ᠵᠡᠭᠡᠯᠢ ᠭᠤᠳᠤᠮᠵᠢ ᠪᠠᠷ ᠳᠣᠭᠤᠷᠢᠨ ᠪᠣᠷᠣᠯᠠᠭᠤᠯᠬᠤ ᠶᠢ ᠰᠡᠷᠡᠮᠵᠢᠯᠡᠬᠦ ᠲᠤᠬᠠᠶ ᠮᠡᠳᠡᠭᠳᠡᠬᠦ ᠪᠢᠴᠢᠭ
ᠨᠡᠶᠢᠲᠡᠯᠡᠭᠰᠡᠨ ᠴᠠᠭ᠄
2025/3/28
ᠪᠦᠬᠦ ᠬᠤᠰᠢᠭᠤᠨ ᠤ ᠮᠠᠯᠴᠢᠨ ᠲᠠᠷᠢᠶᠠᠴᠢᠨ ᠨᠠᠶᠢᠵᠠ ᠨᠠᠷ ᠡ᠄      ᠬᠠᠪᠤᠷ ᠤᠨ ᠤᠯᠠᠷᠢᠯ ᠳᠤ ᠨᠢᠭᠡ ᠮᠥᠬᠦᠯᠢᠭ ᠨᠠᠷᠢᠮᠤ ᠲᠠᠷᠢᠪᠠᠯ᠂ ᠨᠠᠮᠤᠷ ᠤᠨ ᠬᠤᠷᠢᠶᠠᠯᠲᠠ ᠳᠤ ᠲᠦᠮᠡᠨ ᠮᠥᠬᠦᠯᠢᠭ ᠠᠮᠤ ᠬᠤᠷᠢᠶᠠᠳᠠᠭ᠃ ᠬᠠᠪᠤᠷ ᠤᠨ ᠲᠠᠷᠢᠶᠠᠯᠠᠭ᠎ᠠ ᠶᠢᠨ ᠴᠠᠭ ᠡᠳᠦᠷ ᠢᠷᠡᠬᠦᠶ᠎ᠡ ᠣᠶᠢᠷᠠᠳᠴᠤ᠂ ᠲᠠᠷᠢᠶᠠᠯᠠᠩ ᠳᠤ ᠬᠡᠷᠡᠭᠯᠡᠬᠦ ᠡᠯ᠎ᠡ ᠲᠥᠷᠥᠯ ᠤᠨ ᠡᠳ᠋ ᠪᠣᠳᠠᠰ ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠲᠠᠷᠢᠶᠠᠨ ᠦᠷ᠎ᠡ᠂ ᠲᠠᠷᠢᠶᠠᠨ ᠡᠮ᠂ ᠬᠢᠮᠢ ᠶᠢᠨ ᠪᠤᠷᠳᠤᠭᠤᠷ᠂ ᠲᠡᠵᠢᠭᠡᠯ ᠪᠣᠷᠳᠤᠭ᠎ᠠ᠂ ᠮᠠᠯ ᠤᠨ ᠡᠮ ᠵᠡᠷᠭᠡ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠰᠣᠩᠭᠤᠨ ᠬᠤᠳᠠᠯᠳᠤᠨ ᠠᠪᠬᠤ ᠨᠢ ᠲᠡᠷᠢᠭᠦᠨ ᠴᠢᠬᠤᠯᠠ ᠶᠠᠪᠤᠳᠠᠯ ᠪᠣᠯᠵᠠᠢ᠃ ᠭᠡᠪᠡᠴᠦ ᠣᠶᠢᠷ᠎ᠠ ᠳᠤ ᠵᠡᠭᠡᠯᠢ ᠭᠤᠳᠤᠮᠵᠢ ᠪᠠᠷ ᠳᠣᠭᠤᠷᠢᠨ ᠶᠠᠪᠤᠵᠤ ᠲᠠᠷᠢᠶᠠᠨ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠲᠡᠵᠢᠭᠡᠯ ᠪᠣᠷᠳᠤᠭ᠎ᠠ᠂ ᠮᠠᠯ ᠤᠨ ᠡᠮ ᠵᠡᠷᠭᠡ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ  ᠪᠣᠷᠤᠯᠠᠭᠠᠯᠤᠭᠰᠠᠨ ᠪᠠᠶᠢᠳᠠᠯ ᠢᠯᠡᠷᠡᠭᠰᠡᠨ ᠪᠠᠶᠢᠨ᠎ᠠ᠃ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠬᠠᠮᠠᠭᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠠᠳᠡ ᠣᠯᠠᠨ ᠳᠤ ᠣᠨᠴᠠᠭᠠᠶᠢᠯᠠᠨ ᠰᠠᠨᠠᠭᠤᠯᠬᠤ ᠨᠢ᠄ ᠵᠡᠭᠡᠯᠢ ᠭᠤᠳᠤᠮᠵᠢ ᠪᠠᠷ ᠳᠣᠭᠤᠷᠢᠨ ᠶᠠᠪᠤᠵᠤ᠂ ᠡᠳᠡᠭᠡᠷ ᠲᠠᠷᠢᠶᠠᠯᠠᠩ ᠳᠤ ᠬᠡᠷᠡᠭᠯᠡᠬᠦ ᠡᠳ᠋ ᠪᠠᠷᠠᠭ᠎ᠠ ᠶᠢ ᠪᠣᠷᠣᠯᠠᠭᠤᠯᠵᠤ ᠪᠠᠶᠢᠭ᠎ᠠ ᠪᠠᠶᠢᠳᠠᠯ ᠢ ᠣᠯᠵᠤ ᠮᠡᠳᠡᠪᠡᠯ᠂ ᠶᠠᠭᠠᠬᠢᠭᠰᠠᠨ ᠴᠤ ᠢᠲᠡᠭᠡᠵᠦ ᠪᠣᠯᠬᠤ ᠦᠭᠡᠶ᠂ ᠨᠡᠩ ᠴᠤ  ᠬᠤᠳᠠᠯᠳᠤᠨ ᠠᠪᠴᠤ ᠪᠣᠯᠬᠤ ᠦᠭᠡᠶ᠃      ᠡᠳᠡᠭᠡᠷ ᠳᠣᠭᠤᠷᠢᠨ ᠪᠣᠷᠤᠯᠠᠭᠠᠯᠤᠭᠰᠠᠨ ᠲᠠᠷᠢᠶᠠᠯᠠᠩ ᠤᠨ ᠡᠳ᠋ ᠪᠤᠳᠠᠰ ᠲᠤ ᠮᠠᠰᠢ ᠣᠯᠠᠨ ᠠᠶᠤᠯ ᠲᠦᠭᠰᠢᠭᠦᠷᠢ ᠪᠠᠶᠢᠳᠠᠭ᠃ ᠶᠠᠰᠤ ᠴᠢᠨᠠᠷ ᠤᠨ ᠲᠠᠯ᠎ᠠ ᠠᠴᠠ ᠦᠵᠡᠪᠡᠯ᠂ ᠲᠡᠭᠦᠨ ᠤ ᠢᠷᠡᠯᠲᠡ ᠲᠣᠳᠣᠷᠬᠠᠢ ᠦᠭᠡᠢ᠂ ᠣᠯᠠᠨ ᠦᠶ᠎ᠡ ᠳᠤ ᠦᠢᠯᠡᠳᠭᠦᠨ ᠤ ᠶᠠᠰᠤ ᠴᠢᠨᠠᠷ ᠢ ᠪᠠᠲᠤᠯᠠᠬᠤ ᠶᠢᠨ ᠠᠷᠭ᠎ᠠ ᠦᠭᠡᠢ᠃ ᠡᠳᠡᠭᠡᠷ ᠰᠢᠯᠭᠠᠨ ᠪᠠᠶᠢᠴᠠᠭᠠᠯᠲᠠ ᠬᠢᠯᠭᠡᠭᠰᠡᠨ ᠦᠭᠡᠢ ᠦᠢᠯᠡᠳᠭᠦᠨ ᠳᠤ ᠬᠤᠣᠷ ᠬᠥᠨᠥᠭᠡᠯ ᠲᠠᠢ ᠪᠣᠳᠠᠰ ᠪᠠᠶᠢᠬᠤ ᠮᠠᠭᠠᠳ ᠦᠭᠡᠢ᠂ ᠡᠰᠡᠬᠦᠯ᠎ᠡ ᠰᠢᠮ᠎ᠡ ᠲᠡᠵᠢᠭᠡᠯ ᠤᠨ ᠠᠭᠤᠯᠤᠭᠳᠠᠴᠠ ᠬᠦᠷᠦᠯᠴᠡᠬᠦ ᠦᠭᠡᠢ᠂ ᠮᠠᠭᠤ ᠪᠠᠷ ᠰᠠᠶᠢᠨ ᠢ ᠣᠷᠣᠯᠠᠭᠤᠯᠵᠤ᠂ ᠲᠠᠷᠢᠮᠠᠯ ᠤᠨ ᠬᠡᠪ ᠤᠨ ᠥᠰᠥᠯᠲᠡ ᠪᠠ ᠮᠠᠯ ᠤᠨ ᠡᠷᠡᠭᠦᠯ ᠮᠡᠨᠳᠦ ᠶᠢ ᠪᠠᠲᠤᠯᠠᠬᠤ ᠶᠢᠨ ᠠᠷᠭ᠎ᠠ ᠦᠭᠡᠢ ᠮᠥᠷᠲᠡᠭᠡᠨ ᠪᠠᠰᠠ ᠣᠯᠠᠨ ᠳᠤ ᠬᠦᠨᠳᠦ ᠨᠣᠴᠢᠲᠠᠶ ᠠᠵᠤ ᠠᠬᠤᠶ ᠶᠢᠨ ᠬᠤᠬᠢᠷᠠᠯ ᠤᠴᠠᠷᠠᠭᠤᠯᠬᠤ ᠪᠣᠯᠤᠨ᠎ᠠ᠃ ᠵᠢᠱᠢᠶᠡᠯᠡᠪᠡᠯ᠂ ᠴᠢᠨᠠᠷ ᠮᠠᠭᠤᠲᠠᠢ ᠲᠠᠷᠢᠶᠠᠨ ᠡᠮ ᠬᠡᠷᠡᠭᠯᠡᠬᠦ ᠳᠤ ᠲᠠᠷᠢᠮᠠᠯ ᠤᠨ ᠭᠡᠮ ᠬᠤᠷᠣᠬᠠᠢ ᠶᠢᠨ ᠬᠥᠨᠥᠭᠡᠯ ᠢ ᠶᠡᠬᠡᠰᠬᠡᠵᠥ᠂ ᠤᠨᠠᠯᠲᠠ ᠬᠠᠰᠤᠭᠳᠠᠵᠤ᠂ ᠴᠢᠨᠠᠭᠰᠢᠯᠠᠪᠠᠯ ᠬᠤᠷᠢᠶᠠᠯᠲᠠ ᠲᠠᠰᠤᠷᠠᠬᠤ ᠮᠠᠭᠠᠳ︔ ᠶᠠᠰᠤ ᠴᠢᠨᠠᠷ ᠪᠠᠷᠢᠮᠵᠢᠶ᠎ᠠ ᠳᠤ ᠬᠥᠷᠬᠦ ᠦᠭᠡᠢ ᠲᠡᠵᠢᠭᠡᠯ ᠪᠣᠷᠳᠤᠭ᠎ᠠ ᠨᠢ ᠮᠠᠯ ᠤᠨ ᠥᠰᠦᠯᠲᠡ ᠪᠦᠵᠢᠯᠲᠠ ᠪᠣᠯᠤᠨ ᠡᠷᠡᠭᠦᠯ ᠮᠡᠨᠳᠦ ᠶᠢ ᠨᠥᠯᠥᠭᠡᠯᠡᠬᠦ ᠪᠣᠯᠤᠨ᠎ᠠ᠃      ᠡᠷᠬᠡ ᠠᠰᠢᠭ ᠢᠶᠠᠨ ᠬᠠᠮᠠᠭᠠᠯᠠᠬᠤ ᠲᠠᠯ᠎ᠠ ᠠᠴᠠ ᠠᠪᠴᠤ ᠬᠡᠯᠡᠪᠡᠯ᠂ ᠳᠣᠭᠤᠷᠢᠨ ᠪᠣᠷᠤᠯᠠᠭᠠᠯᠤᠭᠰᠠᠨ ᠬᠤᠳᠠᠯᠳᠤᠭᠠᠴᠢᠨ ᠤ ᠨᠡᠭᠦᠳᠡᠯ ᠴᠢᠨᠠᠷ ᠶᠡᠭᠡ᠂ ᠲᠣᠭᠲᠠᠮᠠᠯ ᠡᠵᠡᠩᠨᠡᠯᠲᠡ ᠶᠢᠨ ᠭᠠᠵᠠᠷ ᠦᠭᠡᠢ᠂ ᠬᠤᠳᠠᠯᠳᠤᠨ ᠠᠪᠤᠭᠰᠠᠨ ᠤ ᠳᠠᠷᠠᠭ᠎ᠠ ᠠᠰᠠᠭᠤᠳᠠᠯ ᠭᠠᠷᠪᠠᠯ᠂ ᠬᠤᠳᠠᠯᠳᠤᠭᠠᠴᠢᠨ ᠳᠤ ᠰᠠᠨᠠᠯ ᠭᠠᠷᠭᠠᠨ ᠶᠠᠷᠢᠯᠴᠠᠵᠤ᠂ ᠲᠥᠯᠥᠪᠦᠷᠢ ᠠᠪᠬᠤ ᠨᠢ ᠪᠠᠷᠤᠭ ᠪᠣᠯᠤᠯᠴᠠᠭ᠎ᠠ ᠦᠭᠡᠢ ᠶᠠᠪᠤᠳᠠᠯ ᠪᠣᠯᠤᠨ᠎ᠠ᠃ ᠲᠡᠳᠡ ᠶᠠᠭᠤᠮ᠎ᠠ ᠪᠠᠨ ᠬᠤᠳᠠᠯᠳᠤᠵᠤ ᠪᠠᠷᠠᠮᠠᠭᠴᠠ ᠣᠷᠣ ᠲᠠᠰᠤ ᠶᠠᠪᠤᠵᠤ᠂ ᠪᠢᠳᠡᠨ ᠤ ᠮᠠᠯᠴᠢᠨ ᠲᠠᠷᠢᠶᠠᠴᠢᠳ ᠵᠣᠪᠠᠨᠢᠯ ᠢᠶᠠᠨ ᠬᠡᠯᠡᠭᠦ ᠭᠠᠵᠠᠷ ᠦᠭᠡᠢ ᠪᠣᠯᠭᠠᠵᠤ᠂ ᠬᠤᠬᠢᠷᠠᠯ ᠢᠶᠠᠨ ᠥᠪᠡᠷᠲᠡᠭᠡᠨ ᠬᠠᠷᠢᠭᠤᠴᠠᠬᠤ ᠪᠤᠯᠤᠨ᠎ᠠ᠃      ᠲᠠᠷᠢᠶᠠᠯᠠᠩ ᠤᠨ ᠬᠡᠷᠡᠭᠰᠡᠯ ᠢᠶᠠᠨ ᠰᠣᠩᠭᠤᠨ ᠬᠤᠳᠠᠯᠳᠤᠨ ᠠᠪᠬᠤ ᠳᠠᠭᠠᠨ ᠵᠢᠩᠬᠢᠨᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠣᠷᠣᠯᠠᠭᠤᠯᠬᠤ ᠳᠡᠯᠭᠡᠭᠦᠷ ᠲᠤ ᠬᠦᠷᠴᠦ᠂ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠬᠤᠳᠠᠯᠳᠤᠨ ᠠᠪᠬᠤ ᠳᠠᠭᠠᠨ ᠬᠤᠳᠠᠯᠳᠤᠭᠠᠴᠢᠨ ᠤ ᠡᠵᠡᠩᠨᠡᠯᠲᠡ ᠶᠢᠨ ᠬᠢᠷᠢ ᠬᠡᠮ᠂ ᠦᠢᠯᠡᠳᠬᠦᠨ ᠤ ᠶᠠᠰᠤ ᠴᠢᠨᠠᠷ ᠢ ᠪᠠᠶᠢᠴᠠᠭᠠᠵᠤ᠂ ᠵᠢᠩᠬᠢᠨᠢ ᠫᠢᠶᠣᠣ ᠪᠠᠷᠢᠮᠲᠠ ᠵᠡᠷᠭᠡ ᠶᠢ ᠠᠪᠴᠤ᠂ ᠳᠣᠭᠤᠷᠢᠨ ᠪᠣᠷᠤᠯᠠᠭᠠᠯᠤᠭᠰᠠᠨ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠬᠤᠳᠠᠯᠳᠤᠨ ᠠᠪᠬᠤ ᠦᠢᠯᠡ ᠠᠵᠢᠯᠯᠠᠭ᠎ᠠ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠶ᠃      ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠡᠯ᠎ᠡ ᠭᠠᠴᠠᠭ᠎ᠠ ᠳᠣᠰᠬᠤᠨ ᠤ ᠵᠥᠪᠯᠡᠯ ᠡᠷᠬᠡᠪᠰᠢ ᠦᠨᠳᠦᠰᠦᠨ ᠱᠠᠲᠤᠨ ᠤ ᠪᠠᠬᠢᠯᠡᠯᠲᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠶᠠᠮᠠᠷᠪᠠ ᠪᠠᠶᠢᠭᠤᠯᠭ᠎ᠠ ᠨᠢᠭᠡᠴᠡ ᠪᠤᠶᠤ ᠬᠤᠪᠢ ᠬᠥᠮᠦᠨ ᠲᠣᠰ ᠲᠣᠰᠬᠤᠨ ᠤ ᠪᠠᠨ ᠣᠯᠠᠨ ᠨᠡᠶᠢᠲᠡ ᠶᠢᠨ ᠲᠠᠯᠠᠪᠤᠷ ᠢ ᠡᠵᠡᠯᠡᠨ ᠬᠡᠷᠡᠭᠯᠡᠵᠥ᠂ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠳᠣᠭᠤᠷᠢᠨ ᠪᠣᠷᠤᠯᠠᠭᠠᠯᠤᠭᠰᠠᠨ ᠦᠢᠯᠡ ᠠᠵᠢᠯᠯᠠᠭ᠎ᠠ ᠳᠤ ᠲᠠᠯᠠᠪᠤᠷ ᠭᠠᠵᠠᠷ ᠤᠨ ᠳᠡᠮᠵᠢᠯᠭᠡ ᠬᠠᠩᠭᠠᠬᠤ ᠶᠢ ᠴᠢᠩᠭ᠎ᠠ  ᠴᠠᠭᠠᠵᠠᠯᠠᠬᠤ ᠬᠡᠷᠡᠭᠲᠡᠶ᠂ ᠲᠣᠰ ᠲᠣᠰᠬᠤᠨ ᠤ ᠬᠡᠪᠴᠢᠶᠡᠨ ᠳᠤ ᠳᠤᠷ᠎ᠠ ᠪᠠᠷ ᠢᠶᠠᠨ ᠳᠡᠯᠭᠡᠭᠦᠷ ᠭᠠᠷᠭᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠭᠦᠨ ᠢ ᠣᠪᠣᠭᠠᠯᠠᠵᠤ ᠲᠠᠯᠪᠢᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠶᠢᠨ ᠬᠠᠮᠲᠤ ᠰᠤᠮᠤ ᠰᠢᠶᠠᠩ ᠪᠠᠯᠭᠠᠰᠣᠨ ᠤ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠴᠠᠭ ᠲᠤᠬᠠᠶ ᠳᠤᠨᠢ ᠮᠡᠳᠡᠭᠦᠯᠵᠦ ᠢᠯᠡᠴᠢᠯᠡᠭᠦ ᠬᠡᠷᠡᠭᠲᠡᠶ︔ ᠬᠡᠷᠪᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠰᠡᠵᠢᠭᠯᠡᠭᠳᠡᠭᠰᠡᠨ ᠪᠠᠶᠢᠪᠠᠯ ᠬᠠᠮᠢᠶ᠎ᠠ ᠪᠦᠬᠦᠢ ᠰᠦᠪᠡᠭᠴᠢ ᠶᠢ ᠴᠠᠭ ᠲᠤᠬᠠᠶ ᠳᠤᠨᠢ ᠬᠠᠷᠢᠶ᠎ᠠ ᠭᠠᠵᠠᠷ ᠤᠨ ᠲᠣᠮᠢᠯᠠᠭᠰᠠᠨ ᠰᠠᠯᠪᠤᠷᠢ ᠵᠢᠴᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠬᠦ ᠬᠡᠷᠡᠭᠲᠡᠶ᠃      ᠮᠠᠯᠴᠢᠨ ᠲᠠᠷᠢᠶᠠᠴᠢᠨ ᠨᠠᠶᠢᠵᠠ ᠨᠠᠷ ᠡ᠂ ᠲᠠᠷᠢᠶᠠᠯᠠᠩ ᠦᠢᠯᠡᠳᠪᠦᠷᠢᠯᠡᠯ ᠪᠣᠯ ᠮᠠᠨ ᠤ ᠠᠵᠤ ᠠᠮᠢᠳᠤᠷᠠᠯ ᠤᠨ ᠦᠨᠳᠦᠰᠦ ᠮᠥᠨ᠂ ᠥᠴᠦᠬᠡᠨ ᠴᠦ ᠬᠠᠰᠢ ᠶᠠᠰᠢ  ᠬᠠᠨᠳᠤᠵᠤ ᠪᠣᠯᠬᠤ ᠦᠭᠡᠢ᠃ ᠣᠯᠠᠨ ᠢᠶᠠᠷ ᠢᠶᠠᠨ ᠬᠠᠷᠢᠯᠴᠠᠨ ᠳᠠᠮᠵᠢᠭᠤᠯᠵᠤ᠂ ᠨᠢᠳᠦ ᠪᠠᠨ ᠭᠢᠯᠠᠯᠵᠠᠭᠤᠯᠵᠤ᠂ ᠮᠠᠨ ᠤ ᠲᠠᠷᠢᠶᠠᠯᠠᠩ ᠦᠢᠯᠡᠳᠪᠦᠷᠢᠯᠡᠯ ᠤᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠲᠤ ᠪᠠᠷ ᠰᠠᠬᠢᠨ ᠬᠠᠮᠠᠭᠠᠯᠠᠬᠤ ᠬᠡᠷᠡᠭᠲᠡᠶ᠃ ᠪᠢᠳᠡ ᠵᠡᠭᠡᠯᠢ ᠭᠤᠳᠤᠮᠵᠢ ᠪᠠᠷ ᠳᠣᠭᠤᠷᠢᠨ ᠶᠠᠪᠤᠵᠤ ᠪᠠᠶᠢᠭ᠎ᠠ ᠪᠣᠷᠣᠯᠠᠭᠤᠯᠭ᠎ᠠ ᠶᠢᠨ ᠠᠵᠢᠯᠯᠠᠭ᠎ᠠ ᠶᠢ ᠭᠠᠷ ᠬᠤᠯᠪᠣᠯᠴᠡᠨ ᠬᠤᠷᠢᠭᠯᠠᠵᠤ᠂ ᠵᠢᠩᠬᠢᠨᠢ ᠠᠷᠭ᠎ᠠ ᠵᠠᠮ ᠢ ᠰᠣᠩᠭᠤᠨ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠬᠤᠳᠠᠯᠳᠤᠨ ᠠᠪᠴᠤ᠂ ᠡᠨᠡ ᠵᠢᠯ ᠤᠨ ᠶᠡᠭᠡ ᠡᠯᠪᠡᠭ ᠬᠤᠷᠢᠶᠠᠯᠲᠠ ᠳᠤ ᠪᠠᠲᠤ ᠪᠠᠬᠢ ᠰᠠᠭᠤᠷᠢ ᠲᠠᠯᠪᠢᠵᠤ ᠥᠭᠭᠦᠶ᠎ᠡ᠃       ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ᠃              ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ              ᠳᠣᠲᠣᠭᠠᠳᠤ ᠶᠢ ᠬᠠᠮᠠᠭᠠᠯᠠᠬᠤ ᠲᠣᠪᠴᠢᠶ᠎ᠠ              ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ               ᠲᠠᠷᠢᠶᠠᠯᠠᠩ ᠠᠯ ᠠᠵᠤ ᠠᠬᠤᠢ ᠶᠢᠨ ᠲᠣᠪᠴᠢᠶ᠎ᠠ              ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ               ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ              ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ               ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ                     2025 ᠣᠨ ᠤ 3 ᠰᠠᠷ᠎ᠠ ᠶᠢᠨ 25 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号