ᠬᠠᠮᠤᠭ ᠤᠨ ᠬᠠᠶᠢᠷᠠᠯᠠᠯᠲᠠᠢ ᠬᠥᠮᠥᠨ ᠢ ᠬᠠᠮᠤᠭ ᠤᠨ ᠵᠣᠯ ᠵᠢᠷᠭᠠᠯᠲᠠᠢ ᠬᠥᠮᠥᠨ ᠪᠣᠯᠭᠠᠶ᠎ᠠ
ᠨᠡᠶᠢᠲᠡᠯᠡᠭᠰᠡᠨ ᠴᠠᠭ᠄
2025/3/26
    ᠤᠷᠢᠬᠠᠨ ᠬᠠᠪᠤᠷ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠢᠷᠠᠭᠤ ᠠᠯᠳᠠᠷ ᠤᠨ ᠬᠦᠷᠢᠶᠡᠯᠡᠩ᠂ ᠨᠡᠷᠡᠨ ᠤ ᠭᠡᠷᠡᠯ ᠬᠦᠷᠢᠶ᠎ᠡ ᠳᠦᠭᠦᠷᠡᠩ  ᠳᠣᠰᠴᠤ᠂ ᠬᠡᠳᠦᠨ ᠨᠠᠰᠤᠲᠠᠨ ᠨᠠᠷᠠᠨ ᠳᠤ ᠪᠡᠶ᠎ᠡ ᠪᠠᠨ ᠡᠭᠡᠭᠡᠵᠥ ᠲᠠᠭᠠᠲᠠᠶᠢᠬᠠᠨ ᠰᠠᠭᠤᠵᠤ ᠪᠠᠶᠢᠯ᠎ᠠ᠃ ᠣᠶᠢᠷ᠎ᠠ ᠳᠤ᠂ ᠠᠳᠡ ᠨᠢᠭᠡᠨ ᠣᠨᠴᠠᠭᠠᠢ ᠣᠷᠣᠵᠤ ᠰᠠᠭᠤᠭᠰᠠᠨ ᠬᠥᠮᠦᠨ—— 77 ᠨᠠᠰᠤᠲᠠᠢ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠵᠠᠩ ᠳ᠋ᠦᠩ ᠢ ᠤᠭᠲᠤᠨ ᠠᠪᠴᠠᠢ᠃ ᠲᠡᠭᠦᠨ ᠤ ᠬᠦᠷᠴᠦ ᠢᠷᠡᠭᠰᠡᠨ ᠨᠢ ᠢᠷᠠᠭᠤ ᠠᠯᠳᠠᠷ ᠤᠨ ᠬᠦᠷᠢᠶᠡᠯᠡᠩ ᠳᠤ ᠨᠢᠭᠡ ᠬᠤᠪᠢ ᠢᠷᠠᠭᠤ ᠠᠯᠳᠠᠷ ᠣᠯᠭᠤᠭᠰᠠᠨ ᠢᠶᠠᠷ ᠪᠠᠷᠠᠬᠤ ᠦᠭᠡᠢ᠂ ᠨᠡᠩ ᠴᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠤᠨ ᠨᠡᠶᠢᠭᠡᠮ ᠤᠨ ᠡᠷᠬᠡ ᠠᠰᠢᠭ ᠢ ᠪᠠᠲᠤᠯᠠᠬᠤ ᠲᠠᠯ᠎ᠠ ᠪᠠᠷ ᠬᠢ ᠴᠥᠬᠦᠷᠡᠰᠢ ᠦᠭᠡᠢ ᠴᠢᠷᠮᠠᠶᠢᠯᠭ᠎ᠠ ᠶᠢ ᠲᠤᠰᠬᠠᠪᠠ᠃
26092620sef5.jpg
    ᠢᠷᠠᠭᠤ ᠠᠯᠳᠠᠷ ᠤᠨ ᠬᠦᠷᠢᠶᠡᠯᠡᠩ ᠳᠤ᠂ ᠵᠠᠩ ᠨᠠᠰᠤᠲᠠᠨ ᠠᠭᠤᠳᠠᠮ ᠰᠠᠷᠠᠭᠤᠯ ᠥᠷᠥᠭᠡᠨ ᠳᠤ ᠰᠠᠭᠤᠭᠰᠠᠨ ᠢᠶᠠᠷ ᠪᠠᠷᠠᠬᠤ ᠥᠬᠡᠶ᠂ ᠪᠠᠰᠠ ᠰᠢᠮ᠎ᠡ ᠲᠡᠵᠢᠭᠡᠯ ᠲᠡᠩᠴᠡᠭᠦᠷᠢᠲᠡᠶ ᠬᠤᠭᠤᠯᠠ ᠪᠠ ᠲᠤᠰᠬᠠᠶ ᠮᠡᠷᠭᠡᠵᠢᠯ ᠤᠨ ᠡᠮ ᠡᠮᠨᠡᠯᠭᠡ ᠶᠢᠨ ᠦᠢᠯᠡᠴᠢᠯᠡᠭᠡ ᠬᠥᠷᠳᠡᠵᠥ᠂ ᠰᠤᠪᠢᠯᠠᠭᠴᠢ 24 ᠴᠠᠭ ᠢᠶᠠᠷ ᠵᠢᠵᠢᠭᠦᠷᠯᠡᠵᠦ᠂ ᠨᠠᠰᠤᠲᠠᠨ ᠤ ᠪᠡᠶ᠎ᠡ ᠶᠢᠨ ᠪᠠᠶᠢᠳᠠᠯ ᠢ ᠴᠠᠭ ᠢᠮᠠᠭᠲᠠ ᠠᠩᠬᠠᠷᠴᠤ ᠪᠠᠶᠢᠪᠠ᠃ ᠠᠳᠡ ᠠᠮᠢᠳᠤᠷᠠᠵᠤ ᠪᠠᠶᠢᠬᠤ ᠲᠤᠬᠠᠢ ᠵᠠᠩ ᠨᠠᠰᠤᠲᠠᠨ ᠥᠪᠡᠷ ᠤᠨ ᠡᠷᠬᠡ ᠦᠭᠡᠢ ᠨᠢᠯᠪᠤᠰᠤ ᠠᠰᠬᠠᠷᠠᠭᠤᠯᠤᠭᠰᠠᠭᠠᠷ᠄ ︽ᠠᠳᠡ ᠭᠡᠷ ᠲᠤ ᠪᠠᠨ ᠪᠠᠶᠢᠬᠤ ᠰᠢᠭ᠋ ᠬᠠᠯᠠᠭᠤᠨ ᠳᠤᠯᠠᠭᠠᠨ ᠪᠠᠶᠢᠵᠤ᠂ ᠠᠵᠢᠯᠲᠠᠳ ᠴᠤ ᠮᠠᠰᠢ ᠳᠣᠲᠣᠨᠣ᠂ ᠠᠳᠡ ᠠᠮᠢᠳᠤᠷᠠᠬᠤ ᠳᠤ ᠪᠢ ᠮᠠᠰᠢ ᠪᠠᠶᠠᠷ ᠬᠥᠷ ᠲᠠᠢ ᠪᠥᠭᠡᠳ ᠮᠠᠰᠢ ᠵᠣᠯ ᠵᠢᠷᠭᠠᠯ ᠲᠠᠢ ᠰᠠᠨᠠᠭᠳᠠᠵᠤ ᠪᠠᠶᠢᠨ᠎ᠠ︾ ᠭᠡᠵᠦ ᠭᠦᠨ ᠰᠡᠳᠬᠢᠯᠭᠡ ᠲᠠᠢ ᠪᠠᠷ ᠬᠡᠯᠡᠪᠡ᠃ ᠡᠨᠡ ᠬᠦ ᠰᠡᠳᠬᠢᠯ ᠵᠢᠷᠦᠬᠡᠨ ᠤ ᠦᠭᠡ ᠨᠢ ᠪᠤᠢ ᠪᠦᠬᠦᠢ ᠣᠷᠣᠵᠤ ᠰᠠᠭᠤᠭᠰᠠᠨ ᠨᠠᠰᠤᠲᠠᠶᠢᠴᠤᠳ ᠤᠨ ᠰᠡᠳᠬᠢᠯ ᠤᠨ ᠭᠦᠨ ᠳᠠᠬᠢ ᠬᠠᠮᠲᠤ ᠶᠢᠨ ᠲᠤᠰᠬᠠᠯ ᠪᠠ ᠲᠠᠯᠠᠷᠬᠠᠯ ᠢ ᠢᠯᠡᠳᠬᠡᠵᠡᠢ᠃ ᠵᠠᠩ ᠨᠠᠰᠤᠲᠠᠨ ᠰᠢᠭ᠋ ᠡᠶᠢᠮᠦ ᠴᠡᠷᠢᠭ ᠠᠴᠠ ᠬᠠᠯᠠᠭᠳᠠᠭᠰᠠᠳ ᠲᠤ ᠠᠪᠴᠤ ᠬᠡᠯᠡᠪᠡᠯ᠂ ᠢᠷᠠᠭᠤ ᠠᠯᠳᠠᠷ ᠤᠨ ᠬᠦᠷᠢᠶᠡᠯᠡᠩ ᠨᠢ ᠥᠲᠡᠯᠦᠭᠡ ᠨᠠᠰᠤ ᠪᠠᠨ ᠪᠠᠶᠠᠷ ᠵᠢᠷᠭᠠᠯ ᠲᠠᠢ ᠥᠩᠭᠡᠷᠡᠭᠦᠯᠬᠦ ᠣᠷᠣᠨ ᠰᠠᠭᠤᠴᠠ ᠪᠣᠯᠬᠤ ᠪᠠᠷ ᠪᠠᠷᠠᠬᠤ ᠦᠭᠡᠢ᠂ ᠨᠡᠩ ᠴᠤ ᠢᠷᠠᠭᠤ ᠠᠯᠳᠠᠷ᠂ ᠳᠤᠷᠠᠳᠬᠠᠯ ᠪᠠ ᠬᠠᠷᠢᠶᠠᠯᠠᠭᠳᠠᠬᠤ ᠰᠡᠳᠬᠢᠯᠭᠡ ᠶᠢ ᠠᠴᠢᠶᠠᠯᠠᠵᠤ ᠪᠠᠶᠢᠭ᠎ᠠ ᠤᠶᠤᠨ ᠰᠠᠨᠠᠭᠠᠨ ᠤ ᠭᠡᠷ ᠣᠷᠣᠨ ᠪᠣᠯᠤᠨ᠎ᠠ᠃
26092635dig0.jpg
   ᠵᠠᠩ ᠡᠪᠦᠭᠡ ᠶᠢᠨ ᠣᠷᠣᠵᠤ ᠰᠠᠭᠤᠭᠰᠠᠨ ᠶᠠᠪᠤᠳᠠᠯ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠭ᠎ᠠ ᠣᠩᠭᠤᠨ ᠰᠢᠶᠠᠩ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠠᠷᠢᠨ ᠨᠢᠮᠪᠠᠶ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠭᠠᠷᠭᠠᠭᠰᠠᠨ ᠬᠠᠯᠠᠭᠤᠨ ᠳᠤᠯᠠᠭᠠᠨ ᠲᠣᠬᠢᠷᠠᠭᠤᠯᠤᠯᠲᠠ ᠪᠣᠯᠤᠨ᠎ᠠ᠃ ᠠᠵᠢᠯᠲᠠᠳ ᠲᠡᠭᠦᠨ ᠤ ᠭᠡᠷ ᠪᠦᠯᠢ ᠪᠠᠷ ᠣᠯᠠᠨᠲᠠ ᠰᠤᠷᠪᠤᠯᠵᠢᠯᠠᠵᠤ᠂ ᠲᠡᠭᠦᠨ ᠤ ᠠᠮᠢᠳᠤᠷᠠᠯ ᠤᠨ ᠪᠠᠶᠢᠳᠠᠯ ᠪᠣᠯᠤᠨ ᠪᠣᠳᠠᠲᠠᠢ ᠬᠡᠷᠡᠭᠴᠡᠭᠡ ᠶᠢ ᠨᠠᠷᠢᠨ ᠣᠶᠢᠯᠠᠭᠠᠵᠤ᠂ ᠵᠠᠩ ᠡᠪᠦᠭᠡ ᠶᠢᠨ ᠨᠠᠰᠤ ᠵᠢᠯ ᠥᠨᠳᠥᠷ᠂ ᠭᠠᠭᠴᠠᠭᠠᠷ ᠠᠮᠢᠳᠣᠷᠠᠵᠤ ᠰᠠᠭᠤᠬᠤ ᠳᠤ ᠳᠥᠭᠦᠮ ᠦᠭᠡᠢ ᠪᠠᠶᠢᠬᠤ ᠶᠢ ᠪᠣᠳᠣᠯᠬᠢᠯᠠᠵᠤ᠂ ᠢᠷᠠᠭᠤ ᠠᠯᠳᠠᠷ ᠤᠨ ᠬᠦᠷᠢᠶᠡᠯᠡᠩ ᠠᠴᠠ ᠲᠡᠭᠦᠨ ᠳᠤ ᠲᠥᠬᠦᠭᠡᠷᠦᠮᠵᠢ ᠪᠦᠷᠢᠨ ᠲᠡᠭᠦᠯᠳᠡᠷ ᠣᠷᠣᠨ ᠰᠠᠭᠤᠴᠠ ᠬᠠᠩᠭᠠᠵᠤ᠂ ᠲᠤᠰᠬᠠᠢ ᠮᠡᠷᠭᠡᠵᠢᠯ ᠤᠨ ᠰᠤᠪᠢᠯᠠᠭᠴᠢ ᠶᠢ ᠲᠤᠬᠢᠷᠠᠭᠤᠯᠵᠤ᠂ ᠲᠡᠭᠦᠨ ᠤ ᠢᠷᠠᠭᠤ ᠠᠯᠳᠠᠷ ᠤᠨ ᠬᠦᠷᠢᠶᠡᠯᠡᠩ ᠳᠤ ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠠᠢ᠂ ᠥᠲᠡᠯᠪᠡᠯ ᠪᠠᠶᠠᠷ ᠴᠡᠩᠭᠡᠯ ᠲᠠᠢ᠂ ᠥᠲᠡᠯᠪᠡᠯ ᠠᠮᠤᠷ ᠲᠦᠪᠰᠢᠨ ᠲᠠᠢ ᠪᠠᠶᠢᠬᠤ ᠶᠢ ᠪᠡᠶᠡᠯᠡᠭᠦᠯᠪᠡ᠃    ᠵᠠᠩ ᠡᠪᠦᠭᠡ ᠶᠢᠨ ᠵᠣᠯ ᠵᠢᠷᠭᠠᠯᠲᠤ ᠠᠮᠢᠳᠤᠷᠠᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠨᠠᠷᠢᠨ ᠨᠢᠮᠪᠠᠢ ᠪᠥᠭᠦ ᠰᠡᠳᠬᠢᠯ ᠤᠨ ᠬᠠᠯᠠᠮᠵᠢᠯᠠᠯ ᠠᠴᠠ ᠰᠠᠯᠵᠤ ᠴᠢᠳᠠᠬᠤ ᠥᠬᠡᠶ ᠶᠤᠮ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠠᠵᠢᠯᠲᠠᠨ ᠵᠠᠩ ᡁᠢ ᠹᠧᠩ ᠲᠠᠨᠢᠯᠴᠠᠭᠤᠯᠬᠤ ᠳᠠᠭᠠᠨ᠄ ︽ᠴᠡᠷᠢᠭ ᠠᠴᠠ ᠬᠠᠯᠠᠭᠳᠠᠭᠰᠠᠳ ᠤᠨ ᠠᠩᠬᠠᠷᠴᠤ ᠪᠠᠶᠢᠭ᠎ᠠ  ᠪᠠᠴᠢᠮᠳᠠᠵᠤ ᠬᠥᠴᠡᠷᠳᠡᠵᠥ ᠵᠣᠪᠠᠨᠢᠵᠤ ᠬᠥᠰᠡᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠶᠠᠯᠳᠤᠯ ᠤᠨ ᠴᠡᠭ᠂ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠠᠵᠢᠯ ᠬᠢᠵᠦ ᠦᠢᠯᠡᠰ ᠪᠤᠰᠬᠠᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠠᠰᠠᠷᠠᠮᠵᠢ ᠬᠠᠷᠠᠭᠠᠯᠵᠠᠯ ᠤᠨ ᠠᠵᠢᠯ ᠢ ᠴᠢᠩᠭᠭᠠᠳᠬᠠᠨ᠂ ᠬᠦᠴᠢᠷᠳᠡᠯ ᠢ ᠨᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢ ᠦᠨᠡᠨ ᠬᠦ ᠰᠠᠶᠢᠲᠤᠷ ᠪᠠᠲᠤᠯᠠᠵᠤ᠂ ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠨᠡᠩ ᠭᠦᠢᠴᠡᠳ ᠪᠣᠯᠭᠠᠨ᠎ᠠ︾ ᠭᠡᠵᠦ ᠲᠠᠨᠢᠯᠴᠠᠭᠤᠯᠪᠠ᠃
2609261964zh.jpg
    ᠴᠡᠷᠢᠭ ᠠᠴᠠ ᠬᠠᠯᠠᠭᠳᠠᠭᠰᠠᠳ ᠪᠣᠯ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ ᠨᠡᠶᠢᠭᠡᠮ ᠵᠢᠷᠤᠮ ᠤᠨ ᠣᠳᠣᠬᠢᠴᠢᠯᠠᠯᠳᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠴᠦᠨ ᠮᠥᠨ᠃ ᠤᠢᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠢᠮᠠᠭᠲᠠ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠡᠷᠢᠭ ᠠᠴᠠ ᠬᠠᠯᠠᠭᠳᠠᠭᠰᠠᠳ ᠤᠨ ᠳᠡᠷᠭᠡᠳᠡ ᠬᠦᠷᠲᠡᠯ᠎ᠡ ᠤᠷᠲᠤᠳᠬᠠᠵᠤ᠂ ᠲᠡᠳᠡᠨ ᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠪᠡᠶ᠎ᠡ ᠪᠠᠷ ᠢᠶᠠᠨ ᠮᠡᠳᠡᠷᠡᠬᠦ ᠶᠢ ᠪᠠᠲᠤᠯᠠᠵᠠᠢ᠃ ᠢᠷᠡᠭᠡᠳᠦᠢ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠨ ᠨᠡᠩ ᠥᠨᠳᠥᠷ ᠤᠯᠤᠰ ᠲᠦᠷᠦ ᠶᠢᠨ ᠵᠣᠭᠰᠣᠴᠠ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠰᠢᠯᠢᠳᠡᠭ ᠦᠢᠯᠡᠴᠢᠯᠡᠭᠡ ᠪᠠᠷ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠲᠡᠰᠢ ᠤᠷᠤᠭᠰᠢᠯᠠᠬᠤ ᠶᠢ ᠦᠷᠭᠦᠯᠵᠢᠯᠡᠨ ᠠᠬᠢᠭᠤᠯᠬᠤ ᠪᠣᠯᠤᠨ᠎ᠠ᠃ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠨᠰᠢᠬᠦᠯᠬᠦ᠂ ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠬᠦ᠂ ᠨᠡᠶᠢᠭᠡᠮ ᠤᠨ ᠣᠷᠣᠯᠴᠠᠯᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠲᠣᠤᠷ ᠢ ᠤᠯᠠᠮ ᠨᠢᠭᠡ ᠠᠯᠬᠤᠮ ᠨᠢᠭᠲᠠ ᠪᠥᠭᠡᠳ ᠪᠠᠲᠤ ᠰᠦᠯᠵᠢᠵᠦ᠂ ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠂ ᠬᠠᠮᠤᠭ ᠤᠨ ᠬᠠᠶᠢᠷᠠᠲᠠᠶ ᠬᠥᠮᠦᠰ ᠢ ᠦᠨᠡᠨ ᠬᠦ ᠬᠠᠮᠤᠭ ᠤᠨ ᠵᠣᠯ ᠵᠢᠷᠭᠠᠯᠲᠤ ᠬᠥᠮᠦᠨ ᠪᠣᠯᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号