ᠵᠠᠮ ᠤᠨ ᠳ᠋ᠧᠩ ᠤᠨ ︽ᠭᠡᠷᠡᠯᠲᠦᠭᠦᠯᠭᠡ ᠶᠢᠨ ᠲᠥᠯᠥᠪᠯᠡᠭᠡ︾ ᠠᠰᠢᠭᠯᠠᠯᠳᠠ ᠳᠤ ᠣᠷᠣᠵᠣ ᠰᠤᠷᠭᠠᠭᠤᠯᠢ ᠶᠢᠨ ᠡᠭᠦᠳᠡᠨ ᠳᠤ ᠭᠡᠷᠡᠯᠲᠦᠭᠦᠯᠭᠡ ᠶᠢᠨ ᠪᠠᠯᠠᠢ ᠣᠷᠣᠨ ᠦᠭᠡᠢ ᠪᠣᠯᠪᠠ
ᠨᠡᠶᠢᠲᠡᠯᠡᠭᠰᠡᠨ ᠴᠠᠭ᠄
2025/3/26
      ︽ᠥᠩᠭᠡᠷᠡᠭᠰᠡᠨ ᠳᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠵᠠᠮ ᠤᠨ ᠠᠭᠤᠯᠵᠠᠷ ᠲᠤ ᠣᠷᠣᠢ ᠳᠤ ᠪᠠᠨ ᠭᠡᠷᠡᠯᠲᠦᠭᠦᠯᠭᠡ ᠬᠦᠷᠦᠯᠴᠡᠬᠦ ᠥᠬᠡᠶ᠂ ᠪᠠᠭᠰᠢ ᠰᠤᠷᠤᠭᠴᠢᠳ ᠰᠤᠷᠭᠠᠭᠤᠯᠢ ᠲᠠᠷᠬᠠᠬᠤ ᠦᠶ᠎ᠡ ᠳᠤ᠂ ᠰᠤᠷᠭᠠᠭᠤᠯᠢ ᠶᠢᠨ ᠡᠭᠦᠳᠡᠨ ᠳᠤ ᠲᠡᠷᠭᠡ ᠤᠨᠠᠭ᠎ᠠ ᠣᠯᠠᠨ᠂ ᠮᠠᠰᠢ ᠠᠶᠤᠯᠲᠠᠶ᠂ ᠣᠲᠣ ᠬᠡᠷᠡᠯ ᠭᠡᠭᠡ ᠬᠥᠷᠥᠯᠴᠡᠭᠰᠡᠨ ᠠᠴᠠ  ᠲᠡᠷᠭᠡᠨ ᠫᠠᠶᠢᠰᠠ ᠶᠢ ᠲᠣᠳᠣᠷᠬᠠᠶ ᠣᠯᠵᠤ ᠦᠵᠡᠬᠦ ᠪᠣᠯᠵᠣ᠂ ᠰᠤᠷᠭᠠᠭᠤᠯᠢ ᠲᠠᠷᠬᠠᠭᠠᠳ ᠭᠠᠷᠴᠤ ᠢᠷᠡᠭᠰᠡᠨ ᠪᠠᠭᠰᠢ ᠰᠤᠷᠤᠭᠴᠢᠳ ᠠᠶᠤᠬᠤ ᠬᠡᠷᠡᠭ ᠥᠬᠡᠶ ᠪᠣᠯᠵᠠᠢ︾ ᠭᠡᠵᠥ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠷᠰᠢᠯᠲᠠ ᠶᠢᠨ ᠳᠤᠮᠳᠠ ᠰᠤᠷᠭᠠᠭᠤᠯᠢ ᠶᠢᠨ ᠪᠠᠭᠰᠢ ᠮᠢ ᠯᠢ ᠰᠢᠶᠠ ᠬᠡᠯᠡᠪᠡ᠃ ᠲᠣᠰ ᠤᠳᠠᠭᠠᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠡᠭᠦᠳᠡᠨ ᠡᠮᠦᠨᠡᠬᠢ ᠵᠠᠮ ᠤᠨ ᠳ᠋ᠧᠩ ᠢ ᠲᠠᠰ ᠳᠡᠪᠰᠢᠭᠦᠯᠦᠨ ᠥᠭᠡᠷᠡᠴᠢᠯᠡᠬᠦ ᠨᠢ ᠰᠤᠷᠭᠠᠭᠤᠯᠢ ᠪᠠᠷ ᠲᠥᠪ ᠪᠣᠯᠭᠠᠨ᠂ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠤᠨ ᠳ᠋ᠧᠩ ᠢ ᠰᠣᠯᠢᠵᠤ ᠲᠠᠰ ᠳᠡᠪᠰᠢᠭᠦᠯᠵᠦ᠂ ᠥᠭᠡᠷᠡᠴᠢᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ᠂ ᠭᠡᠷᠡᠯᠲᠦᠭᠦᠯᠭᠡ ᠶᠢᠨ ᠬᠡᠪᠴᠢᠶ᠎ᠡ ᠢᠯᠡᠳᠲᠡ ᠥᠷᠭᠡᠳᠬᠡᠵᠦ᠂ ᠵᠠᠮ ᠤᠨ ᠭᠠᠳᠠᠷᠭᠤ ᠶᠢᠨ ᠭᠡᠷᠡᠯ ᠲᠠᠢ ᠬᠡᠰᠡᠭ ᠢ ᠶᠡᠭᠡ ᠬᠡᠮᠵᠢᠶ᠎ᠡ ᠪᠠᠷ ᠥᠷᠭᠡᠳᠭᠡᠨ᠂ ᠰᠥᠨᠢ ᠶᠢᠨ ᠭᠡᠷᠡᠯᠲᠦᠭᠦᠯᠭᠡ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠪᠡ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠡᠭᠦᠳᠡᠨ ᠡᠮᠦᠨᠡᠬᠢ ᠵᠠᠮ ᠬᠠᠷᠢᠯᠴᠠᠭᠠᠨ ᠤ ᠳ᠋ᠧᠩ ᠤᠨ ᠤᠲᠠᠰᠤ ᠬᠠᠭᠤᠴᠢᠷᠠᠵᠤ᠂ ᠭᠡᠷᠡᠯᠲᠦᠭᠦᠯᠭᠡ ᠶᠢᠨ ᠬᠦᠴᠦᠯᠡᠴᠡ ᠬᠦᠷᠦᠯᠴᠡᠬᠦ ᠥᠬᠡᠶ ᠠᠴᠠ ᠪᠣᠯᠵᠣ᠂ ᠰᠥᠨᠢ ᠶᠢᠨ ᠭᠡᠷᠡᠯᠲᠦᠭᠦᠯᠭᠡ ᠶᠢᠨ ᠪᠠᠯᠠᠶ ᠣᠷᠣᠨ ᠣᠷᠣᠰᠢᠵᠤ᠂ ᠬᠡᠷ ᠤᠨ ᠠᠬᠠᠮᠠᠳ᠂ ᠪᠠᠭᠰᠢ ᠰᠤᠷᠤᠭᠴᠢᠳ ᠣᠷᠣᠢ ᠰᠤᠷᠭᠠᠭᠤᠯᠢ ᠠᠴᠠ ᠪᠠᠨ ᠰᠠᠯᠬᠤ ᠦᠶ᠎ᠡ ᠳᠤ ᠮᠠᠰᠢ ᠳᠥᠭᠦᠮ ᠦᠭᠡᠢ ᠪᠠᠶᠢᠵᠤ᠂ ᠪᠠᠰᠠ ᠵᠣᠬᠢᠬᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠳᠠᠭ᠃ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠠᠷᠤᠶ ᠲᠦᠷᠭᠡᠨ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ ᠶᠢᠨ ᠬᠠᠮᠲᠤ ᠨᠠᠷᠢᠨ ᠰᠢᠢᠳᠪᠦᠷᠢᠯᠡᠬᠦ ᠲᠥᠰᠦᠯ ᠲᠣᠭᠲᠠᠭᠠᠵᠤ᠂ ᠰᠢᠨ᠎ᠡ ᠪᠠᠷ ᠤᠭᠰᠠᠷᠠᠭᠰᠠᠨ 8 ᠵᠠᠮ ᠤᠨ ᠳ᠋ᠧᠩ ᠨᠢ ᠣᠯᠠᠨ ᠲᠦᠮᠡᠨ ᠤ ᠠᠮᠤᠷ ᠲᠦᠪᠰᠢᠨ ᠢ ᠬᠠᠮᠠᠭᠠᠯᠠᠵᠤ ᠪᠠᠶᠢᠨ᠎ᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠴᠧᠨ ᠰᠢ᠄ ︽ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠵᠠᠮ ᠤᠨ ᠳ᠋ᠧᠩ ᠢ ᠰᠡᠯᠪᠢᠨ ᠵᠠᠰᠠᠬᠤ ᠨᠢ ᠵᠥᠪᠬᠡᠨ ᠲᠡᠭᠦᠨ ᠤ ᠳᠣᠲᠣᠷᠠᠬᠢ ᠨᠢᠭᠡ ᠵᠦᠢᠯ ᠤᠨ ᠠᠵᠢᠯ ᠪᠣᠯᠤᠨ᠎ᠠ᠃ ᠵᠠᠯᠭᠠᠭᠠᠳ ᠪᠢᠳᠡ ᠪᠠᠰᠠ ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠲᠡᠭᠡᠷ ᠴᠢᠷᠮᠠᠶᠢᠯᠭ᠎ᠠ ᠪᠠᠷ ᠳᠠᠮᠵᠢᠭᠤᠯᠤᠨ᠂ ᠪᠠᠭᠰᠢ ᠰᠤᠷᠤᠭᠴᠢᠳ ᠲᠤ ᠠᠮᠤᠷ ᠲᠦᠪᠰᠢᠨ᠂ ᠲᠠᠭᠠᠯᠠᠮᠵᠢᠲᠠᠶ᠂ ᠡᠶ᠎ᠡ ᠵᠣᠬᠢᠴᠠᠩᠭᠤᠶ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠰᠤᠷᠤᠭᠴᠢᠳ ᠢ ᠰᠠᠨᠠᠭ᠎ᠠ ᠠᠮᠤᠷ ᠰᠤᠷᠤᠯᠴᠠᠭᠤᠯᠵᠤ᠂ ᠬᠡᠷ ᠤᠨ ᠠᠬᠠᠮᠠᠳ ᠢ ᠰᠠᠨᠠᠭ᠎ᠠ ᠠᠮᠤᠷ ᠲᠤᠰᠴᠤ ᠬᠥᠷᠭᠡᠭᠦᠯᠥᠨ᠎ᠡ︾ ᠭᠡᠵᠡᠶ᠃    ᠰᠦᠨᠢ ᠶᠢᠨ ᠬᠦᠰᠢᠬᠡ ᠪᠠᠭᠤᠵᠦ᠂ ᠵᠠᠮ ᠤᠨ ᠳ᠋ᠧᠩ ᠨᠣᠴᠣᠨ᠂ ᠭᠡᠷᠡᠯ ᠨᠢ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠡᠭᠦᠳᠡ ᠬᠠᠭᠠᠯᠭ᠎ᠠ ᠶᠢ ᠭᠡᠷᠡᠯᠲᠦᠭᠦᠯᠦᠭᠰᠡᠨ ᠢᠶᠠᠷ ᠪᠠᠷᠠᠬᠤ ᠦᠭᠡᠶ᠂ ᠪᠠᠰᠠ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠰᠡᠳᠬᠢᠯ ᠢ ᠳᠤᠯᠠᠭᠠᠴᠠᠭᠤᠯᠪᠠ᠃ ︽ᠥᠩᠭᠡᠷᠡᠭᠰᠡᠨ ᠳᠤ ᠣᠷᠣᠶ ᠰᠡᠯᠡᠭᠦᠴᠡᠨ ᠠᠯᠬᠤᠬᠤ ᠳᠤ ᠪᠦᠷ ᠲᠣᠭᠤᠷᠢᠵᠤ ᠶᠠᠪᠤᠳᠠᠭ᠂ ᠣᠳᠣ ᠰᠠᠶᠢᠨ ᠪᠣᠯᠵᠠᠶ᠂ ᠰᠢᠨ᠎ᠡ ᠤᠭᠰᠠᠷᠠᠭᠰᠠᠨ ᠵᠠᠮ ᠤᠨ ᠳ᠋ᠧᠩ  ᠭᠡᠷᠡᠯᠲᠦᠭᠦᠯᠭᠡ ᠰᠠᠶᠢᠨ᠂ ᠣᠷᠣᠶ ᠭᠠᠷᠴᠤ ᠰᠡᠯᠡᠭᠦᠴᠡᠨ ᠲᠣᠭᠤᠷᠢᠬᠤ ᠪᠣᠶᠤ ᠠᠭᠤᠳᠠᠮ ᠲᠠᠯᠠᠪᠠᠢ ᠶᠢᠨ ᠪᠥᠵᠢᠭ ᠪᠥᠵᠢᠭᠯᠡᠬᠦ ᠳᠤ ᠪᠦᠷ ᠳᠥᠭᠦᠮ ᠪᠣᠯᠵᠠᠶ︾ ᠰᠤᠷᠭᠠᠭᠤᠯᠢ ᠶᠢᠨ ᠡᠷᠭᠢᠨ ᠲᠣᠭᠤᠷᠢᠨ ᠤ ᠰᠠᠭᠤᠭᠠᠯᠢ ᠠᠷᠠᠳ ᠰᠤᠷᠭᠠᠭᠤᠯᠢ ᠶᠢᠨ ᠵᠠᠮ ᠤᠨ ᠠᠭᠤᠯᠵᠠᠷ ᠲᠤ ᠰᠢᠨ᠎ᠡ ᠪᠠᠷ ᠤᠭᠰᠠᠷᠠᠭᠰᠠᠨ ᠵᠠᠮ ᠤᠨ ᠳ᠋ᠧᠩ ᠢ ᠬᠠᠷᠠᠭᠠᠳ ᠴᠢᠷᠠᠢ ᠳᠤ ᠨᠢ ᠵᠣᠯ ᠵᠢᠷᠭᠠᠯ ᠤᠨ ᠢᠨᠢᠶᠡᠮᠰᠦᠭᠯᠡᠯ ᠳᠣᠳᠣᠷᠠᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号