ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠲᠦᠮᠡᠨ ᠨᠠᠷ ᠡ᠄ | 2025 ᠤᠨ ᠤ ᠬᠠᠩᠰᠢ ᠤᠨ ᠡᠳᠦᠷ ᠤᠳᠠᠯ ᠦᠬᠡᠢ ᠬᠦᠷᠴᠤ ᠢᠷᠡᠬᠦ ᠪᠠᠷ᠂ ᠲᠡᠭᠡᠳᠦᠰ ᠢᠶᠠᠨ ᠳᠤᠷᠠᠰᠤᠨ | ᠰᠠᠨᠠᠭᠠᠯᠵᠠᠵᠤ᠂ ᠭᠠᠰᠢᠭᠤᠳᠠᠯ ᠢᠶᠠᠨ ᠢᠯᠡᠳᠬᠡᠭᠰᠡᠨ ᠡᠨᠡᠬᠦ ᠤᠯᠠᠮᠵᠢᠯᠠᠯᠲᠤ ᠡᠳᠦᠷ ᠲᠤ᠂ ᠳᠤᠮᠳᠠᠳᠤ ᠶᠢᠨ | ᠦᠨᠳᠦᠰᠦᠲᠡᠨ ᠤ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠵᠠᠩ ᠰᠤᠷᠳᠠᠯ ᠢ ᠥᠭᠡᠷᠡᠴᠢᠯᠡᠬᠦ ᠶᠢ ᠠᠬᠢᠭᠤᠯᠵᠤ᠂ | ᠪᠣᠯᠪᠠᠰᠤᠨ᠂ ᠪᠣᠬᠢᠷᠲᠤᠯ ᠥᠬᠡᠶ᠂ ᠠᠮᠤᠷ ᠲᠦᠪᠰᠢᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠠᠮᠤᠷ | ᠠᠮᠤᠭᠤᠯᠠᠩ ᠡᠮᠬᠢ ᠵᠢᠷᠤᠮ ᠲᠠᠢ᠂ ᠡᠶ᠎ᠡ ᠵᠣᠬᠢᠴᠠᠩᠭᠤᠶ ᠠᠷᠢᠭᠤᠨ ᠴᠢᠬᠡᠴᠢ ᠪᠠᠶᠠᠷ ᠤᠨ ᠡᠳᠦᠷ ᠤᠨ ᠠᠭᠤᠷ | ᠠᠮᠢᠰᠬᠤᠯ ᠢ ᠬᠠᠮᠲᠤ ᠪᠠᠷ ᠪᠣᠶ ᠪᠣᠯᠭᠠᠬᠤ ᠶᠢᠨ ᠲᠥᠯᠥᠭᠡ᠂ ᠪᠢᠳᠡ ᠪᠥᠬᠦ ᠬᠤᠰᠢᠭᠤᠨ ᠤ ᠰᠠᠭᠤᠭᠠᠯᠢ ᠠᠷᠠᠳ | ᠲᠦᠮᠡᠨ ᠳᠤ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄ | ᠨᠢᠭᠡ ᠄ ᠵᠠᠩ ᠰᠤᠷᠳᠠᠯ ᠢᠶᠠᠨ ᠦᠭᠡᠷᠡᠴᠢᠯᠡᠵᠦ᠂ ᠪᠤᠬᠢᠷᠳᠤᠯ ᠦᠭᠡᠢ ᠲᠠᠬᠢᠯᠭ᠎ᠠ ᠬᠢᠶ᠎ᠡ | ᠴᠠᠭᠠᠰᠤᠨ ᠵᠣᠭᠤᠰ ᠰᠢᠲᠠᠭᠠᠬᠤ᠂ ᠫᠤᠤᠵᠢᠩ ᠲᠠᠯᠪᠢᠬᠤ ᠵᠡᠷᠭᠡ ᠤᠯᠠᠮᠵᠢᠯᠠᠯᠲᠤ ᠲᠠᠬᠢᠯᠭ᠎ᠠ ᠶᠢᠨ ᠠᠷᠭ᠎ᠠ | ᠬᠡᠯᠪᠡᠷᠢ ᠶᠢ ᠤᠬᠠᠮᠰᠠᠷ ᠠᠴᠠ ᠪᠠᠨ ᠲᠠᠶᠠᠭᠳᠠᠵᠤ᠂ ᠰᠣᠷᠭᠤᠭ ᠴᠡᠴᠡᠭ ᠬᠦᠷᠭᠡᠬᠦ᠂ ᠮᠣᠳᠣ ᠲᠠᠷᠢᠵᠤ ᠨᠣᠭᠤᠭᠠᠷᠠᠭᠤᠯᠬᠤ᠂ | ᠠᠯᠤᠰ ᠠᠴᠠ ᠳᠠᠬᠢᠬᠤ᠂ ᠭᠡᠷ ᠪᠦᠯᠢ ᠪᠠᠷ ᠢᠶᠠᠨ ᠳᠤᠷᠠᠰᠤᠨ ᠰᠠᠨᠠᠭᠠᠯᠵᠠᠬᠤ ᠬᠤᠷᠠᠯ ᠬᠢᠬᠦ ᠵᠡᠷᠭᠡ ᠪᠤᠬᠢᠷᠳᠤᠯ ᠦᠭᠡᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠯᠪᠡᠷᠢ ᠪᠠᠷ ᠲᠡᠭᠡᠳᠦᠰ ᠢᠶᠠᠨ ᠳᠤᠷᠠᠰᠤᠨ ᠰᠠᠨᠠᠭᠠᠯᠵᠠᠬᠤ ᠶᠢ | ᠰᠠᠨᠠᠭᠠᠴᠢᠯᠠᠶ᠎ᠠ᠃ ︽ᠰᠦᠯᠵᠢᠶᠡᠨ ᠲᠡᠭᠡᠷ᠎ᠡ ᠦᠷᠡᠭᠳᠡᠭᠰᠡᠨ ᠪᠠᠭᠠᠲᠤᠷᠴᠤᠳ ᠢ ᠲᠠᠬᠢᠬᠤ︾ ᠠᠵᠢᠯᠯᠠᠭ᠎ᠠ ᠳᠤ | ᠢᠳᠡᠪᠬᠢᠲᠡᠢ ᠣᠷᠣᠯᠴᠠᠵᠤ᠂ ᠰᠦᠯᠵᠢᠶᠡᠨ ᠳᠡᠭᠡᠷ᠎ᠡ ᠴᠡᠴᠡᠭ ᠬᠦᠷᠭᠡᠬᠦ᠂ ᠦᠭᠡ ᠦᠯᠡᠳᠡᠭᠡᠵᠦ ᠦᠭᠡ ᠢᠯᠡᠭᠡᠬᠦ | ᠬᠡᠯᠪᠡᠷᠢ ᠪᠠᠷ ᠭᠠᠰᠢᠭᠤᠳᠠᠯ ᠢᠶᠠᠨ ᠢᠯᠡᠳᠬᠡᠵᠦ᠂ ᠪᠣᠬᠢᠷᠲᠤᠯ ᠦᠭᠡᠢ ᠠᠵᠢᠯᠯᠠᠭ᠎ᠠ ᠪᠠᠷ ᠬᠦᠬᠡ ᠣᠭᠲᠠᠷᠭᠤᠢ ᠴᠡᠪᠡᠷ | ᠬᠦᠷᠦᠰᠦ ᠶᠢ ᠰᠠᠬᠢᠨ ᠬᠠᠮᠠᠭᠠᠯᠠᠵᠤ᠂ ᠤᠯᠠᠮᠵᠢᠯᠠᠯᠲᠤ ᠲᠤᠷᠠᠰᠬᠠᠯᠳᠤ ᠡᠳᠦᠷ ᠢ ᠠᠷᠢᠭᠤᠨ ᠴᠡᠪᠡᠷ ᠪᠠ ᠪᠣᠯᠪᠠᠰᠤᠨ | ᠪᠠᠶᠢᠳᠠᠯ ᠳᠤ ᠪᠤᠢ ᠪᠤᠯᠭᠠᠶ᠎ᠠ᠃ | ᠬᠤᠶᠠᠷ᠄ ᠠᠮᠤᠷ ᠲᠦᠪᠰᠢᠨ ᠢᠶᠠᠷ ᠲᠠᠬᠢᠯᠭ᠎ᠠ ᠬᠢᠵᠦ ᠂ ᠡᠶ᠎ᠡ ᠵᠤᠬᠢᠴᠠᠩᠭᠤᠢ ᠡᠮᠬᠢ ᠵᠢᠷᠤᠮ ᠲᠠᠢ ᠪᠠᠶᠢᠬᠤ ᠶᠢ | ᠰᠠᠨᠠᠭᠠᠴᠢᠯᠠᠶ᠎ᠠ | ᠭᠠᠯ ᠰᠡᠷᠭᠡᠶᠢᠯᠡᠬᠦ ᠠᠮᠤᠷ ᠲᠦᠪᠰᠢᠨ ᠤ ᠲᠣᠭᠲᠠᠭᠠᠯ ᠢ ᠴᠢᠩᠭ᠎ᠠ ᠵᠢᠷᠤᠮᠯᠠᠨ᠂ ᠭᠠᠯ ᠤᠨ ᠲᠥᠷᠥᠯ ᠪᠣᠯᠤᠨ | ᠨᠣᠴᠣᠮᠠᠲᠠᠭᠠᠶ ᠲᠡᠯᠪᠡᠷᠡᠮᠡᠳᠡᠭᠡᠢ ᠪᠣᠳᠠᠰ ᠢ ᠠᠪᠴᠤ ᠰᠢᠭᠤᠶᠢᠲᠤ ᠣᠷᠣᠨ᠂ ᠨᠤᠲᠤᠭ ᠪᠡᠯᠴᠢᠭᠡᠷ᠂ ᠪᠤᠯᠠᠰᠢᠨ ᠤ ᠭᠠᠵᠠᠷ | ᠵᠡᠷᠭᠡ ᠲᠠᠯᠠᠪᠤᠷ ᠲᠤ ᠤᠴᠢᠬᠤ ᠦᠭᠡᠶ ᠪᠠᠶᠢᠵᠤ᠂ ᠠᠭᠤᠯᠠᠨ ᠣᠷᠣᠢ᠂ ᠣᠶᠢᠲᠤ ᠭᠠᠵᠠᠷ᠂ ᠨᠡᠶᠢᠲᠡ ᠶᠢᠨ ᠣᠩᠭᠤᠨ ᠤ | ᠳᠣᠲᠣᠷ᠎ᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠦᠭᠡᠶ ᠪᠠᠶᠢᠵᠤ᠂ ᠭᠠᠯ ᠤᠨ ᠠᠶᠤᠯ ᠤᠨ ᠳᠠᠯᠳᠠ ᠭᠡᠮ ᠢ | ᠡᠷᠡᠰ ᠬᠤᠷᠢᠭᠯᠠᠬᠤ ᠬᠡᠷᠡᠭᠲᠡᠶ᠃ ᠲᠠᠬᠢᠯᠭ᠎ᠠ ᠶᠢᠨ ᠴᠠᠭ ᠢ ᠵᠣᠬᠢᠰᠲᠠᠶ ᠲᠣᠬᠢᠷᠠᠭᠤᠯᠵᠤ᠂ ᠣᠷᠭᠢᠯ ᠬᠤᠭᠤᠴᠠᠭ᠎ᠠ | ᠦᠶ᠎ᠡ ᠶᠢ ᠵᠥᠷᠢᠭᠦᠯᠦᠨ ᠶᠠᠪᠤᠵᠤ ᠰᠠᠭᠤᠵᠤ᠂ ᠵᠠᠮ ᠬᠠᠷᠢᠯᠴᠠᠭᠠᠨ ᠤ ᠲᠦᠭᠵᠢᠷᠡᠯ ᠠᠴᠠ ᠵᠠᠶᠢᠯᠠᠰᠬᠢᠬᠤ ᠭᠡᠷᠡᠭᠳᠠᠢ︔ | ᠵᠠᠮ ᠬᠠᠷᠢᠯᠴᠠᠭᠠᠨ ᠤ ᠳᠦᠷᠢᠮ ᠢ ᠵᠢᠷᠤᠮᠯᠠᠵᠤ᠂ ᠪᠣᠯᠪᠠᠰᠤᠨ ᠢᠶᠠᠷ ᠨᠠᠶᠢᠷ ᠲᠠᠯᠪᠢᠵᠤ᠂ ᠬᠠᠮᠲᠤ ᠪᠠᠷ ᠠᠮᠤᠷ ᠲᠦᠪᠰᠢᠨ | ᠡᠮᠬᠢ ᠵᠢᠷᠤᠮ ᠲᠠᠢ ᠲᠠᠬᠢᠯᠭ᠎ᠠ ᠶᠢᠨ ᠣᠷᠴᠢᠨ ᠲᠣᠭᠤᠷᠢᠨ ᠢ ᠬᠠᠮᠠᠭᠠᠯᠠᠶ᠎ᠠ᠃ | ᠭᠤᠷᠪᠠ᠄ ᠠᠷᠪᠢᠴᠢ ᠭᠠᠮᠳᠠᠢ ᠪᠠᠷ ᠲᠠᠬᠢᠯᠭ᠎ᠠ ᠬᠢᠵᠦ᠂ ᠡᠷᠬᠢᠮ ᠰᠤᠷᠳᠠᠯ ᠢ ᠪᠠᠳᠠᠷᠠᠭᠤᠯᠤᠶ᠎ᠠ | ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ᠂ ᠰᠠᠶᠢᠨ ᠠᠰᠠᠷᠠᠨ ᠲᠡᠵᠢᠭᠡᠵᠦ ᠪᠠᠭ᠎ᠠ | ᠭᠡᠯᠪᠡᠷᠢ ᠪᠠᠷ ᠤᠷᠤᠰᠢᠭᠤᠯᠬᠤ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠠᠷᠪᠢᠴᠢ | ᠭᠠᠮᠲᠠᠢ ᠪᠠᠷ ᠣᠷᠣᠰᠢᠭᠤᠯᠬᠤ ᠶᠢ ᠰᠠᠨᠠᠭᠠᠴᠢᠯᠠᠵᠤ᠂ ᠣᠷᠣᠰᠢᠭᠤᠯᠭ᠎ᠠ ᠶᠢ ᠳᠥᠭᠦᠮᠬᠡᠨ ᠢᠶᠠᠷ ᠬᠢᠬᠦ ᠬᠡᠷᠡᠭᠲᠡᠢ᠃ | ᠶᠡᠭᠡ ᠪᠠᠷ ᠵᠠᠰᠠᠵᠤ ᠶᠡᠭᠡ ᠪᠠᠷ ᠬᠢᠬᠦ᠂ ᠱᠠᠯᠢᠨ ᠪᠦᠷᠢᠯᠭᠡᠬᠦ᠂ ᠬᠠᠷᠢᠯᠴᠠᠨ ᠠᠳᠠᠯᠢᠳᠬᠠᠬᠤ ᠶᠢ ᠡᠰᠡᠷᠭᠦᠴᠡᠵᠦ᠂ ᠠᠷᠪᠢᠴᠢ | ᠭᠠᠮᠲᠠᠶ ᠲᠥᠪ ᠶᠡᠬᠡᠮᠰᠦᠭ ᠠᠷᠭ᠎ᠠ ᠮᠠᠶ᠋ᠢᠭ ᠢᠶᠠᠷ ᠲᠥᠷᠥᠯ ᠰᠠᠳᠤᠨ ᠤ ᠬᠤᠭᠤᠷᠤᠨᠳᠤᠬᠢ ᠬᠠᠶᠢᠷ᠎ᠠ ᠰᠡᠳᠬᠢᠯᠭᠡ ᠪᠠᠨ | ᠳᠠᠮᠵᠢᠭᠤᠯᠵᠤ᠂ ᠬᠡᠷ ᠤᠨ ᠰᠤᠷᠲᠠᠯ ᠢᠶᠠᠨ ᠤᠯᠠᠮᠵᠢᠯᠠᠵᠤ᠂ ᠳᠠᠬᠢᠯᠭ᠎ᠠ ᠬᠢᠬᠦ ᠶᠢ ᠠᠮᠢ ᠨᠠᠰᠤᠨ ᠤ ᠦᠨ᠎ᠡ ᠥᠷᠲᠡᠭ ᠢ | ᠤᠬᠠᠭᠠᠷᠠᠭᠤᠯᠬᠤ᠂ ᠣᠶᠤᠨ ᠰᠠᠨᠠᠭᠠᠨ ᠤ ᠬᠦᠴᠦᠨ ᠢ ᠨᠢᠭᠲᠠᠷᠠᠭᠤᠯᠬᠤ ᠰᠣᠶᠣᠯ ᠤᠨ ᠠᠴᠢᠶᠠᠯᠠᠪᠤᠷᠢ ᠪᠤᠯᠭᠠᠶ᠎ᠠ᠃ | ᠲᠦᠷᠪᠡ᠄ ᠪᠣᠯᠪᠠᠰᠤᠨ ᠢᠶᠠᠷ ᠲᠠᠬᠢᠯᠭ᠎ᠠ ᠬᠢᠵᠦ᠂ ᠰᠤᠶᠤᠯ ᠢ ᠤᠯᠠᠮᠵᠢᠯᠠᠨ ᠵᠠᠯᠭᠠᠮᠵᠢᠯᠠᠶ᠎ᠠ | ᠳᠤᠷᠠᠰᠤᠨ ᠰᠠᠨᠠᠭᠠᠯᠵᠠᠬᠤ ᠪᠠ ᠰᠢᠯᠢᠳᠡᠭ ᠭᠡᠷ ᠤᠨ ᠰᠤᠷᠲᠠᠯ ᠢ ᠪᠠᠳᠠᠷᠠᠭᠤᠯᠬᠤ᠂ ᠨᠠᠰᠤ ᠨᠦᠭᠴᠢᠭᠰᠡᠳ ᠤᠨ | ᠵᠣᠷᠢᠭ ᠰᠠᠨᠠᠭ᠎ᠠ ᠶᠢ ᠤᠯᠠᠮᠵᠢᠯᠠᠬᠤ ᠶᠢ ᠬᠠᠷᠢᠯᠴᠠᠨ ᠤᠶᠠᠯᠳᠤᠭᠤᠯᠵᠤ᠂ ᠬᠡᠷ ᠤᠨ ᠰᠤᠷᠭᠠᠯ ᠤᠩᠰᠢᠯᠭ᠎ᠠ᠂ | ᠤᠷᠢᠳᠤ ᠶᠢᠨ ᠦᠯᠢᠭᠡᠷ ᠢ ᠶᠠᠷᠢᠬᠤ᠂ ᠳᠤᠷᠠᠰᠬᠠᠯ ᠤᠨ ᠵᠣᠬᠢᠶᠠᠯ ᠪᠢᠴᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠲᠤᠷᠤᠯ ᠤᠭᠰᠠᠭ᠎ᠠ ᠶᠢᠨ ᠰᠣᠶᠣᠯ ᠢ ᠤᠯᠠᠮᠵᠢᠯᠠᠵᠤ᠂ ᠤᠶᠤᠨ ᠰᠠᠨᠠᠭᠠᠨ ᠤ ᠠᠮᠢᠨ ᠰᠤᠳᠠᠰᠤ ᠶᠢ ᠦᠷᠬᠦᠯᠵᠢᠯᠡᠬᠦᠯᠦᠶᠡ᠃ | ᠨᠠᠮ ᠤᠨ ᠭᠡᠰᠢᠭᠦᠨ ᠺᠠᠳ᠋ᠷ ᠪᠡᠶ᠎ᠡ ᠪᠠᠷ ᠢᠶᠠᠨ ᠬᠡᠪ ᠲᠠᠭᠤᠷᠢᠶᠠᠯ ᠪᠤᠯᠵᠤ᠂ ᠪᠣᠯᠪᠠᠰᠤᠨ ᠲᠠᠬᠢᠯᠭ᠎ᠠ ᠬᠢᠬᠦ ᠶᠢᠨ | ᠤᠢᠢᠯᠠᠭᠠᠭᠳᠠᠬᠤᠨ ᠢ ᠲᠦᠷᠦᠭᠦᠯᠡᠨ ᠦᠢᠯᠡᠳᠦᠯᠭᠡᠵᠢᠭᠦᠯᠵᠦ᠂ ᠤᠯᠠᠨ ᠲᠦᠮᠡᠨ ᠢ ᠲᠠᠶᠢᠴᠢᠯᠠᠨ ᠬᠠᠭᠤᠴᠢᠨ ᠶᠣᠰᠣ | ᠪᠦᠳᠦᠭᠦᠯᠢᠭ ᠵᠠᠩᠰᠢᠯ ᠢ ᠤᠬᠠᠮᠰᠠᠷ ᠠᠴᠠ ᠪᠠᠨ ᠡᠰᠡᠷᠭᠦᠴᠡᠵᠦ᠂ ᠪᠣᠯᠪᠠᠰᠤᠨ ᠰᠢᠨ᠎ᠡ ᠰᠤᠷᠲᠠᠯ ᠢ ᠪᠤᠢ ᠪᠤᠯᠭᠠᠶ᠎ᠠ ᠃ | ᠲᠠᠪᠤ᠄ ᠵᠢᠱᠢᠶ᠎ᠡ ᠦᠵᠡᠭᠦᠯᠦᠨ ᠬᠦᠳᠦᠯᠦᠨ ᠲᠠᠭᠠᠭᠤᠯᠵᠤ᠂ ᠰᠢᠨ᠎ᠡ ᠰᠤᠷᠳᠠᠯ ᠢ ᠬᠠᠮᠳᠤ ᠪᠠᠷ ᠪᠤᠢ ᠪᠤᠯᠭᠠᠶ᠎ᠠ | ᠡᠯ᠎ᠡ ᠰᠤᠮᠤ ᠰᠢᠶᠠᠩ ᠪᠠᠯᠭᠠᠰᠤ᠂ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠺᠠᠳ᠋ᠷ ᠠᠵᠢᠯᠲᠠᠨ | ᠠᠵᠢᠯᠴᠢᠨ ᠢ ᠵᠣᠬᠢᠶᠠᠨ ᠪᠠᠶᠢᠭᠤᠯᠤᠨ ᠪᠣᠯᠪᠠᠰᠤᠨ ᠢᠶᠠᠷ ᠲᠠᠬᠢᠯᠭ᠎ᠠ ᠬᠢᠬᠦ ᠤᠬᠠᠭᠤᠯᠭ᠎ᠠ ᠪᠠ ᠪᠣᠯᠪᠠᠰᠤᠨ ᠤ | ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ | ᠬᠡᠪ ᠰᠤᠷᠲᠠᠯ ᠢ ᠦᠢᠯᠡᠳᠦᠯᠭᠡᠵᠢᠭᠦᠯᠬᠦ ᠬᠡᠷᠡᠭᠲᠡᠶ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ | ᠭᠠᠵᠠᠷ ︵ᠥᠷᠲᠡᠭᠡ︶ ᠨᠢ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠪᠠᠳᠠᠷᠠᠭᠤᠯᠵᠤ᠂ ᠬᠠᠮᠲᠤ ᠪᠠᠷ ᠲᠠᠬᠢᠯᠭ᠎ᠠ | ᠬᠢᠬᠦ᠂ ᠠᠯᠪᠠᠨ ᠲᠠᠬᠢᠯᠭ᠎ᠠ ᠪᠠᠷ ᠭᠠᠰᠢᠭᠤᠳᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ | ᠪᠣᠯᠪᠠᠰᠤᠨ ᠲᠠᠬᠢᠯᠭ᠎ᠠ ᠬᠢᠬᠦ ᠶᠢᠨ ᠦᠢᠯᠡᠴᠢᠯᠡᠭᠡ ᠬᠠᠩᠭᠠᠵᠤ᠂ ᠬᠠᠩᠰᠢ ᠶᠢᠨ ᠡᠳᠦᠷ ᠤᠨ ᠠᠷᠢᠭᠤᠨ ᠴᠡᠪᠡᠷ ᠠᠭᠤᠷ | ᠠᠮᠢᠰᠬᠤᠯ ᠢ ᠬᠠᠮᠲᠤ ᠪᠠᠷ ᠪᠣᠶ ᠪᠤᠯᠭᠠᠶ᠎ᠠ ᠃ | ᠰᠠᠭᠤᠭᠠᠯᠢ ᠠᠷᠠᠳ ᠤᠯᠠᠨ ᠲᠦᠮᠡᠨ ᠨᠠᠷ ᠡ᠂ ᠪᠣᠯᠪᠠᠰᠤᠨ ᠢᠶᠠᠷ ᠲᠠᠬᠢᠯᠭ᠎ᠠ ᠬᠢᠬᠦ ᠪᠣᠯ ᠴᠠᠭ ᠦᠶ᠎ᠡ ᠶᠢᠨ | ᠰᠢᠨ᠎ᠡ ᠰᠤᠷᠲᠠᠯ ᠪᠣᠯᠬᠤ ᠪᠠᠷ ᠪᠠᠷᠠᠬᠤ ᠦᠭᠡᠢ᠂ ᠨᠡᠩ ᠴᠤ ᠬᠥᠮᠦᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ | ᠬᠠᠷᠢᠭᠤᠴᠠᠯᠭ᠎ᠠ ᠮᠥᠨ᠃ ᠪᠢᠳᠡ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠥᠪᠡᠷ ᠤᠨ ᠪᠡᠶ᠎ᠡ ᠠᠴᠠ ᠪᠠᠨ | ᠡᠬᠢᠯᠡᠨ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠪᠣᠯᠪᠠᠰᠤᠨ ᠰᠤᠷᠲᠠᠯ ᠢᠶᠠᠷ ᠤᠯᠠᠮᠵᠢᠯᠠᠯ ᠢᠶᠠᠨ ᠤᠯᠠᠮᠵᠢᠯᠠᠵᠤ | ᠂ ᠪᠣᠬᠢᠷᠲᠤᠯ ᠦᠭᠡᠢ ᠠᠵᠢᠯᠯᠠᠭ᠎ᠠ ᠪᠠᠷ ᠭᠡᠷ ᠣᠷᠣᠨ ᠢᠶᠠᠨ ᠰᠠᠬᠢᠨ ᠬᠠᠮᠠᠭᠠᠯᠠᠵᠤ᠂ ᠠᠮᠤᠷ ᠠᠮᠤᠭᠤᠯᠠᠩ᠂ ᠠᠮᠢ ᠠᠬᠤᠢ᠂ | ᠪᠣᠯᠪᠠᠰᠤᠨ ᠬᠠᠩᠰᠢ ᠶᠢᠨ ᠡᠳᠦᠷ ᠢ ᠬᠠᠮᠲᠤᠪᠠᠷ ᠥᠩᠭᠡᠷᠡᠭᠦᠯᠦᠶ᠎ᠡ︕ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶᠤᠨ ᠤ ᠪᠣᠯᠪᠠᠰᠤᠨ ᠤ | ᠪᠠᠢᠭᠤᠯᠤᠯᠲᠠ ᠶᠢᠨ ᠠᠯᠪᠠᠨ ᠭᠡᠷ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠢᠯᠡᠴᠢᠯᠡᠭᠡᠨ ᠤ ᠲᠥᠪ | 2025 ᠣᠨ ᠤ 3 ᠰᠠᠷ᠎ᠠ ᠶᠢᠨ 26 ᠤ ᠡᠳᠦᠷ | |