ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ 2025 ᠣᠨ ᠳᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠰᠡᠬᠦ ᠴᠢᠳᠠᠪᠤᠷᠢᠲᠠᠨ ᠢ  ᠣᠷᠣᠭᠤᠯᠬᠤ ᠠᠪᠴᠢᠷᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/3/28
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ 2025 ᠣᠨ ᠳᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠰᠡᠬᠦ ᠴᠢᠳᠠᠪᠤᠷᠢᠲᠠᠨ ᠢ ᠣᠷᠣᠭᠤᠯᠬᠤ ᠲᠤᠬᠠᠢ ᠠᠯᠪᠠᠨ ᠵᠠᠷ      ᠪᠠᠭᠰᠢ ᠶᠢᠨ ᠡᠩᠨᠡᠭᠡᠨ ᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠡᠶᠢᠭᠡᠮ ᠳᠤ ᠬᠠᠨᠳᠤᠭᠤᠯᠤᠨ ᠴᠢᠳᠠᠪᠤᠷᠢᠲᠠᠨ ᠢ ᠢᠯᠡ ᠪᠠᠷ ᠣᠷᠣᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      1.ᠴᠢᠳᠠᠪᠤᠷᠢᠲᠠᠨ‌ᠣᠷᠣᠭᠤᠯᠬᠤ ᠲᠥᠯᠥᠪᠯᠡᠭᠡ      ᠲᠣᠰ ᠤᠳᠠᠭ᠎ᠠ ᠣᠷᠣᠭᠤᠯᠤᠨ ᠠᠪᠴᠢᠷᠠᠬᠤ ᠳᠤ ᠨᠡᠶᠢᠲᠡ 4 ᠠᠵᠢᠯ ᠤᠨ ᠪᠠᠶᠢᠷᠢ ᠭᠠᠷᠭᠠᠵᠤ᠂ 4 ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠲᠥᠯᠥᠪᠯᠡᠵᠦ᠂ ᠠᠵᠢᠯ ᠤᠨ ᠪᠠᠶᠢᠷᠢ ᠨᠢ ᠴᠥᠮ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠪᠣᠯᠤᠨ᠎ᠠ᠃ ᠪᠣᠳᠠᠲᠠᠶ ᠠᠵᠢᠯ ᠤᠨ ᠪᠠᠶᠢᠷᠢ ᠶᠢᠨ ᠪᠠᠶᠢᠳᠠᠯ ᠢ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ 2025 ᠣᠨ ᠳᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠰᠡᠬᠦ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠬᠦᠰᠦᠨᠦᠭᠲᠦ︾ ︵ᠳᠠᠭᠠᠯᠳᠤᠭᠤᠯᠤᠯ 1︶ ᠳᠤ ᠨᠠᠷᠢᠨ ᠦᠵᠡᠭᠡᠷᠡᠶ᠃      2.ᠴᠢᠳᠠᠪᠤᠷᠢᠲᠠᠨ‌ᠣᠷᠣᠭᠤᠯᠬᠤ ᠨᠥᠬᠦᠴᠡᠯ      ︵ᠨᠢᠭᠡ︶ ᠡᠷᠬᠡᠪᠰᠢ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ 1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ᠂ ᠡᠷᠦᠬᠡ ᠠᠮᠠ ᠶᠢᠨ ᠳᠠᠩᠰᠠ ᠬᠢᠵᠠᠭᠠᠷᠯᠠᠬᠤ ᠦᠭᠡᠢ ; 2. ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠰᠠᠶᠢᠨ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠬᠦᠷᠢᠶᠡᠯᠡᠵᠦ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠠᠵᠢᠯ ᠦᠢᠯᠡᠰ ᠤᠨ ᠰᠡᠳᠬᠢᠯ ᠢᠶᠠᠷ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠬᠤᠪᠢᠶᠠᠷᠢᠯᠠᠯᠲᠠ ᠶᠢ ᠳᠠᠭᠠᠬᠤ ᠬᠡᠷᠡᠭᠲᠡᠢ ; 3. ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠵᠣᠬᠢᠴᠠᠭᠰᠠᠨ ᠪᠡᠶ᠎ᠡ ᠮᠠᠬᠠᠪᠣᠳ ᠤᠨ ᠨᠥᠬᠦᠴᠡᠯ ᠪᠠ ᠰᠡᠳᠬᠢᠴᠡ ᠶᠢᠨ ᠬᠡᠪ ᠴᠢᠨᠠᠷ ᠪᠠᠶᠢᠬᠤ ᠬᠡᠷᠡᠭᠲᠡᠢ ; 4᠂ ᠠᠵᠢᠯ ᠤᠨ ᠪᠠᠶᠢᠷᠢ ᠶᠢᠨ ᠱᠠᠭᠠᠷᠳᠠᠬᠤ ᠪᠤᠰᠤᠳ ᠨᠥᠬᠦᠴᠡᠯ ᠢ ︽ᠠᠵᠢᠯ ᠤᠨ ᠪᠠᠶᠢᠷᠢ ᠶᠢᠨ ᠬᠦᠰᠦᠨᠦᠭᠲᠦ︾ ︵ᠳᠠᠭᠠᠯᠳᠤᠭᠤᠯᠤᠯ 1︶ ᠳᠤ ᠨᠠᠷᠢᠨ ᠦᠵᠡᠭᠡᠷᠡᠶ᠃      ︵ᠬᠤᠶᠠᠷ︶ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠣᠷᠣᠭᠤᠯᠬᠤ ᠬᠡᠪᠴᠢᠶᠡᠨ ᠳᠤ  ᠵᠢᠭᠰᠠᠭᠠᠨ ᠣᠷᠣᠭᠤᠯᠬᠤ ᠦᠭᠡᠶ᠄ 1. ᠰᠤᠷᠤᠯᠴᠠᠵᠤ ᠪᠠᠶᠢᠭ᠎ᠠ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ   ᠢᠶᠠᠷ ᠬᠢᠴᠢᠶᠡᠯᠯᠡᠬᠦ ᠳᠦᠷᠢᠮᠲᠦ ᠵᠢᠩᠬᠢᠨᠢ ᠠᠩᠭᠢ ᠶᠢᠨ ᠰᠤᠷᠤᠭᠴᠢ᠂ ᠠᠰᠫᠢᠷᠠᠨᠲ ︵ᠲᠤᠰ ᠬᠤᠭᠤᠴᠠᠭᠠᠨ ᠤ ᠲᠡᠭᠦᠰᠬᠦ ᠰᠤᠷᠤᠭᠴᠢᠳ︶ ᠢ ᠪᠠᠭᠲᠠᠭᠠᠬᠤ ᠦᠭᠡᠶ᠃ 2. ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠪᠡᠶ᠎ᠡ ᠪᠠᠨ ᠳᠠᠭᠠᠭᠠᠭᠰᠠᠨ ᠳᠡᠭᠡᠳᠦ ᠰᠤᠷᠭᠠᠭᠤᠯᠢ ᠲᠡᠭᠦᠰᠦᠭᠰᠡᠳ᠂ ᠨᠠᠶᠢᠳᠠᠵᠤ ᠬᠥᠮᠦᠵᠢᠭᠦᠯᠬᠦ᠂ ᠬᠠᠨᠳᠤᠯᠭ᠎ᠠ ᠲᠠᠢ ᠬᠥᠮᠦᠵᠢᠭᠦᠯᠬᠦ ᠪᠠ ᠬᠤᠷᠰᠢᠯᠴᠠᠨ ᠰᠤᠷᠭᠠᠭᠤᠯᠢ ᠡᠷᠬᠢᠯᠡᠬᠦ ᠲᠡᠭᠦᠰᠦᠭᠰᠡᠳ ᠬᠢᠭᠡᠳ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠲᠡᠭᠦᠰᠦᠭᠰᠡᠳ 3. ᠬᠤᠲᠠ ᠶᠢᠨ ᠳᠣᠲᠣᠷᠠᠬᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ ᠳᠤ ᠪᠠᠶᠢᠭ᠎ᠠ ᠬᠥᠮᠦᠰ᠃ 4. ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠬᠡᠷᠡᠭ ᠢᠶᠠᠷ ᠰᠢᠢᠳᠬᠡᠭᠳᠡᠭᠰᠡᠨ ᠬᠥᠮᠦᠰ᠂ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠳ᠂ ᠬᠠᠤᠯᠢ ᠶᠣᠰᠣᠭᠠᠷ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠳᠤ ᠵᠢᠭᠰᠠᠭᠠᠭᠳᠠᠭᠰᠠᠨ ᠬᠥᠮᠦᠰ ᠃ 5. ᠠᠯᠪᠠᠲᠠᠨ ᠡᠯᠰᠡᠬᠦ ᠰᠢᠯᠭᠠᠯᠲᠠ ᠪᠤᠶᠤ ᠠᠵᠢᠯ ᠦᠢᠯᠡᠰ ᠤᠨ  ᠨᠢᠭᠡᠴᠢ ᠶᠢᠨ ᠢᠯᠡ ᠪᠠᠷ ᠤᠷᠢᠬᠤ ᠳᠤᠮᠳᠠ ᠭᠡᠮ ᠦᠢᠯᠡᠳᠬᠦ ᠵᠡᠷᠭᠡ ᠡᠯᠰᠡᠨ ᠬᠡᠷᠡᠭᠯᠡᠬᠦ ︵ᠤᠷᠢᠵᠤ ᠬᠡᠷᠡᠭᠯᠡᠬᠦ︶ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠪᠠᠷ ᠦᠨᠡᠮᠰᠢᠭᠳᠡᠭᠰᠡᠨ ᠤ ᠬᠠᠮᠲᠤ ᠰᠢᠯᠭᠠᠯᠲᠠ ᠬᠢᠬᠦ ᠶᠢ ᠴᠠᠭᠠᠵᠠᠯᠠᠭᠰᠠᠨ ᠬᠤᠭᠤᠴᠠᠭ᠎ᠠ ᠳᠣᠲᠣᠷᠠᠬᠢ ᠬᠥᠮᠦᠰ᠃ 6. ᠠᠯᠪᠠᠨ ᠴᠡᠷᠢᠭ᠃ 7. ᠣᠷᠣᠭᠤᠯᠤᠭᠰᠠᠨ ᠤ ᠳᠠᠷᠠᠭ᠎ᠠ ᠳᠠᠷᠤᠢ ᠵᠠᠶᠢᠯᠠᠬᠤ ᠬᠠᠷᠢᠴᠠᠭᠠᠨ ᠤ ᠠᠵᠢᠯ ᠤᠨ ᠪᠠᠶᠢᠷᠢ ᠶᠢ ᠪᠦᠷᠢᠯᠳᠦᠭᠦᠯᠦᠭᠰᠡᠨ ᠬᠥᠮᠥᠨ᠃ 8᠂ ᠬᠠᠤᠯᠢ ᠲᠣᠭᠲᠠᠭᠠᠯ ᠳᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠪᠤᠰᠤᠳ ᠪᠠᠶᠢᠳᠠᠯ ᠲᠠᠢ ᠬᠥᠮᠥᠨ ᠢ ᠣᠷᠣᠭᠤᠯᠤᠨ ᠠᠪᠴᠢᠷᠠᠵᠤ ᠪᠣᠯᠬᠤ ᠦᠭᠡᠢ ᠭᠡᠵᠦ ᠲᠣᠭᠲᠠᠭᠠᠪᠠ᠃      3.ᠴᠢᠳᠠᠪᠦᠷᠢᠲᠠᠨ‌ᠣᠷᠣᠭᠤᠯᠬᠤ ᠠᠷᠭ᠎ᠠ ᠬᠡᠯᠪᠡᠷᠢ ᠵᠢᠴᠢ ᠫᠷᠦᠭᠷᠡᠮ      ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ ᠶᠢᠨ ᠴᠢᠳᠠᠪᠤᠷᠢᠲᠠᠨ ᠣᠷᠣᠭᠤᠯᠬᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠲᠣᠰ ᠤᠳᠠᠭᠠᠨ ᠤ ᠴᠢᠳᠠᠪᠤᠷᠢᠲᠠᠨ ᠣᠷᠣᠭᠤᠯᠬᠤ ᠳᠤ ᠨᠢᠭᠤᠷᠲᠠᠨ ᠰᠢᠯᠭᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠠᠯᠪᠠᠨ ᠵᠠᠷ ᠨᠡᠶᠢᠲᠡᠯᠡᠬᠦ᠂ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠬᠦ᠂ ᠬᠢᠷᠢ ᠬᠡᠮ ᠢ ᠬᠢᠨᠠᠨ ᠪᠠᠶᠢᠴᠠᠭᠠᠬᠤ᠂ ᠨᠢᠭᠤᠷᠲᠠᠨ ᠰᠢᠯᠭᠠᠵᠤ ᠦᠨᠡᠯᠡᠬᠦ᠂ ᠪᠡᠶ᠎ᠡ ᠶᠢᠨ ᠪᠠᠶᠢᠴᠠᠭᠠᠯᠲᠠ ᠶᠢᠨ ᠰᠢᠨᠵᠢᠯᠡᠨ ᠪᠠᠶᠢᠴᠠᠭᠠᠬᠤ᠂ ᠰᠤᠳᠤᠯᠤᠨ ᠢᠯᠡ ᠨᠡᠶᠢᠲᠡᠯᠡᠬᠦ᠂ ᠤᠷᠢᠵᠤ ᠬᠡᠷᠡᠭᠯᠡᠬᠦ ᠭᠠᠷᠳᠠᠮ ᠭᠦᠢᠴᠡᠳᠭᠡᠬᠦ ᠵᠡᠷᠭᠡ ᠲᠠᠰ ᠳᠠᠷᠠᠭᠠᠯᠠᠯ ᠤᠨ ᠶᠣᠰᠣᠭᠠᠷ ᠶᠠᠪᠤᠭᠳᠠᠭᠤᠯᠤᠨ᠎ᠠ᠃      ︵ᠨᠢᠭᠡ︶ ᠠᠯᠪᠠᠨ ᠵᠠᠷ ᠨᠡᠶᠢᠲᠡᠯᠡᠬᠦ ︽ᠳᠠᠷᠬᠠᠨ ᠮᠤᠤᠮᠢᠩᠭᠠᠨ ᠤ ᠨᠠᠮ ᠤᠨ ᠪᠠᠶᠢᠭᠤᠯᠤᠯᠲᠠ︾᠂ ︽ᠳᠠᠷᠬᠠᠨ ᠮᠤᠤᠮᠢᠩᠭᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ︽ᠪᠠᠭᠠᠲᠤᠷ  ᠳᠠᠷᠬᠠᠨ ᠮᠤᠤᠮᠢᠩᠭᠠᠨ︾᠂ ᠴᠢᠳᠠᠪᠤᠷᠢᠲᠠᠨ ᠨᠢᠭᠡ ︽ᠪᠤᠭᠤ︾ ᠦᠢᠯᠡᠴᠢᠯᠡᠭᠡᠨ ᠤ ᠲᠠᠪᠴᠠᠩ ᠵᠡᠷᠭᠡ ᠵᠠᠭᠤᠴᠢᠯᠠᠭᠤᠷ ᠨᠡᠶᠢᠭᠡᠮ ᠳᠤ ᠬᠠᠨᠳᠤᠭᠤᠯᠤᠨ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ 2025 ᠣᠨ ᠳᠤ ᠳᠡᠭᠡᠳᠦ ᠲᠠᠰ ᠳᠠᠪᠬᠤᠷᠭ᠎ᠠ ᠪᠠ ᠪᠠᠴᠢᠮ ᠬᠡᠷᠡᠭᠰᠡᠬᠦ ᠴᠢᠳᠠᠪᠤᠷᠢᠲᠠᠨ ᠢ  ᠣᠷᠣᠭᠤᠯᠬᠤ ᠠᠯᠪᠠᠨ ᠵᠠᠷ︾ ᠢ ᠢᠯᠡ ᠪᠠᠷ ᠨᠡᠶᠢᠲᠡᠯᠡᠪᠡ᠃      ︵ᠬᠤᠶᠠᠷ︶ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠬᠦ ᠰᠦᠯᠵᠢᠶ᠎ᠡ ᠪᠠᠷ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠨᠡᠷ᠎ᠡ ᠮᠡᠳᠡᠭᠦᠯᠬᠦ ᠰᠢᠰᠲ᠋ᠧᠮ ᠤᠨ ᠱᠠᠭᠠᠷᠳᠠᠯᠭ᠎ᠠ ᠶᠣᠰᠣᠭᠠᠷ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠠᠭᠯᠠᠨ ᠪᠢᠴᠢᠬᠦ ᠶᠢᠨ ᠬᠠᠮᠲᠤ ᠬᠠᠮᠢᠶ᠎ᠠ ᠪᠥᠬᠦᠶ ᠮᠠᠲ᠋ᠧᠷᠢᠶᠠᠯ ᠢ ᠳᠡᠭᠡᠭᠰᠢ ᠳᠠᠮᠵᠢᠭᠤᠯᠤᠨ᠎ᠠ᠃ ᠤᠷᠢᠭᠳᠠᠬᠤ ᠬᠥᠮᠦᠰ ᠡᠷᠬᠡᠪᠰᠢ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠬᠦ ᠬᠡᠷᠡᠭᠲᠡᠶ᠂ ᠬᠤᠭᠤᠴᠠᠭ᠎ᠠ ᠠᠴᠠ ᠬᠡᠲᠦᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠶ᠃ 1. ᠨᠡᠷ᠎ᠡ ᠮᠡᠳᠡᠭᠦᠯᠬᠦ ᠴᠠᠭ᠄ 3 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨᠡᠬᠢ 9᠄ 00 ᠠᠴᠠ 4 ᠳ᠋ᠦ᠋ᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨᠠᠬᠢ 17᠄ 00 ᠴᠠᠭ ᠬᠦᠷᠲᠡᠯ᠎ᠡ᠃ 2. ᠰᠦᠯᠵᠢᠶᠡᠨ ᠳᠤ ᠨᠡᠷ᠎ᠡ ᠮᠡᠳᠡᠭᠦᠯᠬᠦ᠄ ᠤᠷᠢᠭᠳᠠᠬᠤ ᠬᠥᠮᠦᠰ ᠨᠢ ᠰᠢᠭᠤᠳ ᠨᠡᠷ᠎ᠡ ᠮᠡᠳᠡᠭᠦᠯᠬᠦ ᠰᠢᠰᠲ᠋ᠧᠮ ᠤᠨ ᠰᠦᠯᠵᠢᠶᠡᠨ ᠤ ᠬᠠᠶ᠋ᠢᠭ ᠲᠤ ᠲᠡᠮᠳᠡᠭᠯᠡᠵᠤ ᠪᠤᠯᠤᠨ᠎ᠠ᠄ http://bm.nmgksw.com/btdm2025/ ᠨᠡᠷ᠎ᠡ ᠮᠡᠳᠡᠭᠦᠯᠵᠦ ᠪᠣᠯᠤᠨ᠎ᠠ᠃ 3. ᠨᠡᠷ᠎ᠡ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ᠄ ① ᠰᠢᠯᠭᠠᠭᠤᠯᠤᠭᠴᠢ ᠶᠢᠨ ᠲᠣᠰ ᠬᠥᠮᠦᠨ ᠤ ᠪᠡᠶ᠎ᠡ ᠶᠢᠨ ᠦᠨᠡᠮᠯᠡᠯ ︵ᠵᠥᠪ ᠪᠤᠷᠤᠭᠤ︶ ᠤᠨ ᠰᠢᠷᠪᠢᠯᠲᠡ ᠶᠢᠨ ᠵᠦᠢᠯ᠂ ᠣᠶᠢᠷ᠎ᠠ ᠶᠢᠨ ᠬᠤᠭᠤᠴᠠᠭᠠᠨ ᠤ 2 ᠢᠮᠠᠬᠤ ᠮᠠᠯᠠᠭᠠᠢ ᠦᠭᠡᠢ ᠡᠯᠧᠺᠲᠷᠣᠨ ᠬᠡᠷᠡᠯ ᠵᠢᠷᠤᠭ ; ② ᠵᠢᠩᠬᠢᠨᠢ ᠠᠩᠭᠢ ᠵᠢᠴᠢ ᠠᠰᠫᠢᠷᠠᠨᠲ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠤᠨ ᠰᠢᠷᠪᠢᠯᠲᠡ ᠶᠢᠨ ᠵᠦᠢᠯ᠂ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠰᠤᠷᠭᠠᠭᠤᠯᠢ ᠶᠢᠨ ᠬᠠᠷᠢᠶ᠎ᠠ ᠪᠤᠶᠤ ᠰᠤᠷᠤᠯᠭ᠎ᠠ ᠶᠢᠨ ᠨᠠᠮᠲᠠᠷ ᠢ ᠰᠢᠯᠭᠠᠨ ᠪᠠᠲᠤᠯᠠᠭᠰᠠᠨ ᠮᠡᠳᠡᠭᠦᠯᠦᠯᠲᠡ ; ③ ᠲᠤᠰᠬᠠᠶ ᠮᠡᠷᠭᠡᠵᠢᠯ ᠤᠨ ᠬᠢᠷᠢ ᠬᠡᠮ ᠤᠨ ᠦᠨᠡᠮᠯᠡᠯ ᠵᠡᠷᠭᠡ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ; ④ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ 2025 ᠣᠨ ᠳᠤ ᠳᠡᠭᠡᠳᠦ ᠲᠠᠰ ᠳᠠᠪᠬᠤᠷᠭ᠎ᠠ ᠪᠠ ᠪᠠᠴᠢᠮ ᠬᠡᠷᠡᠭᠰᠡᠬᠦ ᠴᠢᠳᠠᠪᠤᠷᠢᠲᠠᠨ ᠤ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ ︵ᠳᠠᠭᠠᠯᠳᠤᠭᠤᠯᠤᠯ 2︶᠃      ︵ᠭᠤᠷᠪᠠ︶ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠬᠢᠷᠢ ᠬᠡᠮ ᠢ ᠬᠢᠨᠠᠨ ᠪᠠᠶᠢᠴᠠᠭᠠᠨ᠎ᠠ᠃ ᠲᠣᠰ ᠤᠳᠠᠭ᠎ᠠ ᠬᠢᠷᠢ ᠬᠡᠮ ᠤᠨ ᠬᠢᠨᠠᠨ ᠪᠠᠶᠢᠴᠠᠭᠠᠯᠲᠠ ᠪᠠᠷ ᠳᠡᠮᠵᠢᠨ ᠰᠢᠯᠭᠠᠭᠤᠯᠬᠤ ᠪᠠᠷ ᠪᠠᠶᠢᠭ᠎ᠠ ᠬᠥᠮᠦᠨ ᠤ ᠲᠤᠭ᠎ᠠ ᠬᠢᠭᠡᠳ ᠲᠣᠰ ᠠᠵᠢᠯ ᠤᠨ ᠪᠠᠶᠢᠷᠢ ᠶᠢᠨ ᠣᠷᠣᠭᠤᠯᠬᠤ ᠬᠥᠮᠦᠨ ᠤ ᠲᠤᠭ᠎ᠠ ᠶᠢᠨ ᠬᠠᠷᠢᠴᠠᠯ ᠨᠢ 3᠄ 1 ᠠᠴᠠ ᠳᠣᠤᠷ᠎ᠠ ᠥᠬᠡᠶ ᠪᠠᠶᠢᠪᠠᠯ ᠰᠠᠶ᠋ᠢ ᠨᠢᠭᠤᠷᠲᠠᠨ ᠰᠢᠯᠭᠠᠬᠤ ᠶᠢᠨ ᠰᠢᠯᠭᠠᠨ ᠦᠨᠡᠯᠡᠬᠦ ᠭᠤᠭᠴᠤᠭ᠎ᠠ ᠳᠤ ᠣᠷᠣᠵᠤ ᠪᠣᠯᠤᠨ᠎ᠠ᠂ ᠬᠡᠷᠪᠡ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠲᠣᠭᠲᠠᠭᠰᠠᠨ ᠬᠥᠮᠦᠨ ᠤ ᠲᠤᠭ᠎ᠠ ᠠᠴᠠ ᠪᠠᠭ᠎ᠠ ᠪᠠᠶᠢᠪᠠᠯ᠂ ᠲᠣᠰ ᠠᠵᠢᠯ ᠤᠨ ᠪᠠᠶᠢᠷᠢ ᠶᠢ ᠬᠦᠴᠦᠨ ᠥᠬᠡᠶ ᠪᠣᠯᠭᠠᠨ᠎ᠠ᠃ ᠨᠡᠷ᠎ᠡ ᠮᠡᠳᠡᠭᠦᠯᠦᠭᠰᠡᠨ ᠬᠥᠮᠦᠰ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠣᠷᠣᠭᠤᠯᠤᠨ ᠠᠪᠴᠢᠷᠠᠬᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠠᠵᠤ᠂ ᠶᠠᠮᠠᠷᠪᠠ ᠱᠠᠲᠤ ᠦᠶ᠎ᠡ ᠵᠢᠴᠢ ᠤᠷᠢᠵᠤ ᠬᠡᠷᠡᠭᠯᠡᠭᠰᠡᠨ ᠤ ᠳᠠᠷᠠᠭ᠎ᠠ ᠨᠥᠬᠦᠴᠡᠯ ᠨᠢ ᠨᠡᠶᠢᠴᠡᠬᠦ ᠦᠭᠡᠢ ᠪᠤᠶᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ ᠴᠥᠮ ᠬᠢᠷᠢ ᠬᠡᠮ ᠢ  ᠨᠢ ᠬᠦᠴᠦᠨ ᠦᠭᠡᠢ ᠪᠣᠯᠭᠠᠵᠤ᠂ ᠠᠯᠢᠪᠠ ᠬᠠᠷᠢᠭᠤᠴᠠᠯᠭ᠎ᠠ ᠶᠢ ᠨᠡᠷ᠎ᠡ ᠮᠡᠳᠡᠭᠦᠯᠦᠭᠰᠡᠨ ᠬᠥᠮᠦᠨ ᠲᠤᠰ ᠬᠥᠮᠦᠨ ᠨᠢ ᠡᠭᠦᠷᠭᠡᠯᠡᠨ᠎ᠡ᠃      ︵ᠳᠥᠷᠪᠡ︶ ᠨᠢᠭᠤᠷᠲᠠᠨ ᠰᠢᠯᠭᠠᠵᠤ ᠰᠢᠯᠭᠠᠨ ᠦᠨᠡᠯᠡᠬᠦ ᠪᠣᠳᠠᠲᠠᠶ ᠨᠢᠭᠤᠷᠲᠠᠨ ᠰᠢᠯᠭᠠᠬᠤ ᠴᠠᠭ᠂ ᠭᠠᠵᠠᠷ ᠣᠷᠣᠨ ᠪᠠ ᠬᠤᠯᠪᠣᠭᠳᠠᠯ ᠪᠥᠬᠦᠶ ᠵᠦᠢᠯᠡᠰ ᠢ ︽ᠳᠠᠷᠬᠠᠨ ᠮᠤᠤᠮᠢᠩᠭᠠᠨ ᠤ ᠨᠠᠮ ‍ᠤᠨ‌‍ᠪᠠᠶᠢᠭᠤᠯᠤᠯᠲᠠ︾᠂ ︽ᠳᠠᠷᠬᠠᠨ ᠮᠤᠤᠮᠢᠩᠭᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠨᠡᠶᠢᠭᠡᠮ ᠳᠤ ᠬᠠᠨᠳᠤᠭᠤᠯᠤᠨ ᠨᠡᠶᠢᠲᠡᠯᠡᠵᠦ᠂ ᠰᠢᠯᠭᠠᠭᠤᠯᠤᠭᠴᠢ ᠴᠠᠭ ᠲᠤᠬᠠᠶ ᠳᠤ ᠨᠢ ᠠᠩᠬᠠᠷᠤᠭᠠᠷᠠᠢ᠃ ᠨᠢᠭᠤᠷᠳᠠᠬᠤ ᠰᠢᠯᠭᠠᠯᠲᠠ ᠶᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ  ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠵᠣᠬᠢᠶᠠᠨ ᠪᠠᠶᠢᠭᠤᠯᠵᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠨᠢᠭᠤᠷᠲᠠᠨ ᠰᠢᠯᠭᠠᠭᠤᠯᠤᠨ᠎ᠠ᠃ ᠨᠢᠭᠤᠷᠳᠠᠵᠤ  ᠰᠢᠯᠭᠠᠭᠰᠠᠨ ᠬᠦᠮᠦᠰ ᠬᠡᠷᠪᠡ 3᠄ 1 ᠶᠢᠨ ᠬᠠᠷᠢᠴᠠᠯ ᠳᠤ ᠬᠦᠷᠦᠭᠰᠡᠨ ᠦᠭᠡᠢ ᠪᠠᠶᠢᠪᠠᠯ᠂ ᠰᠢᠯᠭᠠᠭᠤᠯᠤᠭᠴᠢ ᠶᠢᠨ ᠨᠢᠭᠤᠷᠳᠠᠵᠤ ᠰᠢᠯᠭᠠᠭᠰᠠᠨ ᠬᠢᠷᠢ ᠪᠦᠲᠦᠮᠵᠢ ᠨᠢ 70 ᠬᠤᠪᠢ ︵ᠪᠠᠭᠲᠠᠭᠠᠬᠤ︶  ᠠᠴᠠ ᠳᠣᠣᠷ᠎ᠠ ᠪᠠᠶᠢᠬᠤ ᠦᠭᠡᠢ ᠪᠣᠯ ᠴᠦᠮ ᠰᠢᠨᠵᠢᠯᠡᠨ ᠪᠠᠶᠢᠴᠠᠭᠠᠬᠤ ᠵᠠᠩᠭᠢᠯᠠᠭ᠎ᠠ ᠳᠤ ᠣᠷᠣᠵᠤ ᠳᠡᠶᠢᠯᠦᠨ᠎ᠡ᠃ ᠨᠢᠭᠤᠷᠳᠠᠨ ᠰᠢᠯᠭᠠᠭᠰᠠᠨ ᠬᠢᠷᠢ ᠪᠦᠲᠦᠮᠵᠢ ᠶᠢ ᠳᠡᠭᠡᠷ᠎ᠡ ᠠᠴᠠ ᠳᠣᠤᠷ᠎ᠠ ᠲᠡᠰ ᠳᠠᠷᠠᠭᠠᠯᠠᠯ ᠲᠠᠢ ᠵᠡᠷᠭᠡ ᠲᠤᠭ᠎ᠠ ᠪᠠᠷ ᠪᠡᠶ᠎ᠡ ᠶᠢᠨ ᠪᠠᠶᠢᠴᠠᠭᠠᠯᠲᠠ ᠶᠢᠨ ᠰᠢᠨᠵᠢᠯᠡᠨ ᠪᠠᠶᠢᠴᠠᠭᠠᠬᠤ ᠭᠤᠭᠴᠤᠭ᠎ᠠ ᠳᠤ ᠣᠷᠣᠬᠤ ᠬᠦᠮᠦᠰ ᠢ ᠲᠣᠭᠲᠠᠭᠠᠨ᠎ᠠ᠃ ᠨᠢᠭᠤᠷᠳᠠᠨ ᠰᠢᠯᠭᠠᠬᠤ ᠶᠠᠪᠤᠴᠠ ᠶᠢᠨ ᠪᠦᠬᠦ ᠶᠠᠪᠤᠴᠠ ᠳᠤ ᠳᠦᠷᠰᠦ  ᠰᠢᠩᠭᠡᠭᠡᠵᠦ᠂ ᠰᠢᠩᠭᠡᠭᠡᠯᠲᠡ ᠶᠢᠨ ᠮᠠᠲ᠋ᠧᠷᠢᠶᠠᠯ ᠢ ᠨᠢᠭᠡ ᠵᠢᠯ ᠬᠠᠳᠠᠭᠠᠯᠠᠨ᠎ᠠ᠃ ᠨᠢᠭᠤᠷᠳᠠᠨ ᠰᠢᠯᠭᠠᠯᠲᠠ‌‍ᠶᠢᠨ ᠬᠢᠷᠢ ᠪᠦᠲᠦᠮᠵᠢ ᠶᠢ ︽ᠳᠠᠷᠬᠠᠨ ᠮᠤᠤᠮᠢᠩᠭᠠᠨ ᠤ ᠨᠠᠮ ᠤᠨ ᠪᠠᠶᠢᠭᠤᠯᠤᠯᠲᠠ︾᠂ ︽ᠳᠠᠷᠬᠠᠨ ᠮᠤᠤᠮᠢᠩᠭᠠᠨ‌‍ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠸᠢᠴᠠᠲ ᠶᠢᠨ ᠣᠯᠠᠨ ᠨᠡᠶᠢᠲᠡ ᠶᠢᠨ ᠳ᠋ᠤᠭᠠᠷ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ 5ᠠᠵᠢᠯᠯᠠᠬᠤ ᠡᠳᠦᠷ ᠭᠠᠳᠠᠭᠰᠢ ᠵᠠᠷᠯᠠᠨ ᠨᠡᠶᠢᠲᠡᠯᠡᠨ᠎ᠡ᠃ ᠲᠣᠰ ᠤᠳᠠᠭᠠᠨ ᠤ ᠰᠤᠷᠭᠠᠨ ᠬᠥᠮᠦᠵᠢᠯ ᠤᠨ ᠰᠢᠰᠲ᠋ᠧᠮ  ᠤᠨ ᠴᠢᠳᠠᠪᠤᠷᠢᠲᠠᠨ ᠣᠷᠣᠭᠤᠯᠬᠤ ᠳᠤ ᠲᠤᠷᠰᠢᠨ ᠶᠠᠷᠢᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠪᠦᠷᠢᠨ ᠬᠤᠪᠢ ᠨᠢ 100 ᠬᠤᠪᠢ᠂ ᠰᠢᠯᠭᠠᠭᠤᠯᠤᠭᠴᠢ ᠨᠢᠭᠡᠪᠦᠷᠢ ᠶᠢᠨ 1 ᠰᠡᠳᠦᠪ᠂ ᠬᠢᠴᠢᠶᠡᠯ ᠪᠡᠯᠡᠳᠬᠡᠬᠦ ᠴᠠᠭ ᠨᠢ 20 ᠮᠢᠨᠦ᠋ᠲ᠂ ᠲᠤᠷᠰᠢᠨ ᠶᠠᠷᠢᠬᠤ ᠴᠠᠭ ᠨᠢ 10 ᠮᠢᠨᠦ᠋ᠲ᠃ ᠰᠢᠯᠭᠠᠭᠤᠯᠤᠭᠰᠠᠳ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯᠣᠨ ᠮᠣᠩᠭᠤᠯ ᠬᠡᠯᠡ ᠪᠠᠷ ᠬᠠᠷᠢᠭᠤᠯᠬᠤ ᠬᠡᠷᠡᠭᠲᠡᠶ᠂ ᠲᠣᠭᠲᠠᠭᠰᠠᠨ ᠦᠭᠡ ᠬᠡᠯᠡ ᠪᠠᠷ ᠬᠠᠷᠢᠭᠤᠯᠬᠤ ᠦᠭᠡᠢ ᠪᠣᠯ ᠲᠡᠭ ᠬᠤᠪᠢ ᠪᠠᠷ ᠰᠢᠢᠳᠪᠦᠷᠢᠯᠡᠨ᠎ᠡ᠃      ︵ᠲᠠᠪᠤ︶ ᠪᠡᠶ᠎ᠡ ᠶᠢᠨ ᠪᠠᠶᠢᠴᠠᠭᠠᠯᠲᠠ ᠶᠢᠨ ᠪᠠᠶᠢᠴᠠᠭᠠᠯᠲᠠ 1. ᠪᠡᠶ᠎ᠡ ᠶᠢᠨ ᠪᠠᠶᠢᠴᠠᠭᠠᠯᠲᠠ᠄ ᠵᠢᠭᠠᠨ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠢᠨ᠎ᠡ᠃ ᠪᠡᠶ᠎ᠡ ᠶᠢᠨ ᠪᠠᠶᠢᠴᠠᠭᠠᠯᠲᠠ ᠳᠤ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠤᠯᠤᠰ ᠤᠨ ᠠᠯᠪᠠᠲᠠᠨ‌‍ᠤ ᠲᠣᠪᠴᠢᠶ᠎ᠠ ᠶᠢᠨ ︿ᠠᠯᠪᠠᠲᠠᠨ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠨᠡᠶᠢᠳᠡᠮ ᠬᠡᠷᠡᠭᠯᠡᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶﹀ ᠵᠢᠴᠢ ︿ᠠᠯᠪᠠᠲᠠᠨ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠬᠤ ᠭᠠᠷ ᠳᠡᠪᠲᠡᠷ ︵ᠲᠤᠷᠰᠢᠨ ᠬᠡᠷᠡᠭᠵᠢᠭᠦᠯᠬᠦ︶﹀ ᠤᠨ ᠬᠤᠯᠪᠣᠭᠳᠠᠯ ᠪᠥᠬᠦᠶ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ︹2016︺ 140 ᠳ᠋ᠦ᠋ᠭᠡᠷ ᠨᠤᠮᠧᠷ︶ ᠵᠡᠷᠭᠡ ᠲᠤᠭᠲᠠᠬᠠᠯ ᠪᠠ ᠱᠠᠬᠠᠷᠳᠠᠯᠭ᠎ᠠ ᠶᠢ ᠳᠠᠭᠤᠷᠢᠶᠠᠨ ᠬᠢᠨ᠎ᠡ᠃ ᠲᠣᠭᠲᠠᠭᠰᠠᠨ ᠴᠠᠭ᠂ ᠭᠠᠵᠠᠷ ᠣᠷᠣᠨ ᠳᠤ ᠪᠡᠶ᠎ᠡ ᠶᠢᠨ ᠪᠠᠶᠢᠴᠠᠭᠠᠯᠲᠠ ᠬᠢᠭᠰᠡᠨ ᠦᠭᠡᠶ ᠪᠣᠯ ᠠᠶᠠᠨᠳᠠᠭᠠᠨ ᠪᠣᠯᠢᠭᠰᠠᠨ ᠢᠶᠠᠷ ᠦᠵᠡᠨ᠎ᠡ᠃ ᠪᠡᠶ᠎ᠡ ᠶᠢᠨ ᠪᠠᠶᠢᠴᠠᠭᠠᠯᠲᠠ ᠶᠢᠨ ᠳᠤᠮᠳᠠ ᠬᠤᠳᠠᠯ ᠬᠡᠯᠡᠵᠦ  ᠬᠠᠭᠤᠷᠮᠠᠭ ᠵᠣᠬᠢᠶᠠᠭᠰᠠᠨ᠂ ᠦᠨᠡᠨ ᠪᠠᠶᠢᠳᠠᠯ ᠢ ᠨᠢᠭᠤᠨ ᠳᠠᠯᠳᠠᠯᠠᠭᠰᠠᠨ ᠠᠵᠢᠯᠲᠠᠨ ᠤ ᠡᠯᠰᠡᠨ ᠬᠡᠷᠡᠭᠯᠡᠬᠦ ᠬᠢᠷᠢ ᠭᠡᠮ ᠢ ᠨᠢ ᠬᠦᠴᠦᠨ ᠦᠭᠡᠶ ᠪᠣᠯᠭᠠᠬᠤ ᠬᠡᠷᠡᠭᠲᠡᠶ᠃ ᠲᠣᠭᠲᠠᠭᠠᠯ ᠶᠣᠰᠣᠭᠠᠷ ᠳᠠᠬᠢᠨ ᠪᠠᠶᠢᠴᠠᠭᠠᠬᠤ ᠴᠢᠬᠤᠯᠠᠲᠠᠶ ᠪᠣᠯ ᠪᠤᠰᠤᠳ ᠡᠮᠨᠡᠯᠭᠡ ᠶᠢᠨ ᠬᠤᠷᠢᠶᠠᠨ ᠳᠤ ᠵᠣᠬᠢᠶᠠᠨ ᠪᠠᠶᠢᠭᠤᠯᠤᠨ ᠳᠠᠬᠢᠨ ᠪᠠᠶᠢᠴᠠᠭᠠᠯᠭᠠᠵᠤ᠂ ᠳᠠᠬᠢᠨ ᠪᠠᠶᠢᠴᠠᠭᠠᠭᠰᠠᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠰᠢᠯᠭᠠᠨ ᠪᠠᠶᠢᠴᠠᠭᠠᠬᠤ ᠵᠠᠩᠭᠢᠯᠠᠭ᠎ᠠ ᠳᠤ ᠣᠷᠣᠵᠤ ᠳᠡᠶᠢᠯᠦᠨ᠎ᠡ᠃ 2. ᠰᠢᠨᠵᠢᠯᠡᠨ ᠪᠠᠶᠢᠴᠠᠭᠠᠬᠤ᠄ ᠰᠢᠨᠵᠢᠯᠡᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠨᠢ 2 ᠠᠴᠠ ᠳᠤᠲᠠᠭᠤ ᠦᠭᠡᠢ ᠪᠠᠶᠢᠬᠤ ᠬᠡᠷᠡᠭᠲᠡᠢ᠃ ᠰᠢᠨᠵᠢᠯᠡᠨ ᠪᠠᠶᠢᠴᠠᠭᠠᠬᠤ ᠠᠭᠤᠯᠭ᠎ᠠ ᠳᠤ ᠭᠤᠣᠯᠳᠠᠭᠤ ᠣᠷᠣᠭᠤᠯᠬᠤ ᠭᠡᠵᠦ ᠪᠠᠶᠢᠭ᠎ᠠ ᠴᠢᠳᠠᠪᠤᠷᠢᠲᠠᠨ ᠤ ᠦᠵᠡᠯ ᠰᠠᠨᠠᠭ᠎ᠠ ᠤᠯᠤᠰ ᠲᠦᠷᠦ ᠶᠢᠨ ᠢᠯᠡᠷᠡᠯ᠂ ᠶᠣᠰᠣ ᠰᠤᠷᠲᠠᠬᠤᠨ ᠵᠠᠩ ᠠᠷᠠᠨᠰᠢᠨ᠂ ᠴᠢᠳᠠᠪᠤᠷᠢ ᠬᠡᠪ ᠪᠣᠯᠪᠠᠰᠤᠷᠠᠯ᠂ ᠰᠤᠷᠤᠯᠴᠠᠯᠭ᠎ᠠ ᠪᠠ ᠠᠵᠢᠯ ᠤᠨ ᠢᠯᠡᠷᠡᠯ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠦᠮᠯᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠢᠴᠢ ᠵᠠᠶᠢᠯᠠᠬᠤ ᠴᠢᠬᠤᠯᠠᠲᠠᠢ ᠡᠰᠡᠬᠦ ᠵᠡᠷᠭᠡ ᠲᠠᠯ᠎ᠠ ᠶᠢᠨ ᠪᠠᠶᠢᠳᠠᠯ ᠢ ᠪᠠᠭᠲᠠᠭᠠᠵᠤ᠂ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ᠂ ᠲᠤᠬᠠᠶ ᠶᠢᠨ ᠭᠠᠵᠠᠷ ᠲᠤ ᠨᠢ ᠰᠤᠷᠪᠤᠯᠵᠢᠯᠠᠬᠤ᠂ ᠤᠲᠠᠰᠤ ᠪᠠᠷ ᠪᠠᠶᠢᠴᠠᠭᠠᠨ ᠰᠤᠷᠪᠤᠯᠵᠢᠯᠠᠬᠤ᠂ ᠵᠠᠬᠢᠳᠠᠯ ᠢᠶᠠᠷ ᠪᠠᠶᠢᠴᠠᠭᠠᠨ ᠯᠠᠪᠯᠠᠬᠤ ᠂ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ᠂ ᠰᠢᠨᠵᠢᠯᠡᠨ ᠪᠠᠶᠢᠴᠠᠭᠠᠬᠤ ᠬᠥᠮᠦᠰ ᠲᠠᠢ ᠨᠢᠭᠤᠷᠳᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠶᠢ ᠠᠪᠬᠤ ᠶᠢᠨ ᠬᠠᠮᠲᠤ ᠰᠢᠨᠵᠢᠯᠡᠨ ᠪᠠᠶᠢᠴᠠᠭᠠᠭᠰᠠᠨ ᠪᠠᠶᠢᠳᠠᠯ ᠤᠨ ᠪᠢᠴᠢᠭ ᠤᠨ ᠮᠡᠳᠡᠭᠦᠯᠦᠯᠲᠡ ᠪᠣᠯᠭᠠᠨ᠎ᠠ᠃ ᠰᠢᠯᠭᠠᠨ ᠪᠠᠶᠢᠴᠠᠭᠠᠬᠤ ᠶᠠᠪᠤᠴᠠ ᠳᠤ ᠬᠠᠶᠠᠭᠰᠠᠨ ᠪᠠ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠨ ᠥᠬᠡᠶ ᠪᠤᠶᠤ ᠬᠢᠷᠢ ᠲᠡᠩᠴᠡᠭᠦ ᠥᠬᠡᠶ ᠠᠴᠠ ᠪᠣᠯᠵᠣ ᠬᠤᠭᠤᠰᠣᠨ ᠣᠷᠣ ᠭᠠᠷᠭᠠᠭᠰᠠᠨ ᠪᠠᠶᠢᠪᠠᠯ᠂ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠶᠢᠨ ᠶᠣᠰᠣᠭᠠᠷ ᠥᠨᠳᠥᠷ ᠠᠴᠠ ᠳᠣᠤᠷ᠎ᠠ ᠲᠠᠰ ᠳᠠᠷᠠᠭᠠᠯᠠᠨ ᠨᠥᠬᠦᠵᠦ ︵ᠬᠠᠮᠤᠭ ᠤᠨ ᠳᠣᠤᠷ᠎ᠠ ᠬᠢᠷᠢ ᠪᠦᠲᠦᠮᠵᠢ ᠠᠴᠠ ᠳᠤᠤᠷ᠎ᠠ ᠪᠠᠶᠢᠵᠤ ᠪᠣᠯᠬᠤ ᠦᠭᠡᠢ᠂ ᠬᠢᠷᠢ ᠪᠦᠲᠦᠮᠵᠢ ᠶᠢ ᠵᠡᠷᠭᠡᠴᠡᠭᠦᠯᠦᠨ ᠰᠢᠯᠭᠠᠭᠤᠯᠵᠤ ᠪᠣᠯᠬᠤ ᠥᠬᠡᠶ︶᠂ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠬᠤ ᠭᠤᠭᠴᠤᠭ᠎ᠠ ᠳᠤ ᠵᠥᠪᠬᠡᠨ 1 ᠤᠳᠠᠭ᠎ᠠ ᠨᠥᠬᠦᠪᠥᠷᠢᠯᠡᠨ᠎ᠡ᠃      ︵ᠵᠢᠷᠭᠤᠭ᠎ᠠ︶ ᠰᠤᠳᠤᠯᠭᠠᠨ ᠤ ᠵᠠᠷᠯᠠᠯ ᠶᠡᠷᠦᠩᠬᠡᠶᠢᠯᠡᠭᠰᠡᠨ ᠨᠢᠭᠤᠷᠲᠠᠨ ᠰᠢᠯᠭᠠᠬᠤ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ᠂ ᠰᠢᠨᠵᠢᠯᠡᠨ ᠪᠠᠶᠢᠴᠠᠭᠠᠭᠰᠠᠨ ᠦᠷ᠎ᠡ ᠳ᠋ᠦᠩ ᠢ ᠰᠤᠳᠤᠯᠤᠨ ᠨᠡᠶᠢᠲᠡᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ‌‍ᠤ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠡᠴᠠ‌ᠣᠷᠣᠭᠤᠯᠤᠨ ᠠᠪᠬᠤ ᠪᠠᠷ ᠪᠠᠶᠢᠭ᠎ᠠ ᠬᠦᠮᠦᠰ ᠤᠨ ᠨᠡᠷᠡᠰ ᠢ ᠳᠤᠷᠠᠳᠴᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠠᠮᠲᠤ ᠪᠠᠷ ᠰᠤᠳᠤᠯᠤᠨ ᠪᠠᠲᠤᠯᠠᠭᠰᠠᠨ ᠤ ᠳᠠᠷᠠᠭ᠎ᠠ ︽ᠳᠠᠷᠬᠠᠨ ᠮᠤᠤᠮᠢᠩᠭᠠᠨ ᠤ ᠨᠠᠮ ᠤᠨ ᠪᠠᠶᠢᠭᠤᠯᠤᠯᠲᠠ︾᠂ ︽ᠳᠠᠷᠬᠠᠨ ᠮᠤᠤᠮᠢᠩᠭᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠸᠢᠴᠠᠲ ᠤᠨ ᠨᠡᠶᠢᠲᠡ ᠶᠢᠨ ᠳ᠋ᠤᠭᠠᠷ ᠲᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠠᠶᠢᠵᠤ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠦᠭᠴᠢ ᠦᠨᠡᠨ ᠪᠣᠳᠠᠲᠠᠶ ᠣᠪᠣᠭ ᠨᠡᠷ᠎ᠡ ᠪᠠᠷ ᠠᠰᠠᠭᠤᠳᠠᠯ ᠢ ᠦᠨᠡᠨ ᠪᠣᠳᠠᠲᠠᠶ ᠪᠠᠷ ᠲᠤᠰᠬᠠᠬᠤ ᠶᠢᠨ ᠬᠠᠮᠲᠤ ᠴᠢᠬᠤᠯᠠ ᠪᠦᠬᠦᠢ ᠪᠠᠶᠢᠴᠠᠭᠠᠯᠲᠠ ᠶᠢᠨ ᠰᠦᠪᠡᠭᠴᠢ ᠬᠠᠩᠭᠠᠬᠤ ᠬᠡᠷᠡᠭᠲᠡᠶ᠃ ᠬᠦᠨᠳᠦ ᠨᠣᠴᠢᠲᠠᠢ ᠠᠰᠠᠭᠤᠳᠠᠯ ᠲᠠᠢ ᠮᠥᠷᠲᠡᠭᠡᠨ ᠦᠨᠡᠨ ᠪᠠᠷᠢᠮᠲᠠ ᠲᠠᠢ ᠪᠠᠶᠢᠪᠠᠯ᠂ ᠣᠷᠣᠭᠤᠯᠤᠨ ᠠᠪᠴᠢᠷᠠᠬᠤ ᠬᠢᠷᠢ ᠬᠡᠮ ᠢ ᠨᠢ ᠬᠦᠴᠦᠨ ᠦᠭᠡᠢ ᠪᠣᠯᠭᠠᠵᠤ ; ᠬᠦᠨᠳᠦ ᠨᠣᠴᠢᠲᠠᠢ ᠠᠰᠠᠭᠤᠳᠠᠯ ᠲᠠᠢ ᠪᠣᠯᠪᠠᠴᠤ ᠲᠦᠷ ᠪᠠᠶᠢᠴᠠᠭᠠᠨ ᠲᠣᠳᠣᠯᠠᠬᠤ ᠳᠤ ᠪᠡᠷᠬᠡᠲᠡᠢ ᠪᠤᠶᠤ ᠦᠭᠡᠶᠢᠰᠬᠡᠬᠦ ᠳᠤ ᠪᠡᠷᠬᠡ ᠲᠠᠢ ᠪᠠᠶᠢᠪᠠᠯ᠂ ᠲᠦᠷ ᠴᠠᠭ ᠣᠷᠣᠭᠤᠯᠤᠨ ᠠᠪᠴᠢᠷᠠᠬᠤ ᠶᠢ ᠬᠤᠶᠢᠰᠢᠯᠠᠭᠤᠯᠵᠤ᠂ ᠪᠠᠶᠢᠴᠠᠭᠠᠨ ᠲᠣᠳᠣᠯᠠᠬᠤ ᠶᠢᠨ ᠬᠠᠮᠲᠤ ᠳ᠋ᠦᠩ ᠭᠠᠷᠭᠠᠭᠰᠠᠨ ᠤ ᠳᠠᠷᠠᠭ᠎ᠠ ᠣᠷᠣᠭᠤᠯᠤᠨ ᠠᠪᠴᠢᠷᠠᠬᠤ ᠡᠰᠡᠬᠦ ᠶᠢ ᠲᠣᠭᠲᠠᠭᠠᠨ᠎ᠠ᠃      ︵ᠳᠣᠯᠤᠭ᠎ᠠ︶ ᠤᠷᠢᠨ ᠬᠡᠷᠡᠭᠯᠡᠬᠦ ᠶᠢ ᠰᠢᠢᠳᠪᠦᠷᠢᠯᠡᠬᠦ  ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ᠂ ᠤᠷᠢᠨ ᠬᠡᠷᠡᠭᠯᠡᠬᠦ ᠬᠠᠮᠢᠶ᠎ᠠ ᠪᠦᠬᠦᠢ ᠭᠠᠷᠳᠠᠮ ᠢ ᠭᠦᠢᠴᠡᠳᠭᠡᠬᠦ ᠬᠡᠷᠡᠭᠲᠡᠢ᠃ 2025 ᠣᠨ ᠳᠤ ᠲᠤᠰ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠡᠷᠬᠡᠪᠰᠢ ︽ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠬᠡᠯᠡᠯᠴᠡᠭᠡᠷ ᠤᠨ ᠪᠢᠴᠢᠭ︾ ︵ᠳᠥᠭᠦᠮᠴᠢᠯᠡᠭᠡᠳ ᠭᠤᠷᠪᠠᠨ ᠲᠠᠯ᠎ᠠ ᠶᠢᠨ ᠵᠥᠪᠯᠡᠯᠴᠡᠭᠡᠷ︶ ᠲᠤ ᠭᠠᠷ ᠤᠨ ᠥᠰᠥᠭ ᠵᠢᠷᠤᠬᠤ ᠬᠡᠷᠡᠭᠲᠡᠶ᠃ ᠤᠷᠢᠨ ᠬᠡᠷᠡᠭᠯᠡᠬᠦ ᠶᠢ ᠨᠥᠯᠥᠭᠡ ᠲᠠᠢ ᠠᠰᠠᠭᠤᠳᠠᠯ ᠢ ᠲᠤᠰᠬᠠᠭᠰᠠᠨ ᠬᠥᠮᠦᠰ ᠢ ᠪᠠᠶᠢᠴᠠᠭᠠᠨ ᠲᠣᠳᠣᠯᠠᠭᠰᠠᠨ ᠪᠠᠶᠢᠪᠠᠯ᠂ ᠤᠷᠢᠨ ᠬᠡᠷᠡᠭᠯᠡᠬᠦ ᠦᠭᠡᠶ᠃      04 ᠳ᠋ᠦᠭᠡᠷ ᠵᠦᠢᠯ      ︵ᠨᠢᠭᠡ︶ ᠴᠢᠳᠠᠪᠤᠷᠢᠲᠠᠨ‌ᠣᠷᠣᠭᠤᠯᠬᠤ ᠬᠠᠷᠠᠭᠠᠯᠵᠠᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠳᠣᠭᠢᠷᠠᠭᠤᠯᠬᠤ ᠬᠠᠮᠢᠶᠠᠷᠤᠯᠲᠠ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ ᠲᠣᠭᠲᠠᠭᠠᠨ᠎ᠠ᠃      ︵ᠬᠤᠶᠠᠷ︶ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠬᠠᠮᠤᠭ ᠤᠨ ᠳᠣᠤᠷ᠎ᠠ ᠦᠢᠯᠡᠴᠢᠯᠡᠭᠡᠨ ᠤ ᠵᠢᠯ ᠬᠤᠭᠤᠴᠠᠭ᠎ᠠ ᠨᠢ 5 ᠵᠢᠯ ︵ᠲᠤᠷᠰᠢᠨ ᠬᠡᠷᠡᠭᠯᠡᠬᠦ ᠬᠤᠭᠤᠴᠠᠭ᠎ᠠ ᠪᠠᠭᠲᠠᠨ᠎ᠠ︶ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠤ ᠲᠠᠷᠠᠭ᠎ᠠ ᠬᠡᠪᠰᠢᠭᠰᠡᠨ ᠬᠠᠮᠢᠶᠠᠷᠤᠯᠲᠠ‌‍ᠳᠤ ᠤᠷᠤᠭᠤᠯᠤᠨ᠎ᠠ᠃ ᠦᠢᠯᠡᠴᠢᠯᠡᠭᠡᠨ ᠤ ᠬᠤᠭᠤᠴᠠᠭᠠᠨ ᠳᠤ ᠲᠤᠰᠢᠶᠠᠯ ᠠᠴᠠ ᠪᠠᠨ ᠪᠠᠭᠤᠭᠰᠠᠨ ᠤ ᠳᠠᠷᠠᠭ᠎ᠠ ᠳᠠᠬᠢᠨ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠢᠶᠠᠷ ᠬᠤᠲᠠ ᠶᠢᠨ ᠳᠣᠲᠣᠷᠠᠬᠢ ᠪᠤᠰᠤᠳ ᠠᠵᠢᠯ ᠦᠢᠯᠡᠰ ᠤᠨ ᠨᠢᠭᠡᠴᠢ ᠳᠤ ᠣᠷᠣᠭᠤᠯᠤᠨ ᠠᠪᠴᠢᠷᠠᠵᠤ ᠪᠣᠯᠬᠤ ᠥᠬᠡᠶ᠃ ᠦᠢᠯᠡᠴᠢᠯᠡᠭᠡᠨ ᠤ ᠬᠤᠭᠤᠴᠠᠭᠠᠨ ᠳᠤ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠰᠢᠯᠵᠢᠭᠦᠯᠬᠦ᠂ ᠵᠢᠭᠡᠯᠡᠬᠦ᠂ ᠠᠵᠢᠯ ᠤᠨ ᠪᠠᠶᠢᠷᠢ ᠠᠴᠠ ᠪᠠᠨ ᠤᠷᠢᠳᠴᠢᠯᠠᠨ ᠬᠤᠲᠠ ᠶᠢᠨ ᠳᠣᠲᠣᠷᠠᠬᠢ ᠪᠤᠰᠤᠳ ᠠᠵᠢᠯ ᠦᠢᠯᠡᠰ ᠤᠨ  ᠨᠢᠭᠡᠴᠢ ᠳᠤ ᠣᠴᠢᠵᠤ ᠪᠣᠯᠬᠤ ᠦᠭᠡᠢ᠃ ᠵᠦᠢ ᠶᠣᠰᠣᠨ ᠤ ᠰᠢᠯᠲᠠᠭᠠᠨ ᠦᠭᠡᠶ ᠪᠠᠷ ᠬᠠᠶᠠᠭᠰᠠᠨ ᠪᠤᠶᠤ ᠬᠠᠮᠤᠭ ᠤᠨ ᠳᠣᠤᠷ᠎ᠠ ᠦᠢᠯᠡᠴᠢᠯᠡᠭᠡᠨ ᠤ ᠬᠤᠭᠤᠴᠠᠭ᠎ᠠ ᠪᠠᠨ ᠭᠦᠢᠴᠡᠳᠬᠡᠭᠰᠡᠨ ᠦᠭᠡᠶ ᠪᠣᠯ ᠤᠷᠢᠵᠤ ᠬᠡᠷᠡᠭᠯᠡᠬᠦ ᠭᠡᠷ᠎ᠡ ᠶᠢ ᠬᠦᠴᠦᠨ ᠦᠭᠡᠶ ᠪᠣᠯᠭᠠᠬᠤ ᠶᠢᠨ ᠬᠠᠮᠲᠤ ᠲᠤᠰ ᠬᠥᠮᠦᠨ ᠤ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠬᠡᠷᠡᠭᠲᠡᠶ᠃      ︵ᠭᠤᠷᠪᠠ︶ ᠣᠷᠣᠭᠤᠯᠣᠭᠰᠠᠨ ᠴᠢᠳᠠᠪᠤᠷᠢᠲᠠᠨ ᠳᠤ ᠲᠤᠷᠰᠢᠨ ᠬᠡᠷᠡᠭᠯᠡᠬᠦ ᠬᠤᠭᠤᠴᠠᠭᠠᠨ ᠤ ᠲᠦᠷᠢᠮ ᠢ ᠬᠡᠷᠡᠭᠵᠢᠭᠦᠯᠵᠦ᠂ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠪᠣᠯ ᠠᠩᠬ᠎ᠠ ᠤᠳᠠᠭ᠎ᠠ ᠠᠵᠢᠯ ᠣᠯᠤᠭᠰᠠᠨ ᠳᠤ ᠬᠠᠷᠢᠶᠠᠯᠠᠭᠳᠠᠪᠠᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ 12 ᠰᠠᠷ᠎ᠠ ᠪᠣᠯᠤᠨ᠎ᠠ ; ᠪᠤᠰᠤᠳ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠲᠤᠷᠰᠢᠨ ᠬᠡᠷᠡᠭᠯᠡᠬᠦ ᠬᠤᠭᠤᠴᠠᠭ᠎ᠠ‌‍ᠶᠢ ᠶᠡᠷᠦ ᠳᠡᠭᠡᠨ 3 ᠰᠠᠷ᠎ᠠ ᠠᠴᠠ ᠬᠡᠲᠦᠷᠡᠭᠦᠯᠵᠦ ᠪᠣᠯᠬᠤ ᠥᠬᠡᠶ᠂ ᠪᠠᠶᠢᠳᠠᠯ ᠨᠢ ᠣᠨᠴᠠᠭᠠᠶ ᠪᠣᠯ ᠤᠷᠲᠤᠳᠬᠠᠵᠤ ᠪᠣᠯᠤᠨ᠎ᠠ᠂ ᠭᠡᠪᠡᠴᠦ ᠬᠠᠮᠤᠭ ᠤᠨ ᠤᠷᠲᠤ ᠳᠤ ᠪᠠᠨ6 ᠰᠠᠷ᠎ᠠ ᠠᠴᠠ ᠬᠡᠲᠦᠷᠡᠭᠦᠯᠵᠦ ᠪᠣᠯᠬᠤ ᠥᠬᠡᠶ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠤᠷᠢᠨ ᠬᠡᠷᠡᠭᠯᠡᠬᠦ ᠭᠡᠷ᠎ᠡ ᠶᠢᠨ ᠬᠤᠭᠤᠴᠠᠭᠠᠨ ᠳᠤ ᠪᠠᠭᠲᠠᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠴᠦ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠪᠠᠯ᠂ ᠵᠢᠩᠬᠢᠨᠢ ᠪᠠᠷ  ᠤᠷᠢᠨ ᠬᠡᠷᠡᠭᠯᠡᠵᠦ ; ᠬᠢᠷᠢ ᠲᠡᠩᠴᠡᠭᠰᠡᠨ ᠦᠭᠡᠶ ᠪᠣᠯ ᠤᠷᠢᠵᠤ ᠬᠡᠷᠡᠭᠯᠡᠬᠦ ᠶᠢ ᠨᠢ ᠬᠦᠴᠦᠨ ᠦᠭᠡᠶ ᠪᠣᠯᠭᠠᠨ᠎ᠠ᠃      05 ᠰᠠᠬᠢᠯᠭ᠎ᠠ ᠪᠠᠲᠤ ᠪᠠ ᠬᠢᠨᠠᠯᠲᠠ ᠲᠠᠯᠪᠢᠬᠤ      ︵ᠨᠢᠭᠡ︶᠂ ᠴᠢᠳᠠᠪᠤᠷᠢᠲᠠᠨ ᠣᠷᠣᠭᠤᠯᠬᠤ ᠠᠵᠢᠯ  ᠤᠨ ᠪᠥᠬᠦ ᠶᠠᠪᠤᠴᠠ ᠳᠤ ᠬᠢᠨᠠᠯᠲᠠ ᠲᠠᠯᠪᠢᠬᠤ ᠲᠦᠷᠢᠮ ᠢ ᠬᠡᠷᠡᠭᠵᠢᠭᠦᠯᠦᠨ᠎ᠡ᠃ ᠴᠢᠳᠠᠪᠤᠷᠢᠲᠠᠨ ᠣᠷᠣᠭᠤᠯᠬᠤ ᠠᠵᠢᠯ ᠤᠨ ᠬᠤᠭᠤᠴᠠᠭᠠᠨ ᠳᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠪᠦᠬᠦ ᠶᠠᠪᠤᠴᠠ ᠶᠢᠨ ᠬᠢᠨᠠᠯᠲᠠ ᠲᠠᠯᠪᠢᠬᠤ ᠶᠢ ᠬᠦᠯᠢᠶᠡᠨ᠎ᠡ᠃ ᠠᠵᠢᠯᠲᠠᠨ ᠪᠣᠯᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠰ ᠲᠣᠰ ᠤᠳᠠᠭᠠᠨ ᠤ ᠠᠵᠢᠯ ᠤᠨ ᠳᠤᠮᠳᠠ ᠰᠠᠬᠢᠯᠭ᠎ᠠ ᠪᠠᠲᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠬᠦ ᠳᠤ᠂ ︽ᠠᠵᠢᠯ ᠦᠢᠯᠡᠰ ‍ᠤᠨ‌ᠨᠢᠭᠡᠴᠢ ᠶᠢᠨ ᠰᠠᠬᠢᠯᠭ᠎ᠠ ᠪᠠᠲᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠲᠣᠭᠲᠠᠭᠠᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ 35 ᠳ᠋ᠤᠭᠠᠷ ᠨᠤᠮᠧᠷᠲᠦ ᠵᠠᠷᠯᠢᠭ︶ ᠶᠣᠰᠣᠭᠠᠷ  ᠬᠡᠷᠡᠭᠵᠢᠭᠦᠯᠦᠨ᠎ᠡ᠃      ︵ᠬᠤᠶᠠᠷ︶᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ︽ᠠᠵᠢᠯ ᠦᠢᠯᠡᠰ ‍ᠤᠨ‌ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠲᠦᠷ ᠬᠡᠷᠡᠭᠵᠢᠭᠦᠯᠬᠦ ᠲᠣᠭᠲᠠᠭᠠᠯ︾ ︵ᠠᠵᠢᠯᠲᠠᠨ ᠤ ᠶᠠᠪᠤᠳᠠᠯ ᠤᠨ ᠶᠠᠮᠤᠨ ᠤ ᠵᠠᠷᠯᠢᠭ ᠤᠨ 6 ᠳ᠋ᠤᠭᠠᠷ ᠨᠤᠮᠧᠷᠲᠦ︶ ᠪᠠ ︽ᠠᠵᠢᠯ ᠦᠢᠯᠡᠰ ᠤᠨ  ᠨᠢᠭᠡᠴᠢ ᠶᠢᠨ ᠠᠵᠢᠯᠲᠠᠨ  ᠤ ᠶᠠᠪᠤᠳᠠᠯ ᠤᠨ ᠬᠠᠮᠢᠶᠠᠷᠤᠯᠲᠠ ᠶᠢᠨ ᠵᠠᠶᠢᠯᠠᠭᠤᠯᠬᠤ ᠲᠣᠭᠲᠠᠭᠠᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠣᠭᠲᠠᠭᠠᠯ ︹2018︺ ᠤᠨ 1 ᠳ᠋ᠦ᠋ᠭᠡᠷ ᠨᠤᠮᠧᠷᠲᠦ︶ ᠢ ᠴᠢᠩᠭ᠎ᠠ ᠬᠡᠷᠡᠭᠵᠢᠭᠦᠯᠬᠦ ᠵᠡᠷᠭᠡ ᠬᠤᠯᠪᠣᠭᠳᠠᠯ ᠪᠦᠬᠦᠢ ᠲᠣᠭᠲᠠᠭᠠᠯ ᠳᠤ᠂ ᠪᠠᠷᠢᠮᠵᠢᠶ᠎ᠠ ᠨᠥᠬᠦᠴᠡᠯ ᠢ ᠪᠠᠷᠢᠮᠲᠠᠯᠠᠵᠤ᠂ ᠠᠵᠢᠯᠯᠠᠬᠤ ᠵᠢᠷᠤᠮ ᠢ ᠵᠢᠷᠤᠮᠵᠢᠭᠤᠯᠤᠨ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ ᠮᠡᠳᠡᠭᠡ ᠵᠠᠩᠭᠢ ᠶᠢ ᠢᠯᠡ ᠪᠣᠯᠭᠠᠵᠤ᠂ ᠶᠠᠪᠤᠴᠠ ᠶᠢ ᠢᠯᠡ ᠪᠣᠯᠭᠠᠵᠤ᠂ ᠦᠷ᠎ᠡ ᠳ᠋ᠦᠩ ᠢ ᠢᠯᠡ ᠪᠣᠯᠭᠠᠵᠤ᠂ ᠨᠡᠶᠢᠭᠡᠮ ᠪᠣᠯᠤᠨ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ ︽ᠬᠡᠨ ᠬᠢᠨᠠᠨ ᠪᠠᠶᠢᠴᠠᠭᠠᠪᠠᠯ᠂ ᠬᠡᠨ ᠬᠠᠷᠢᠭᠤᠴᠠᠬᠤ︾ ᠱᠠᠭᠠᠷᠳᠠᠯᠭ᠎ᠠ ᠶᠣᠰᠣᠭᠠᠷ᠂ ᠬᠢᠷᠢ ᠭᠡᠮ ᠤᠨ ᠬᠢᠨᠠᠨ ᠪᠠᠶᠢᠴᠠᠭᠠᠯᠲᠠ ᠨᠢ ᠴᠢᠩᠭ᠎ᠠ ᠪᠤᠰᠤ ᠠᠴᠠ ᠪᠣᠯᠵᠤ ᠡᠭᠦᠰᠦᠭᠰᠡᠨ ᠠᠰᠠᠭᠤᠳᠠᠯ ᠢ ᠣᠯᠵᠤ ᠮᠡᠳᠡᠪᠡᠯ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃      ︵ᠭᠤᠷᠪᠠ︶ ᠳᠠᠭᠤᠰᠤᠭᠠᠳᠤᠶ ᠤᠴᠢᠷ ᠶᠠᠪᠤᠳᠠᠯ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠬᠠᠷᠢᠭᠤᠴᠠᠨ ᠲᠠᠶᠢᠯᠪᠤᠷᠢᠯᠠᠨ᠎ᠠ᠃      ︵ᠳᠥᠷᠪᠡ︶ ᠠᠰᠠᠭᠤᠨ ᠯᠠᠪᠯᠠᠬᠤ ᠤᠲᠠᠰᠤ᠄ 0472 - 8422464᠂ 0472 - 8421850 ᠭᠥᠯᠢᠶᠡᠨ ᠠᠪᠴᠤ ᠰᠢᠢᠳᠪᠦᠷᠢᠯᠡᠬᠦ ᠴᠠᠭ ︵ᠠᠵᠢᠯᠯᠠᠬᠤ ᠡᠳᠦᠷ︶ 8᠄ 30-12᠄ 00᠂ 14᠄ 30-17᠄ 30      ︵ᠲᠠᠪᠤ︶ ᠬᠢᠨᠠᠯᠲᠠ ᠲᠠᠯᠪᠢᠬᠤ ᠤᠲᠠᠰᠤ᠄ 0472-8425889 ᠭᠥᠯᠢᠶᠡᠨ ᠠᠪᠴᠤ ᠰᠢᠢᠳᠪᠦᠷᠢᠯᠡᠬᠦ ᠴᠠᠭ ︵ᠠᠵᠢᠯᠯᠠᠬᠤ ᠡᠳᠦᠷ︶ 8᠄ 30-12᠄ 00᠂ 14᠄ 30-17᠄ 30      ᠳᠠᠭᠠᠯᠳᠤᠭᠤᠯᠤᠯ᠄ 1. ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ 2025 ᠣᠨ ᠳᠤ ᠳᠡᠭᠡᠳᠦ ᠲᠠᠰ ᠳᠠᠪᠬᠤᠷᠭ᠎ᠠ ᠪᠣᠯᠤᠨ ᠳᠤᠲᠠᠭᠳᠠᠵᠤ ᠪᠠᠶᠢᠭ᠎ᠠ ᠪᠠᠴᠢᠮ ᠬᠡᠷᠡᠭᠰᠡᠬᠦ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠬᠦᠰᠦᠨᠦᠭᠲᠦ2.ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ 2025 ᠣᠨ ᠳᠤ ᠳᠡᠭᠡᠳᠦ ᠲᠠᠰ ᠳᠠᠪᠬᠤᠷᠭ᠎ᠠ ᠪᠠ ᠪᠠᠴᠢᠮ ᠬᠡᠷᠡᠭᠰᠡᠬᠦ ᠴᠢᠳᠠᠪᠤᠷᠢᠲᠠᠨ ᠤ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ                   2025 ᠣᠨ ᠤ 3 ᠳ᠋ᠤᠭᠠᠷ ᠰᠠᠷ᠎ᠠ ᠶᠢᠨ 26 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号