 2025 ᠣᠨ ᠳᠤ ᠲᠡᠷᠢᠭᠦᠨ ᠤ ᠬᠢ ᠶᠢ | ᠲᠡᠮᠡᠴᠡᠨ ᠰᠢᠯᠢᠳᠡᠭ ᠢ ᠡᠭᠦᠳᠬᠦ ᠳᠤ ︽ᠠᠩᠬᠠᠨ ᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠢᠭᠡᠳᠦᠮᠡᠯ ᠹᠷᠣᠨᠲ᠂ | ᠨᠡᠶᠢᠭᠡᠮ ᠤᠨ ᠠᠵᠢᠯ ᠤᠨ ᠬᠤᠷᠠᠯ ᠵᠢᠴᠢ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ︵ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠪᠠᠭᠲᠠᠨ᠎ᠠ︶ ᠤᠨ ᠪᠠᠶᠢᠳᠠᠯ ᠪᠠ 2025 ᠣᠨ ᠤ ᠠᠵᠢᠯ ᠤᠨ ᠰᠡᠳᠬᠢᠴᠡ ᠶᠢᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠶᠡᠷᠦᠩᠬᠡᠶ ᠱᠦᠵᠢ ᠰᠢ ᠶᠢᠨ ᠫᠢᠩ ᠤᠨ ᠵᠣᠬᠢᠶᠠᠨ ᠪᠠᠶᠢᠭᠤᠯᠬᠤ᠂ ᠤᠬᠠᠭᠤᠯᠬᠤ᠂ | ᠨᠢᠭᠡᠳᠦᠮᠡᠯ ᠹᠷᠣᠨᠲ᠂ ᠨᠡᠶᠢᠭᠡᠮ ᠤᠨ ᠠᠵᠢᠯᠲᠠᠨ᠂ ᠤᠯᠤᠰ ᠲᠥᠷᠥ ᠬᠠᠤᠯᠢ ᠴᠠᠭᠠᠵᠠ ᠵᠡᠷᠭᠡ ᠠᠵᠢᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ | ᠴᠢᠭᠯᠡᠯ ᠢ ᠪᠠᠲᠤ ᠡᠵᠡᠮᠳᠡᠵᠦ᠂ ᠭᠤᠤᠯᠳᠠᠯᠭ᠎ᠠ ᠲᠠᠢ ᠠᠵᠢᠯ ᠢ ᠪᠣᠳᠠᠲᠠᠶ ᠠᠳᠬᠤᠵᠤ᠂ ᠬᠡᠷᠡᠭᠵᠢᠭᠦᠯᠦᠯᠲᠡ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠣᠳᠣᠬᠢᠴᠢᠯᠠᠭᠰᠠᠨ ᠰᠢᠨ᠎ᠡ ᠳᠠᠷᠬᠠᠨ ᠮᠤᠤᠮᠢᠩᠭᠠᠨ ᠤ ᠪᠥᠲᠥᠭᠡᠨ | ᠪᠠᠶᠢᠭᠤᠯᠤᠯᠲᠠ ᠳᠤ ᠴᠢᠬᠤᠯᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠲᠥᠪ ᠤᠨ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠲᠥᠪ ᠤᠨ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠡᠭᠡᠳᠦ | ᠱᠠᠲᠤᠨ ᠤ ᠠᠵᠢᠯ ᠤᠨ ᠬᠤᠷᠠᠯ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢ ᠨᠢᠭᠡ | ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠪᠥᠬᠦ ᠬᠤᠰᠢᠭᠤᠨ ᠤ ︽ᠮᠠᠯ ᠠᠵᠤ ᠠᠬᠤᠶ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ | ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ᠶᠡᠷᠦᠩᠬᠡᠶ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠶ ᠴᠢᠬᠤᠯᠠ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠪᠤᠭᠤᠲᠤ ᠬᠤᠲᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠬᠥᠳᠡᠯᠮᠦᠷᠢ ᠬᠦᠴᠦᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾᠂ ︽ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭ᠎ᠠ ᠭᠤᠤᠯ | ᠠᠵᠢᠯ ᠤᠨ ᠬᠠᠮᠢᠶᠠᠷᠤᠯᠲᠠ ᠶᠢᠨ ᠠᠷᠭ᠎ᠠ︾ ᠪᠣᠯᠤᠨ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠤᠯᠤᠰ ᠤᠨᠥᠮᠴᠢᠯᠡᠯ ᠤᠨ ᠠᠵᠤ ᠠᠬᠤᠶᠢᠯᠠᠯ ᠤᠨ ᠴᠠᠯᠢᠩ ᠬᠥᠯᠥᠰᠥ ᠶᠢᠨ ᠶᠡᠷᠦᠩᠬᠡᠶ ᠲᠤᠭ᠎ᠠ ᠶᠢᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |