ᠪᠦᠬᠦ ᠬᠤᠰᠢᠭᠤᠨ ᠤ ᠮᠠᠯᠴᠢᠨ ᠲᠠᠷᠢᠶᠠᠴᠢᠳ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠤᠩᠭᠤᠨ ᠠᠪᠬᠤ ᠲᠤᠬᠠᠢ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2025/3/27
ᠪᠦᠬᠦ ᠬᠤᠰᠢᠭᠤᠨ ᠤ ᠮᠠᠯᠴᠢᠨ ᠲᠠᠷᠢᠶᠠᠴᠢᠨ ᠨᠠᠶᠢᠵᠠ ᠨᠦᠬᠦᠳ ᠮᠢᠨᠢ᠄      ᠬᠠᠪᠤᠷ ᠤᠨ ᠤᠯᠠᠷᠢᠯ ᠳᠤ ᠨᠢᠭᠡ ᠮᠥᠬᠦᠯᠢᠭ ᠨᠠᠷᠢᠮᠤ ᠲᠠᠷᠢᠵᠦ᠂ ᠨᠠᠮᠤᠷ ᠤᠨ ᠬᠤᠷᠢᠶᠠᠯᠲᠠ ᠳᠤ ᠲᠦᠮᠡᠨ ᠮᠥᠬᠦᠯᠢᠭ ᠠᠮᠤ ᠬᠤᠷᠢᠶᠠᠳᠠᠭ᠃ ᠬᠠᠪᠤᠷ ᠤᠨ ᠲᠠᠷᠢᠶᠠᠯᠠᠭ᠎ᠠ ᠣᠶᠢᠷᠠᠳᠴᠤ᠂ ᠦᠷ᠎ᠡ᠂ ᠲᠠᠷᠢᠶᠠᠨ ᠡᠮ᠂ ᠬᠢᠮᠢ ᠶᠢᠨ ᠪᠤᠷᠳᠤᠭᠤᠷ ᠰᠣᠩᠭᠤᠨ ᠬᠤᠳᠠᠯᠳᠤᠨ ᠠᠪᠬᠤ ᠨᠢ ᠪᠦᠬᠦ ᠵᠢᠯ ᠤᠨ ᠬᠤᠷᠢᠶᠠᠯᠲᠠ ᠲᠠᠢ ᠰᠢᠭᠤᠳ ᠬᠤᠯᠪᠣᠭᠳᠠᠵᠤ᠂ ᠮᠠᠨ ᠤ ᠮᠠᠯᠴᠢᠨ ᠲᠠᠷᠢᠶᠠᠴᠢᠨ ᠨᠠᠶᠢᠵᠠ ᠨᠠᠷ ᠤᠨ ᠨᠢᠭᠡ ᠵᠢᠯ ᠤᠨ ᠳᠣᠲᠣᠷᠠᠬᠢ ᠲᠦᠢᠯ ᠤᠨ ᠵᠠᠩᠭᠢᠯᠠᠭ᠎ᠠ ᠶᠢᠨ ᠶᠡᠭᠡ ᠶᠠᠪᠤᠳᠠᠯ ᠪᠣᠯᠤᠨ᠎ᠠ᠃ ᠠᠳᠡ ᠠᠴᠠ᠂ ᠣᠯᠠᠨ ᠳᠤ ᠬᠤᠳᠠᠯᠳᠤᠨ ᠠᠪᠬᠤ ᠪᠠ ᠬᠡᠷᠡᠭᠯᠡᠬᠦ ᠵᠠᠷᠢᠮ ᠰᠠᠨᠠᠭᠤᠯᠭ᠎ᠠ ᠬᠠᠩᠭᠠᠵᠤ᠂ ᠲᠠᠨ ᠳᠤ ᠡᠳᠦᠶ ᠲᠡᠳᠦᠶ ᠬᠠᠪᠰᠤᠷᠤᠯᠭ᠎ᠠ ᠦᠵᠡᠭᠦᠯᠬᠦ ᠶᠢ ᠬᠦᠰᠡᠵᠦ ᠪᠠᠶᠢᠨ᠎ᠠ᠃      01 ᠦᠷ᠎ᠡ ᠰᠤᠩᠭᠤᠬᠤ      1.ᠵᠢᠩᠭᠢᠨᠢ ᠠᠷᠭ᠎ᠠ ᠵᠠᠮ ᠢ ᠰᠤᠩᠭᠤᠨ᠎ᠠ      ᠣᠯᠠᠨ ᠢᠶᠠᠷ ᠢᠶᠠᠨ ᠵᠢᠩᠬᠢᠨᠢ ᠦᠷ᠎ᠡ ᠪᠣᠷᠣᠯᠠᠭᠤᠯᠬᠤ ᠳᠡᠯᠭᠡᠭᠦᠷ ᠠᠴᠠ ᠦᠷ᠎ᠡ ᠬᠤᠳᠠᠯᠳᠤᠨ ᠠᠪᠬᠤ ᠬᠡᠷᠡᠭᠲᠡᠶ᠂ ᠵᠢᠱᠢᠶᠡᠯᠡᠪᠡᠯ ᠡᠵᠡᠩᠨᠡᠬᠦ ᠬᠢᠷᠢ ᠬᠡᠮ ᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠺᠣᠮᠫᠠᠨᠢ᠂ ᠦᠷ᠎ᠡ ᠶᠢᠨ ᠲᠤᠰᠬᠠᠶ ᠬᠤᠳᠠᠯᠳᠤᠬᠤ ᠳᠡᠯᠭᠡᠭᠦᠷ ᠵᠡᠷᠭᠡ ᠪᠤᠢ᠃ ᠡᠳᠡᠭᠡᠷ ᠭᠠᠵᠠᠷ ᠤᠨ ᠦᠷ᠎ᠡ ᠶᠢᠨ ᠢᠷᠡᠯᠲᠡ ᠨᠢ ᠨᠡᠯᠢᠶᠡᠳ ᠵᠢᠩᠬᠢᠨᠢ ᠂ ᠶᠠᠰᠤ ᠴᠢᠨᠠᠷ ᠨᠢ ᠨᠡᠩ ᠪᠠᠲᠤᠯᠠᠭ᠎ᠠ ᠲᠠᠢ᠃ ᠵᠠᠷᠢᠮ ᠨᠡᠭᠦᠳᠡᠯ ᠬᠤᠳᠠᠯᠳᠤᠭᠠᠴᠢᠨ ᠪᠤᠶᠤ ᠢᠷᠡᠯᠲᠡ ᠨᠢ ᠲᠣᠳᠣᠷᠬᠠᠶ ᠦᠭᠡᠶ ᠠᠷᠭ᠎ᠠ ᠵᠠᠮ ᠢᠶᠠᠷ ᠦᠷ᠎ᠡ ᠬᠤᠳᠠᠯᠳᠤᠨ ᠠᠪᠴᠤ ᠪᠣᠯᠬᠤ ᠦᠭᠡᠶ ᠪᠥᠭᠡᠳ ᠬᠤᠳᠠᠯ ᠬᠠᠭᠤᠷᠮᠠᠭ ᠴᠢᠨᠠᠷ ᠮᠠᠭᠤ ᠦᠷ᠎ᠡ ᠬᠤᠳᠠᠯᠳᠤᠨ ᠠᠪᠬᠤ ᠠᠴᠠ ᠵᠠᠶᠢᠯᠠᠰᠭᠢᠬᠤ ᠬᠡᠷᠡᠭᠲᠡᠶ᠃ᠦᠷ᠎ᠡ ᠬᠤᠳᠠᠯᠳᠤᠨ ᠠᠪᠬᠤ ᠳᠤ ᠪᠠᠨ ᠤᠤᠯ ‍ᠤᠨ‌‍ᠲ᠋ᠣᠨᠤᠭ ᠤᠨ ᠦᠷ᠎ᠡ ᠶᠢ ᠨᠢ ᠬᠤᠳᠠᠯᠳᠤᠨ ᠠᠪᠬᠤ ᠶᠢᠨ ᠬᠠᠮᠲᠤ ᠦᠷ᠎ᠡ ᠶᠢᠨ ᠪᠣᠭᠤᠳᠠᠯ ᠤᠨ ᠪᠠᠶᠢᠳᠠᠯ ᠢ ᠪᠠᠶᠢᠴᠠᠭᠠᠨ ᠦᠵᠡᠬᠦ ᠬᠡᠷᠡᠭᠲᠡᠶ᠃ ᠵᠢᠩᠬᠢᠨᠢ ᠦᠷ᠎ᠡ ᠶᠢᠨ ᠪᠣᠭᠤᠳᠠᠯ ᠳᠡᠭᠡᠷ᠎ᠡ ᠦᠷ᠎ᠡ ᠶᠢᠨ ᠡᠭᠦᠯᠳᠡᠷ ᠤᠨ ᠨᠡᠷᠡᠶᠢᠳᠦᠯ᠂ ᠶᠠᠰᠤ ᠴᠢᠨᠠᠷ ᠤᠨ ᠢᠯᠡᠳᠭᠡᠪᠦᠷᠢ᠂ ᠲᠠᠷᠢᠬᠤ ᠳᠤ ᠲᠣᠬᠢᠷᠠᠬᠤ ᠣᠷᠣᠨ ᠪᠦᠰᠡ ᠂ ᠦᠷ᠎ᠡ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ ᠵᠡᠷᠭᠡ ᠴᠢᠬᠤᠯᠠ ᠮᠡᠳᠡᠭᠡ ᠵᠠᠩᠭᠢ ᠶᠢ ᠲᠣᠳᠣᠷᠬᠠᠶᠢᠯᠠᠬᠤ ᠬᠡᠷᠡᠭᠲᠡᠶ᠃ ᠬᠡᠷᠪᠡ ᠪᠠᠭᠯᠠᠭ᠎ᠠ ᠪᠣᠭᠤᠳᠠᠯ ᠤᠨ ᠮᠡᠳᠡᠭᠡ ᠵᠠᠩᠭᠢ ᠨᠢ ᠪᠠᠯᠠᠷᠬᠠᠶ ᠪᠤᠶᠤ ᠳᠤᠲᠠᠭᠳᠠᠪᠠᠯ ᠡᠶᠢᠮᠦ ᠦᠷ᠎ᠡ ᠨᠢ ᠮᠠᠰᠢ ᠰᠡᠵᠢᠭ ᠲᠠᠢ ᠪᠠᠶᠢᠵᠤ᠂ ᠳᠤᠷ᠎ᠠ ᠪᠠᠷ ᠢᠶᠠᠨ ᠬᠤᠳᠠᠯᠳᠤᠨ ᠠᠪᠴᠤ ᠪᠣᠯᠬᠤ ᠦᠭᠡᠶ᠃ ᠬᠤᠳᠠᠯᠳᠤᠭᠠᠴᠢᠨ ᠤ ︽ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠳᠠᠩᠰᠠᠯᠠᠯ ᠤᠨ ᠬᠦᠰᠦᠨᠦᠭᠲᠦ︾ ︵ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠯᠪᠠᠨ ᠲᠠᠮᠠᠭ᠎ᠠ ᠪᠠᠶᠢᠬᠤ ᠬᠡᠷᠡᠭᠲᠡᠢ︶ ᠃      2.ᠦᠷ᠎ᠡ ᠶᠢᠨ ᠶᠠᠰᠤ ᠴᠢᠨᠠᠷ ᠢ ᠪᠠᠶᠢᠴᠠᠭᠠᠨ ᠦᠵᠡᠬᠦ      ᠭᠠᠳᠠᠷ ᠲᠠᠯ᠎ᠠ ᠠᠴᠠ ᠨᠢ ᠠᠵᠢᠭᠯᠠᠪᠠᠯ ᠦᠷ᠎ᠡ ᠨᠢ ᠲᠡᠭᠦᠯᠳᠡᠷ᠂ ᠥᠩᠭᠡ ᠨᠢ ᠵᠢᠭᠳᠡ ᠪᠠᠶᠢᠬᠤ ᠡᠰᠡᠬᠦ ᠶᠢ ᠠᠵᠢᠭᠯᠠᠵᠤ ᠪᠣᠯᠤᠨ᠎ᠠ᠃ ᠲᠡᠭᠦᠯᠳᠡᠷ ᠦᠷ᠎ᠡ ᠪᠣᠯ ᠶᠡᠷᠦ ᠨᠢ ᠠᠮᠢᠳᠤᠷᠠᠯ ᠤᠨ ᠬᠦᠴᠦᠨ ᠢᠶᠠᠷ ᠴᠢᠩᠭ᠎ᠠ᠂ ᠰᠣᠶᠣᠭᠠᠯᠠᠬᠤ ᠪᠠ ᠥᠰᠬᠦ ᠳᠤ ᠨᠡᠩ ᠠᠰᠢᠭᠲᠠᠢ ᠪᠠᠶᠢᠳᠠᠭ᠃ ᠵᠢᠱᠢᠶᠡᠯᠡᠪᠡᠯ ᠪᠣᠭᠤᠳᠠᠶ ᠶᠢᠨ ᠦᠷ᠎ᠡ᠂ ᠲᠡᠭᠦᠯᠳᠡᠷ ᠪᠤᠭᠤᠳᠠᠶ ᠶᠢᠨ ᠮᠥᠬᠦᠯᠢᠭ ᠳᠤ ᠨᠠᠩ ᠣᠯᠠᠨ ᠬᠦᠪᠦᠷᠡᠯ ᠰᠦ ᠠᠭᠤᠯᠵᠤ᠂ ᠨᠢᠯᠬ᠎ᠠ ᠴᠢᠬᠢ ᠶᠢᠨ ᠪᠤᠶᠢᠵᠢᠯᠲᠠ ᠳᠤ ᠭᠦᠢᠴᠡᠳ ᠰᠢᠮ᠎ᠡ ᠲᠡᠵᠢᠭᠡᠯ ᠬᠠᠩᠭᠠᠵᠤ ᠴᠢᠳᠠᠨ᠎ᠠ᠃      ᠤᠢᠷ᠎ᠠ ᠰᠣᠶᠣᠭᠠᠯᠠᠬᠤ ᠳᠥᠭᠦᠮ ᠲᠤᠷᠰᠢᠯᠲᠠ ᠬᠢᠵᠦ ᠪᠤᠯᠤᠨ᠎ᠠ᠃ ᠬᠡᠷᠪᠡ ᠬᠤᠳᠠᠯᠳᠤᠨ ᠠᠪᠤᠭᠰᠠᠨ ᠦᠷ᠎ᠡ ᠶᠢᠨ ᠲᠤᠭ᠎ᠠ ᠬᠡᠮᠵᠢᠶ᠎ᠡ ᠨᠢ ᠨᠡᠯᠢᠶᠡᠳ ᠠᠷᠪᠢᠨ ᠪᠣᠯ ᠬᠤᠳᠠᠯᠳᠤᠨ ᠠᠪᠬᠤ ᠳᠠᠭᠠᠨ ᠵᠣᠬᠢᠬᠤ ᠲᠣᠭᠠᠨ ᠤ ᠦᠷ᠎ᠡ ᠶᠢ ᠲᠠᠰᠢᠷᠠᠮ ᠢᠶᠠᠷ ᠰᠣᠩᠭᠤᠵᠤ ᠪᠣᠯᠤᠨ᠎ᠠ᠂ ᠭᠡᠷ ᠲᠤ ᠪᠠᠨ ᠦᠷ᠎ᠡ ᠶᠢᠨ ᠪᠣᠭᠤᠳᠠᠯ ᠳᠡᠭᠡᠷ᠎ᠡ ᠲᠠᠨᠢᠯᠴᠠᠭᠤᠯᠤᠭᠰᠠᠨ ᠠᠷᠭ᠎ᠠ ᠪᠠᠷ ᠰᠣᠶᠣᠭᠠᠯᠠᠬᠤ ᠲᠤᠷᠰᠢᠯᠲᠠ ᠬᠢᠵᠦ ᠪᠣᠯᠤᠨ᠎ᠠ᠃ ᠡᠩ ᠤᠨ ᠪᠠᠶᠢᠳᠠᠯ ᠳᠤ ᠠᠪᠴᠤ ᠬᠡᠯᠡᠪᠡᠯ᠂ ᠰᠣᠶᠣᠭᠠᠯᠠᠬᠤ ᠨᠤᠷᠮ᠎ᠠ ᠶᠢ 85% ᠭᠠᠷᠤᠢ ᠪᠣᠯ ᠰᠠᠶ᠋ᠢ ᠨᠡᠯᠢᠶᠡᠳ ᠬᠠᠨᠤᠮᠵᠢᠲᠠᠢ᠃      3.ᠡᠭᠦᠯᠳᠡᠷ ᠤᠨ ᠣᠨᠴᠠᠯᠢᠭ ᠢ ᠣᠶᠢᠯᠠᠭᠠᠬᠤ      ᠦᠷ᠎ᠡ ᠶᠢᠨ ᠡᠭᠦᠯᠳᠡᠷ ᠢ ᠰᠣᠩᠭᠤᠬᠤ ᠳᠤ ᠪᠠᠨ ᠮᠠᠨ ᠤ ᠲᠤᠬᠠᠢ ᠶᠢᠨ ᠭᠠᠵᠠᠷ ᠤᠨ ᠬᠥᠷᠥᠰᠥ ᠰᠢᠷᠣᠢ᠂ ᠠᠭᠤᠷ ᠠᠮᠢᠰᠬᠤᠯ ᠵᠡᠷᠭᠡ ᠪᠠᠶᠢᠭᠠᠯᠢ ᠶᠢᠨ ᠨᠥᠬᠦᠴᠡᠯ ᠢ ᠭᠦᠢᠴᠡᠳ ᠪᠣᠳᠣᠯᠬᠢᠯᠠᠬᠤ ᠬᠡᠷᠡᠭᠲᠡᠢ᠃ ᠠᠳᠠᠯᠢ ᠪᠤᠰᠤ ᠲᠠᠷᠢᠮᠠᠯ ᠤᠨ ᠡᠭᠦᠯᠳᠡᠷ ᠤᠨ ᠣᠷᠴᠢᠨ ᠲᠣᠭᠤᠷᠢᠨ ᠳᠠᠬᠢ ᠱᠠᠭᠠᠷᠳᠠᠯᠭ᠎ᠠ ᠨᠢ ᠠᠳᠠᠯᠢ ᠪᠤᠰᠤ ᠪᠠᠶᠢᠳᠠᠭ᠃ ᠡᠶᠢᠮᠦ ᠠᠴᠠ ᠲᠤᠰ ᠭᠠᠵᠠᠷ ᠲᠤ ᠲᠠᠷᠢᠬᠤ ᠳᠤ ᠲᠣᠬᠢᠷᠠᠬᠤ ᠲᠥᠷᠥᠯ ᠵᠦᠢᠯ ᠢ ᠰᠤᠩᠭᠤᠨ᠎ᠠ᠃      ᠡᠭᠦᠨ ᠤ ᠬᠠᠮᠲᠤ᠂ ᠪᠠᠰᠠ ᠲᠥᠷᠥᠯ ᠵᠦᠢᠯ ᠤᠨ ᠭᠠᠷᠤᠯᠲᠠ ᠶᠢᠨ ᠳᠠᠯᠳᠠ ᠬᠦᠴᠦᠨ᠂ ᠡᠪᠡᠳᠴᠢᠨ ᠬᠤᠷᠣᠬᠠᠶ ᠶᠢ ᠡᠰᠡᠷᠭᠦᠴᠡᠬᠦ ᠴᠢᠳᠠᠪᠤᠷᠢ ᠵᠡᠷᠭᠡ ᠬᠦᠴᠦᠨ ᠵᠦᠢᠯ ᠢ ᠠᠩᠬᠠᠷᠬᠤ ᠬᠡᠷᠡᠭᠲᠡᠶ᠃ ᠵᠠᠷᠢᠮ ᠥᠨᠳᠥᠷ ᠭᠠᠷᠤᠯᠲᠠ ᠪᠥᠭᠡᠳ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ ᠲᠥᠷᠥᠯ ᠵᠦᠢᠯ ᠨᠢ ᠥᠰᠬᠦ ᠶᠠᠪᠤᠴᠠ ᠳᠤ ᠪᠠᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠥᠪᠡᠷ ᠤᠨ ᠥᠷᠲᠡᠭ ᠢ ᠪᠠᠭᠠᠰᠬᠠᠵᠤ᠂ ᠠᠵᠤ ᠠᠬᠤᠶ  ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃      02 ᠲᠠᠷᠢᠶᠠᠨ ᠡᠮ ᠰᠤᠩᠭᠤᠨ ᠬᠤᠳᠠᠯᠳᠤᠨ ᠠᠪᠬᠤ      1.ᠬᠢᠷᠢ ᠲᠡᠩᠴᠡᠭᠰᠡᠨ ᠪᠦᠲᠦᠭᠡᠭᠳᠡᠬᠦᠨ ᠢ ᠰᠣᠩᠭᠤᠨ ᠬᠤᠳᠠᠯᠳᠤᠨ ᠠᠪᠬᠤᠲᠠᠷᠢᠶᠠᠨ ᠡᠮ ᠬᠤᠳᠠᠯᠳᠤᠨ ᠠᠪᠬᠤ ᠳᠤ ᠪᠠᠨ ᠵᠠᠪᠠᠯ ᠲᠠᠷᠢᠶᠠᠨ ᠡᠮ ᠤᠨ ︽ᠭᠤᠷᠪᠠᠨ ᠦᠨᠡᠮᠯᠡᠯ︾ ᠢ ᠪᠠᠶᠢᠴᠠᠭᠠᠨ ᠦᠵᠡᠬᠦ ᠬᠡᠷᠡᠭᠲᠡᠶ᠂ ᠲᠤᠬᠠᠶᠢᠯᠠᠪᠠᠯ ᠲᠠᠷᠢᠶᠠᠨ ᠡᠮ ᠤᠨ ᠳᠠᠩᠰᠠᠯᠠᠭᠤᠯᠤᠭᠰᠠᠨ ᠦᠨᠡᠮᠯᠡᠯ᠂ ᠦᠢᠯᠡᠳᠪᠦᠷᠢᠯᠡᠭᠰᠡᠨ ᠵᠥᠪᠰᠢᠶᠡᠷᠡᠯ ᠤᠨ ᠦᠨᠡᠮᠯᠡᠯ ᠪᠠ ᠦᠢᠯᠡᠳᠬᠦᠨ ᠤ ᠪᠠᠷᠢᠮᠵᠢᠶ᠎ᠠ ᠶᠢᠨ ᠨᠣᠮᠧᠷ᠃ ᠵᠦᠪᠬᠡᠨ ᠡᠨᠡ ᠬᠦ ︽ᠭᠤᠷᠪᠠᠨ ᠦᠨᠡᠮᠯᠡᠯ︾ ᠢ ᠪᠦᠷᠢᠳᠦᠭᠦᠯᠦᠭᠰᠡᠨ ᠲᠠᠷᠢᠶᠠᠨ ᠡᠮ ᠪᠣᠯ ᠰᠠᠶ᠋ᠢ ᠬᠢᠷᠢ ᠲᠡᠩᠴᠡᠭᠰᠡᠨ ᠲᠠᠷᠢᠶᠠᠨ ᠡᠮ ᠤᠨ ᠦᠢᠯᠡᠳᠬᠦᠨ ᠪᠣᠯᠤᠨ᠎ᠠ᠃ ᠡᠲᠡᠭᠡᠷ ᠦᠨᠡᠮᠯᠡᠯ ᠦᠭᠡᠢ ᠲᠠᠷᠢᠶᠠᠨ ᠡᠮ ᠪᠣᠯ ᠬᠠᠭᠤᠷᠮᠠᠭ ᠮᠠᠭᠤ ᠦᠢᠯᠡᠳᠬᠦᠨ ᠪᠠᠶᠢᠵᠤ ᠮᠡᠳᠡᠨ᠎ᠡ᠂ ᠬᠡᠷᠡᠭᠯᠡᠭᠰᠡᠨ ᠤ ᠳᠠᠷᠠᠭ᠎ᠠ ᠬᠦᠨᠳᠦ ᠨᠣᠴᠢᠲᠠᠶ ᠠᠶᠤᠯ ᠲᠦᠭᠰᠢᠭᠦᠷᠢ ᠠᠪᠴᠢᠷᠠᠨ᠎ᠠ᠂ ᠵᠢᠱᠢᠶᠡᠯᠡᠪᠡᠯ ᠲᠠᠷᠢᠶᠠᠯᠠᠩ ᠤᠨ ᠦᠯᠡᠳᠡᠭᠳᠡᠯ ᠨᠢ ᠪᠠᠷᠢᠮᠵᠢᠶ᠎ᠠ ᠠᠴᠠ ᠬᠡᠲᠦᠷᠡᠬᠦ᠂ ᠡᠮ ᠤᠨ ᠬᠥᠨᠥᠭᠡᠯ ᠵᠡᠷᠭᠡ ᠠᠰᠠᠭᠤᠳᠠᠯ᠃      ᠪᠠᠰᠠ ᠵᠢᠩᠭᠢᠨᠢ ᠲᠠᠷᠢᠶᠠᠨ ᠡᠮ ᠦᠢᠯᠡᠳᠪᠦᠷᠢᠯᠡᠬᠦ ᠠᠵᠤ ᠠᠬᠤᠶᠢᠯᠠᠯ ᠤᠨ ᠦᠢᠯᠡᠳᠬᠦᠨ ᠢ  ᠰᠣᠩᠭᠤᠬᠤ ᠬᠡᠷᠡᠭᠲᠡᠶ᠃ ᠨᠡᠷᠡᠲᠦ ᠲᠡᠮᠳᠡᠭᠲᠦ᠂ ᠠᠯᠳᠠᠷᠲᠤ ᠠᠵᠤ ᠠᠬᠤᠶᠢᠯᠠᠯ ᠤᠨ ᠲᠠᠷᠢᠶᠠᠨ ᠡᠮ ᠨᠢ ᠦᠢᠯᠡᠳᠪᠦᠷᠢᠯᠡᠯ ᠤᠨ ᠶᠠᠰᠤ ᠴᠢᠨᠠᠷ ᠢ ᠡᠵᠡᠮᠳᠡᠬᠦ ᠲᠠᠯ᠎ᠠ ᠪᠠᠷ ᠬᠠᠷᠢᠴᠠᠩᠭᠤᠶ ᠨᠡᠩ ᠴᠢᠩᠭ᠎ᠠ ᠪᠠᠶᠢᠵᠤ᠂ ᠦᠢᠯᠡᠳᠬᠦᠨ ᠤ ᠶᠠᠰᠤ ᠴᠢᠨᠠᠷ ᠨᠢ ᠨᠡᠩ ᠨᠠᠶᠢᠳᠠᠪᠤᠷᠢᠲᠠᠶ ᠪᠠᠶᠢᠳᠠᠭ᠃      2.ᠬᠡᠷᠡᠭᠴᠡᠭᠡ ᠪᠠᠷ ᠢᠶᠠᠨ ᠬᠤᠳᠠᠯᠳᠤᠨ ᠠᠪᠬᠤ      ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠦᠯᠦᠭᠰᠡᠨ ᠪᠠᠶᠢᠳᠠᠯ ᠪᠠ ᠥᠪᠡᠷ ᠤᠨ ᠲᠠᠷᠢᠯᠭ᠎ᠠ ᠶᠢᠨ ᠲᠠᠯᠠᠪᠠᠶ ᠪᠠᠨ ᠦᠨᠳᠦᠰᠦᠯᠡᠨ᠂ ᠲᠠᠷᠢᠶᠠᠨ ᠡᠮ ᠬᠤᠳᠠᠯᠳᠤᠨ ᠠᠪᠬᠤ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠨ᠎ᠠ᠃ ᠰᠣᠬᠤᠷ ᠪᠠᠯᠠᠢ ᠪᠠᠷ ᠶᠡᠭᠡ  ᠬᠡᠮᠵᠢᠶᠡᠨ ᠤ ᠲᠠᠷᠢᠶᠠᠨ ᠡᠮ ᠬᠤᠳᠠᠯᠳᠤᠨ ᠠᠪᠴᠤ ᠪᠣᠯᠬᠤ ᠦᠭᠡᠶ᠂ ᠪᠦᠷᠢᠯᠭᠡᠨ ᠰᠦᠢᠳᠬᠡᠬᠦ ᠪᠠ ᠠᠮᠤᠷ ᠲᠦᠪᠰᠢᠨ ᠤ ᠳᠠᠯᠳᠠ ᠭᠡᠮ ᠢ ᠬᠠᠳᠠᠭᠠᠯᠠᠬᠤ ᠠᠴᠠ ᠵᠠᠶᠢᠯᠠᠰᠭᠢᠬᠤ ᠬᠡᠷᠡᠭᠲᠡᠶ᠃ ᠬᠡᠷᠪᠡ ᠡᠪᠡᠳᠴᠢᠨ ᠬᠤᠷᠣᠬᠠᠶᠢᠳᠤᠯ ᠤᠨ ᠪᠠᠶᠢᠳᠠᠯ ᠢ ᠲᠡᠳᠦᠢ ᠲᠣᠭᠲᠠᠭᠠᠵᠤ ᠳᠡᠶᠢᠯᠬᠦ ᠦᠭᠡᠢ ᠪᠣᠯ ᠤᠷᠢᠳ ᠢᠶᠠᠷ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠠᠴᠠ ᠠᠰᠠᠭᠤᠵᠤ ᠪᠣᠯᠤᠨ᠎ᠠ᠃      ᠵᠠᠷᠢᠮ ᠰᠢᠨ᠎ᠡ ᠪᠠᠷ ᠡᠭᠦᠰᠦᠭᠰᠡᠨ ᠡᠪᠡᠳᠴᠢᠨ ᠬᠤᠷᠣᠬᠠᠶ ᠶᠢᠨ ᠬᠥᠨᠥᠭᠡᠯ ᠳᠤ᠂ ᠲᠤᠷᠰᠢᠯᠲᠠ ᠪᠠᠷ ᠳᠡᠮᠵᠢᠨ ᠪᠦᠲᠦᠮᠵᠢᠲᠡᠶ ᠶᠢ ᠰᠢᠯᠭᠠᠨ ᠪᠠᠲᠣᠯᠠᠭᠰᠠᠨ ᠲᠠᠷᠢᠶᠠᠨ ᠡᠮ ᠢ ᠰᠣᠩᠭᠤᠬᠤ ᠬᠡᠷᠡᠭᠲᠡᠶ᠃ ᠵᠠᠷᠢᠮ ᠪᠠᠲᠤᠯᠠᠨ ᠲᠠᠨᠢᠯᠴᠠᠭᠤᠯᠤᠭᠰᠠᠨ ᠦᠭᠡᠶ ᠲᠠᠷᠢᠶᠠᠨ ᠡᠮ ᠢ ᠪᠢᠲᠡᠭᠡᠢ ᠬᠢᠯᠪᠠᠷᠬᠠᠨ ᠪᠠᠷ ᠬᠡᠷᠡᠭᠯᠡᠵᠦ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ  ᠶᠢ ᠬᠠᠷᠰᠢᠯᠠᠬᠤ ᠠᠴᠠ ᠵᠠᠶᠢᠯᠠᠰᠭᠢᠬᠤ ᠬᠡᠷᠡᠭᠲᠡᠶ᠃      03 ᠬᠢᠮᠢ ᠶᠢᠨ ᠪᠣᠷᠳᠣᠭᠤᠷ ᠢ ᠰᠣᠩᠭᠤᠨ ᠬᠤᠳᠠᠯᠳᠤᠨ ᠠᠪᠬᠤ      1.ᠬᠥᠷᠥᠰᠥ ᠰᠢᠷᠣᠢ ᠶᠢᠨ ᠰᠢᠮ᠎ᠡ ᠲᠡᠵᠢᠭᠡᠯ ᠢ ᠣᠶᠢᠯᠠᠭᠠᠨ᠎ᠠᠬᠢᠮᠢ ᠶᠢᠨ ᠪᠣᠷᠳᠣᠭᠤᠷ ᠬᠤᠳᠠᠯᠳᠤᠨ ᠠᠪᠬᠤ ᠠᠴᠠ ᠡᠮᠦᠨ᠎ᠡ ᠬᠠᠮᠤᠭ ᠰᠠᠶᠢᠨ ᠨᠢ ᠥᠪᠡᠷ ᠤᠨ ᠬᠥᠷᠥᠰᠥ ᠰᠢᠷᠣᠢ ᠶᠢᠨ ᠢᠶᠠᠨ ᠦᠩ ᠰᠢᠮᠡᠯᠢᠭ ᠤᠨ ᠪᠠᠶᠢᠳᠠᠯ ᠳᠤ ᠦᠨᠳᠦᠰᠦᠨ ᠣᠶᠢᠯᠠᠭᠠᠯᠲᠠ ᠲᠠᠢ   ᠪᠠᠶᠢᠬᠤ ᠬᠡᠷᠡᠭᠲᠡᠢ᠃ ᠲᠤᠬᠠᠢ ᠶᠢᠨ ᠭᠠᠵᠠᠷ ᠤᠨ ᠬᠥᠳᠡᠭᠡ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠰᠠᠯᠪᠤᠷᠢ ᠲᠠᠢ ᠬᠠᠷᠢᠯᠴᠠᠵᠤ ᠭᠠᠵᠠᠷ ᠰᠢᠷᠦᠢ ᠶᠢᠨ ᠪᠠᠶᠢᠴᠠᠭᠠᠯᠲᠠ ᠬᠢᠨ᠎ᠡ᠃ ᠬᠥᠷᠥᠰᠥᠨ ᠳᠠᠬᠢ ᠠᠽᠣᠲ᠂ ᠹᠣᠰᠹᠣᠷ᠂ ᠺᠠᠯᠢ ᠵᠡᠷᠭᠡ ᠭᠤᠤᠯ ᠰᠢᠮ᠎ᠡ ᠲᠡᠵᠢᠭᠡᠯ ᠤᠨ ᠠᠭᠤᠯᠤᠭᠳᠠᠴᠠ ᠵᠢᠴᠢ ᠬᠥᠷᠥᠰᠥ ᠰᠢᠷᠣᠶ ᠶᠢᠨ ᠲᠥᠷᠥᠯ ᠵᠦᠢᠯ᠂ ᠬᠦᠴᠢᠯᠯᠢᠭ ᠬᠤᠵᠢᠷ ᠤᠨ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠵᠣᠬᠢᠰᠲᠠᠶ ᠬᠢᠮᠢ ᠶᠢᠨ ᠪᠣᠷᠳᠣᠭᠤᠷ ᠤᠨ ᠲᠥᠷᠥᠯ ᠵᠦᠢᠯ ᠪᠠ ᠪᠣᠷᠳᠣᠭᠤᠷ ᠣᠷᠣᠭᠤᠯᠬᠤ ᠬᠡᠮᠵᠢᠶ᠎ᠡ ᠶᠢ ᠰᠣᠩᠭᠤᠨ᠎ᠠ᠃      ᠵᠢᠱᠢᠶᠡᠯᠡᠪᠡᠯ᠂ ᠬᠡᠷᠪᠡ ᠬᠥᠷᠥᠰᠥ ᠰᠢᠷᠣᠢ ᠪᠣᠯ ᠬᠦᠴᠢᠯᠯᠢᠭ ᠴᠢᠨᠠᠷ ᠲᠠᠢ ᠪᠣᠯ ᠬᠢᠮᠢ ᠶᠢᠨ ᠪᠣᠷᠳᠣᠭᠤᠷ ᠬᠤᠳᠠᠯᠳᠤᠨ ᠠᠪᠬᠤ ᠳᠤ ᠪᠠᠨ ᠬᠦᠴᠢᠯᠯᠢᠭ ᠴᠢᠨᠠᠷᠲᠠᠢ ᠪᠣᠷᠳᠣᠭᠤᠷ ᠢ ᠪᠣᠳᠣᠯᠬᠢᠯᠠᠬᠤ ᠪᠤᠶᠤ ᠬᠥᠷᠥᠰᠥ ᠰᠢᠷᠣᠢ ᠶᠢᠨ ᠬᠦᠴᠢᠯᠯᠢᠭ ᠬᠤᠵᠢᠷ ᠢ ᠲᠣᠬᠢᠷᠠᠭᠤᠯᠬᠤ ᠴᠢᠳᠠᠪᠬᠢ ᠲᠠᠢ ᠪᠣᠷᠳᠣᠭᠤᠷ ᠢ ᠰᠣᠩᠭᠤᠵᠤ᠂ ᠪᠣᠷᠳᠣᠭᠤᠷ ᠤᠨ ᠠᠰᠢᠭᠯᠠᠮᠵᠢ ᠶᠢ ᠳᠠᠭᠡᠭᠰᠢᠯᠡᠭᠦᠯᠦᠨ᠎ᠡ᠃      2.ᠵᠢᠩᠬᠢᠨᠢ ᠬᠢᠮᠢ ᠶᠢᠨ ᠪᠤᠷᠳᠤᠭᠤᠷ ᠢ ᠰᠣᠩᠭᠤᠨ᠎ᠠ      ᠵᠢᠩᠬᠢᠨᠢ ᠬᠢᠮᠢ ᠶᠢᠨ ᠪᠣᠷᠳᠣᠭᠤᠷ ᠦᠢᠯᠡᠳᠪᠦᠷᠢᠯᠡᠬᠦ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠬᠢᠮᠢ ᠶᠢᠨ ᠪᠣᠷᠳᠣᠭᠤᠷ ᠤᠨ ᠶᠠᠰᠤ ᠴᠢᠨᠠᠷ ᠨᠢ ᠬᠠᠷᠢᠴᠠᠩᠭᠤᠢ ᠪᠠᠷ ᠲᠣᠭᠲᠠᠭᠤᠨ ᠪᠠᠶᠢᠳᠠᠭ᠃ ᠬᠢᠮᠢ ᠶᠢᠨ ᠪᠣᠷᠳᠣᠭᠤᠷ ᠤᠨ ᠪᠣᠭᠤᠳᠠᠯ ᠳᠡᠭᠡᠷᠡᠬᠢ ᠢᠯᠡᠳᠬᠡᠯᠲᠡ ᠲᠡᠮᠳᠡᠭ ᠢ ᠪᠠᠶᠢᠴᠠᠭᠠᠨ ᠦᠵᠡᠬᠦ ᠬᠡᠷᠡᠭᠲᠡᠢ᠂ ᠪᠣᠷᠳᠣᠭᠤᠷ ᠤᠨ ᠨᠡᠷᠡᠶᠢᠳᠦᠯ᠂ ᠰᠢᠮ᠎ᠡ ᠲᠡᠵᠢᠭᠡᠯ ᠤᠨ ᠠᠭᠤᠯᠤᠭᠳᠠᠴᠠ᠂ ᠲᠣᠬᠢᠷᠠᠬᠤ ᠬᠡᠪᠴᠢᠶ᠎ᠡ᠂ ᠬᠡᠷᠡᠭᠯᠡᠬᠦ ᠠᠷᠭ᠎ᠠ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ ᠵᠡᠷᠭᠡ ᠠᠭᠤᠯᠭ᠎ᠠ ᠶᠢ ᠪᠦᠷ ᠪᠠᠭᠲᠠᠭᠠᠬᠤ ᠴᠢᠬᠤᠯᠠᠲᠠᠢ᠃ ᠲᠡᠮᠳᠡᠭ ᠨᠢ ᠪᠠᠯᠠᠷᠬᠠᠶ ᠪᠤᠶᠤ ᠪᠦᠷᠢᠨ ᠪᠤᠰᠤ ᠬᠢᠮᠢ ᠶᠢᠨ ᠪᠣᠷᠳᠣᠭᠤᠷ ᠢ ᠪᠣᠯᠭᠤᠮᠵᠢᠲᠠᠢ ᠪᠠᠷ ᠬᠤᠳᠠᠯᠳᠤᠨ ᠠᠪᠣᠨ᠎ᠠ᠃      ᠦᠷᠭᠦᠯᠵᠢ ᠲᠣᠬᠢᠶᠠᠯᠳᠤᠳᠠᠭ ᠬᠢᠮᠢ ᠶᠢᠨ ᠪᠤᠷᠳᠤᠭᠤᠷ ᠳᠣᠲᠣᠷ᠎ᠠ ᠰᠢᠭᠡᠰᠦᠯᠢᠭ ᠡᠳ᠋᠂ ᠨᠡᠶᠢᠯᠡᠮᠡᠯ  ᠪᠣᠷᠳᠣᠭᠤᠷ ᠵᠡᠷᠭᠡ ᠪᠠᠶᠢᠳᠠᠭ᠃  ᠰᠢᠭᠡᠰᠦᠯᠢᠭ ᠡᠳ᠋ ᠨᠢ ᠭᠤᠤᠯᠳᠠᠭᠤ ᠠᠽᠣᠲ ᠤᠨ ᠡᠯᠧᠮᠧᠨᠲ ᠬᠠᠩᠭᠠᠵᠤ᠂ ᠨᠡᠢᠯᠡᠮᠡᠯ ᠪᠣᠷᠳᠣᠭᠤᠷ ᠨᠢ ᠰᠢᠮ᠎ᠡ ᠲᠡᠵᠢᠭᠡᠯ ᠤᠨ ᠬᠠᠷᠢᠴᠠᠯ ᠤᠨ ᠠᠳᠠᠯᠢ ᠪᠤᠰᠤ ᠶᠢ ᠦᠨᠳᠦᠰᠦᠯᠡᠨ ᠣᠯᠠᠨ ᠲᠥᠷᠥᠯ ᠤᠨ ᠲᠡᠵᠢᠭᠡᠯ ᠢ ᠬᠠᠩᠭᠠᠳᠠᠭ᠃ ᠨᠡᠢᠯᠡᠮᠡᠯ ᠪᠣᠷᠳᠣᠭᠤᠷ ᠢ ᠰᠣᠩᠭᠤᠬᠤ ᠳᠠᠭᠠᠨ ᠲᠠᠷᠢᠮᠠᠯ ᠤᠨ ᠪᠣᠷᠳᠣᠭᠤᠷ ᠬᠡᠷᠡᠭᠰᠡᠬᠦ ᠵᠢᠮ᠎ᠡ ᠶᠣᠰᠣ ᠪᠣᠯᠣᠨ ᠰᠢᠮ᠎ᠡ ᠲᠡᠵᠢᠭᠡᠯ ᠤᠨ ᠵᠣᠬᠢᠰᠲᠠᠢ ᠬᠠᠷᠢᠴᠠᠯ ᠢ ᠦᠨᠳᠦᠰᠦᠯᠡᠬᠦ ᠬᠡᠷᠡᠭᠲᠡᠢ᠃ ᠲᠤᠬᠠᠢᠯᠠᠪᠠᠯ᠂ ᠨᠠᠪᠴᠢᠨ ᠤ ᠨᠣᠭᠤᠭᠠᠨ ᠤ ᠲᠥᠷᠥᠯ ᠤᠨ ᠢᠳᠡᠰᠢᠨ ᠨᠣᠭᠤᠭ᠎ᠠ ᠶᠢᠨ ᠥᠰᠦᠯᠲᠡ ᠶᠢᠨ ᠡᠬᠢᠨ ᠤ ᠬᠤᠭᠤᠴᠠᠭᠠᠨ ᠳᠤ ᠠᠽᠣᠲ ᠪᠣᠷᠳᠣᠭᠤᠷ ᠤᠨ ᠬᠡᠷᠡᠭᠴᠡᠭᠡ ᠨᠡᠯᠢᠶᠡᠳ ᠶᠡᠭᠡ᠂ ᠠᠽᠣᠲ ᠠᠭᠤᠯᠤᠭᠳᠠᠴᠠ ᠨᠡᠯᠢᠶᠡᠳ ᠦᠨᠳᠦᠷ ᠨᠡᠢᠯᠡᠮᠡᠯ ᠪᠣᠷᠳᠣᠭᠤᠷ ᠢ ᠰᠣᠩᠭᠤᠵᠤ ᠪᠣᠯᠤᠨ᠎ᠠ᠃ ᠬᠠᠷᠢᠨ  ᠴᠡᠴᠡᠭᠯᠡᠨ ᠵᠢᠮᠢᠰᠯᠡᠭᠰᠡᠨ ᠦᠶ᠎ᠡ ᠳᠤ ᠹᠣᠰᠹᠣᠷ᠂ ᠺᠠᠯᠢ ᠶᠢᠨ ᠠᠭᠤᠯᠠᠭᠳᠠᠴᠠ ᠨᠡᠯᠢᠶᠡᠳ ᠶᠡᠭᠡ ᠪᠣᠷᠳᠣᠭᠤᠷ ᠬᠡᠷᠡᠭᠰᠡᠨ᠎ᠡ᠃      04 ᠠᠩᠬᠠᠷᠬᠤ ᠵᠦᠢᠯ      1.ᠫᠢᠶᠣᠤ ᠪᠠᠷᠢᠮᠲᠠ ᠠᠪᠬᠤ      ᠲᠠᠷᠢᠶᠠᠨ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ ᠬᠤᠳᠠᠯᠳᠤᠨ ᠠᠪᠬᠤ ᠳᠤ ᠡᠷᠬᠡᠪᠰᠢ ᠬᠤᠳᠠᠯᠳᠤᠭᠠᠴᠢᠳ ᠠᠴᠠ ᠬᠦᠴᠦᠨ ᠪᠥᠬᠦᠶ ᠫᠢᠶᠣᠤ ᠪᠠᠷᠢᠮᠲᠠ ᠠᠪᠬᠤ ᠬᠡᠷᠡᠭᠲᠡᠢ᠂ ᠵᠢᠱᠢᠶᠡᠯᠡᠪᠡᠯ ᠲᠠᠰᠣᠯᠪᠣᠷᠢ ᠪᠤᠶᠤ ᠪᠠᠷᠢᠮᠲᠠ ᠵᠡᠷᠭᠡ᠃ ᠫᠢᠶᠣᠤ ᠪᠠᠷᠢᠮᠲᠠ ᠶᠢᠨ ᠳᠡᠭᠡᠷ᠎ᠡ ᠲᠠᠷᠢᠶᠠᠯᠠᠩ ᠤᠨ ᠬᠡᠷᠡᠭᠰᠡᠯ ᠬᠤᠳᠠᠯᠳᠤᠨ ᠠᠪᠬᠤ ᠨᠡᠷᠡᠶᠢᠳᠦᠯ᠂ ᠲᠤᠭ᠎ᠠ ᠬᠡᠮᠵᠢᠶ᠎ᠡ᠂ ᠦᠨ᠎ᠡ ᠬᠠᠩᠰᠢ᠂ ᠬᠤᠳᠠᠯᠳᠤᠨ ᠠᠪᠬᠤ ᠡᠳᠦᠷ ᠬᠤᠭᠤᠴᠠᠭ᠎ᠠ ᠪᠠ ᠬᠤᠳᠠᠯᠳᠤᠭᠠᠴᠢᠨ ᠤ  ᠨᠡᠷᠡᠶᠢᠳᠦᠯ ᠬᠠᠶ᠋ᠢᠭ ᠵᠡᠷᠭᠡ ᠮᠡᠳᠡᠭᠡ ᠵᠠᠩᠭᠢ ᠶᠢ ᠲᠣᠳᠣᠷᠬᠠᠢᠯᠠᠬᠤ ᠬᠡᠷᠡᠭᠲᠡᠢ᠃ ᠡᠨᠡ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠰᠠᠭᠤᠳᠠᠯ ᠪᠤᠶᠤ ᠬᠡᠷᠡᠭᠯᠡᠭᠡᠨ ᠤ ᠵᠠᠭᠤᠷᠠᠯᠳᠤᠭᠠᠨ ᠲᠣᠬᠢᠶᠠᠯᠳᠤᠬᠤ ᠦᠶ᠎ᠡ ᠳᠤ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠴᠢᠬᠤᠯᠠ ᠦᠨᠳᠦᠰᠦᠯᠡᠯ ᠪᠣᠯᠤᠨ᠎ᠠ᠃      2.ᠪᠣᠭᠤᠳᠠᠯ ᠢᠶᠠᠨ ᠰᠠᠶᠢᠲᠤᠷ ᠬᠠᠳᠠᠭᠠᠯᠠᠬᠤ      ᠲᠠᠷᠢᠶᠠᠨ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ ᠤᠨ ᠪᠣᠭᠤᠳᠠᠯ ᠤᠨ ᠤᠭᠤᠲᠠ ᠪᠤᠶᠤ  ᠯᠣᠩᠬᠤ ᠰᠠᠪᠠ ᠶᠢ ᠴᠤ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ᠃ ᠦᠷ᠎ᠡ ᠶᠢᠨ ᠰᠤᠶᠤᠭᠠᠯᠠᠭᠰᠠᠨ ᠨᠢ ᠰᠠᠶᠢᠨ ᠪᠢᠰᠢ᠂ ᠲᠠᠷᠢᠶᠠᠨ ᠡᠮ ᠢ ᠬᠡᠷᠡᠭᠯᠡᠭᠰᠡᠨ ᠤ ᠳᠠᠷᠠᠭ᠎ᠠ ᠡᠮ ᠤᠨ ᠬᠥᠨᠥᠭᠡᠯ ᠪᠤᠶᠤ ᠬᠢᠮᠢ ᠶᠢᠨ ᠪᠣᠷᠲᠣᠭᠤᠷ ᠢ ᠬᠡᠷᠡᠭᠯᠡᠬᠦ ᠦᠷ᠎ᠡ ᠪᠦᠲᠦᠮᠵᠢ ᠮᠠᠭᠤ ᠵᠡᠷᠭᠡ ᠪᠠᠶᠢᠳᠠᠯ ᠢ ᠣᠯᠵᠤ ᠮᠡᠳᠡᠪᠡᠯ᠂ ᠪᠣᠭᠤᠳᠠᠯ ᠳᠡᠭᠡᠷᠡᠬᠢ ᠢᠯᠡᠳᠭᠡᠯᠲᠡ ᠮᠡᠳᠡᠭᠡ ᠵᠠᠩᠭᠢ ᠨᠢ ᠠᠰᠠᠭᠤᠳᠠᠯ ᠤᠨ ᠣᠷᠣᠰᠢᠬᠤ ᠭᠠᠵᠠᠷ ᠢ ᠮᠠᠭᠠᠳᠯᠠᠬᠤ ᠳᠤ ᠠᠰᠢᠭᠲᠠᠶ ᠪᠠᠶᠢᠵᠤ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠭᠲᠠᠭᠠᠬᠤ ᠳᠤ ᠠᠰᠢᠭᠲᠠᠶ ᠶᠤᠮ᠃      ᠮᠠᠯᠴᠢᠨ ᠲᠠᠷᠢᠶᠠᠴᠢᠨ ᠨᠠᠶᠢᠵᠠ ᠨᠠᠷ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠨᠢ ᠪᠦᠬᠦ ᠵᠢᠯ ᠤᠨ ᠲᠠᠷᠢᠶᠠᠯᠠᠩ ᠤᠨ ᠬᠤᠷᠢᠶᠠᠯᠲᠠ ᠲᠠᠢ ᠬᠤᠯᠪᠣᠭᠳᠠᠨ᠎ᠠ᠂ ᠤᠯᠠᠨ ᠢᠶᠠᠷ ᠢᠶᠠᠨ ᠡᠷᠬᠡᠪᠰᠢ ᠦᠷ᠎ᠡ᠂ ᠲᠠᠷᠢᠶᠠᠨ ᠡᠮ᠂ ᠬᠢᠮᠢ ᠶᠢᠨ ᠪᠤᠷᠳᠤᠭᠤᠷ ᠢ ᠪᠣᠯᠭᠤᠮᠵᠢᠲᠠᠢ ᠰᠣᠩᠭᠤᠨ ᠬᠡᠷᠡᠭᠯᠡᠬᠦ ᠬᠡᠷᠡᠭᠲᠡᠢ᠃ ᠣᠯᠠᠨ ᠢᠶᠠᠷ ᠢᠶᠠᠨ ᠪᠦᠷ ᠲᠣᠬᠢᠷᠠᠮᠵᠢᠲᠠᠶ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ‌ᠢ ᠬᠤᠳᠠᠯᠳᠤᠨ ᠠᠪᠴᠤ᠂ ᠰᠢᠨ᠎ᠡ ᠨᠢᠭᠡ ᠵᠢᠯ ᠳᠤ ᠰᠠᠶᠢᠨ ᠬᠤᠷᠢᠶᠠᠯᠲᠠ ᠣᠯᠬᠤ ᠶᠢ ᠬᠦᠰᠡᠵᠦ ᠪᠠᠶᠢᠨ᠎ᠠ︕                   ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ                   ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ                2025 ᠣᠨ ᠤ 3 ᠳ᠋ᠤᠭᠠᠷ ᠰᠠᠷ᠎ᠠ ᠶᠢᠨ 25 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号