ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠣᠭᠤᠰᠢᠭᠤᠯᠠᠬᠤ ᠶᠢᠨ ᠲᠥᠯᠥᠭᠡ᠂ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ | ᠬᠡᠦᠬᠡᠳ ᠪᠣᠯᠣᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠵᠤ᠂ ᠰᠡᠳᠬᠢᠯ ᠲᠠᠯᠪᠢᠨ ︽ᠪᠢ ᠡᠮᠡᠭᠲᠡᠶᠢᠴᠦᠳ ᠬᠡᠦᠬᠡᠳ ᠲᠤ ᠪᠣᠳᠠᠲᠠᠢ ᠶᠠᠪᠤᠳᠠᠯ | ᠬᠢᠵᠦ ᠥᠭᠭᠦᠨ᠎ᠡ᠂ ᠠᠷᠪᠠ ᠶᠢ ᠬᠦᠷᠭᠡᠬᠦ︾ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ | ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠪᠠᠶᠠᠨ᠋ᠣ᠋ᠪᠣᠭ᠎ᠠ ᠰᠤᠮᠤᠨ ᠤ | ᠳᠠᠪᠰᠢᠯᠲᠤ ᠭᠠᠴᠠᠭ᠎ᠠ ᠶᠢᠨ ᠨᠢᠭᠡᠨ ᠮᠠᠯᠵᠢᠬᠤ ᠡᠷᠦᠬᠡ ᠳᠤ ᠬᠦᠷᠴᠦ᠂ 8 ᠨᠠᠰᠤᠲᠠᠢ ᠵᠢᠭᠠᠯ ᠬᠦᠦ ᠠᠪᠤ ᠨᠢ ᠭᠠᠳᠠᠭᠰᠢ | ᠭᠠᠷᠴᠤ ᠬᠥᠯᠥᠰᠥᠨ ᠠᠵᠢᠯ ᠬᠢᠵᠦ ᠪᠠᠶᠢᠬᠤ ᠮᠦᠷᠲᠡᠬᠡᠨ ᠭᠡᠷ ᠤᠨ ᠨᠠᠰᠤᠲᠠᠶᠢᠴᠤᠳ ᠢ ᠠᠰᠠᠷᠠᠵᠤ ᠬᠠᠷᠠᠭᠠᠯᠵᠠᠬᠤ | ᠬᠥᠮᠥᠨ ᠴᠤ ᠦᠭᠡᠢ᠂ ᠰᠤᠷᠭᠠᠭᠤᠯᠢ ᠳᠤ ᠣᠴᠢᠬᠤ ᠪᠠᠶᠢᠳᠠᠯ ᠳᠤ ᠭᠡᠷ ᠤᠨ ᠬᠥᠮᠥᠰ ᠤᠨ ᠬᠠᠮᠢᠶᠠᠷᠤᠯᠲᠠ ᠦᠭᠡᠢ | ᠣᠴᠢᠷ ᠠᠴᠠ ᠦᠷᠭᠦᠯᠵᠢᠯᠡᠨ ᠰᠤᠷᠭᠠᠭᠤᠯᠢ ᠳᠤ ᠰᠠᠭᠤᠵᠤ ᠳᠡᠶᠢᠯᠬᠦ ᠦᠭᠡᠢ ᠪᠠᠶᠢᠭ᠎ᠠ ᠬᠦᠴᠢᠷᠳᠡᠯ ᠢ ᠲᠡᠷᠡ ᠳᠠᠷᠤᠢ ᠳᠤ | ᠨᠢ ᠬᠠᠤᠯᠢ ᠶᠣᠰᠣᠭᠠᠷ ᠪᠠᠶᠢᠴᠠᠭᠠᠬᠤ ᠰᠠᠯᠠᠭ᠎ᠠ ᠮᠥᠴᠢᠷ ᠲᠠᠢ ᠬᠤᠯᠪᠣᠭᠠᠯᠠᠨ᠂ ᠮᠠᠯᠵᠢᠬᠤ ᠡᠷᠦᠬᠡ ᠳᠤ ᠭᠦᠨᠵᠡᠭᠡᠶᠢᠷᠡᠵᠦ᠂ | ᠬᠦᠦ ᠶᠢᠨ ᠢᠶᠠᠨ ᠭᠡᠷ ᠪᠦᠯᠢ ᠶᠢᠨ ᠠᠮᠢᠳᠤᠷᠠᠯ᠂ ᠪᠡᠶ᠎ᠡ ᠰᠡᠳᠬᠢᠯ ᠤᠨ ᠪᠠᠶᠢᠳᠠᠯ ᠵᠢᠴᠢ ᠪᠣᠳᠠᠲᠠᠢ ᠬᠦᠰᠡᠯ | ᠱᠠᠭᠠᠷᠳᠠᠯᠭ᠎ᠠ ᠶᠢ ᠪᠦᠬᠦ ᠲᠠᠯ᠎ᠠ ᠪᠠᠷ ᠣᠶᠢᠯᠠᠭᠠᠪᠠ᠃ | ᠰᠠᠶ᠋ᠢᠬᠠᠨ ᠭᠡᠷ ᠲᠤ ᠣᠷᠣᠮᠠᠭᠴᠠ᠂ ᠠᠵᠢᠯᠲᠠᠳ ᠬᠡᠤᠬᠡᠳ ᠪᠣᠯᠤᠨ ᠭᠡᠷ ᠤᠨ ᠠᠬᠠᠮᠠᠳ ᠲᠠᠢ ᠳᠣᠲᠣᠨᠣ ᠪᠠᠷ | ᠬᠠᠷᠢᠯᠴᠠᠵᠤ᠂ ᠬᠡᠤᠬᠡᠳ ᠤᠨ ᠡᠳᠦᠷ ᠲᠤᠲᠤᠮ ᠤᠨ ᠰᠤᠷᠤᠯᠭ᠎ᠠ ᠶᠢᠨ ᠪᠠᠶᠢᠳᠠᠯ ᠠᠴᠠ ᠭᠡᠷ ᠪᠦᠯᠢ ᠶᠢᠨ ᠠᠵᠤ | ᠠᠬᠤᠶ ᠶᠢᠨ ᠢᠷᠡᠯᠲᠡ ᠬᠦᠷᠲᠡᠯ᠎ᠡ᠂ ᠳᠠᠬᠢᠭᠠᠳ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠳᠤ | ᠬᠦᠷᠲᠡᠯ᠎ᠡ ᠨᠢᠭᠡ ᠶᠢ ᠴᠦ ᠣᠷᠬᠢᠭᠳᠠᠭᠤᠯᠬᠤ ᠦᠭᠡᠢ ᠪᠠᠶᠢᠳᠠᠭ᠃ ᠲᠡᠳᠡᠨᠦᠰ ᠬᠡᠤᠬᠡᠳ ᠪᠣᠯᠤᠨ ᠭᠡᠷ ᠤᠨ | ᠠᠬᠠᠮᠠᠳ ᠤᠨ ᠦᠭᠡ ᠨᠢᠭᠡ ᠪᠦᠷᠢ ᠶᠢ ᠬᠦᠯᠢᠴᠡᠩᠭᠦᠶ ᠪᠠᠷ ᠰᠣᠨᠣᠰᠴᠤ᠂ ᠬᠡᠤᠬᠡᠳ ᠤᠨ ᠦᠰᠦᠨ ᠪᠤᠶᠢᠵᠢᠯᠲᠠ ᠶᠢ | ᠨᠥᠯᠥᠭᠡᠯᠡᠵᠦ ᠮᠡᠳᠡᠬᠦ ᠵᠦᠶ᠋ᠯᠡᠰ ᠢ ᠨᠠᠷᠢᠨ ᠨᠢᠮᠪᠠᠶ ᠠᠩᠬᠠᠷᠴᠤ ᠪᠠᠶᠢᠪᠠ᠃ ᠬᠡᠤᠬᠡᠳ ᠲᠤ ᠨᠡᠶᠢᠭᠡᠮ ᠤᠨ ᠬᠠᠶᠢᠷ᠎ᠠ | ᠬᠠᠯᠠᠮᠵᠢ ᠶᠢ ᠦᠨᠡᠨ ᠬᠦ ᠬᠦᠷᠲᠡᠭᠡᠬᠦ ᠶᠢᠨ ᠲᠥᠯᠥᠭᠡ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠪᠢᠴᠢᠭ ᠤᠨ | ᠪᠣᠭᠴᠣ ᠪᠡᠯᠡᠳᠬᠡᠵᠦ᠂ ᠰᠢᠭᠦᠬᠦ ᠬᠤᠷᠢᠶ᠎ᠠ ᠴᠦ ᠪᠡᠭᠡᠯᠡᠶ᠂ ᠨᠣᠮ ᠪᠢᠴᠢᠭ ᠮᠡᠲᠦ ᠶᠢᠨ ᠠᠮᠢᠳᠤᠷᠠᠯ ᠪᠠ ᠰᠤᠷᠤᠯᠭ᠎ᠠ ᠶᠢᠨ | ᠬᠡᠷᠡᠭᠰᠡᠯ ᠢ ᠠᠪᠴᠢᠷᠠᠭᠰᠠᠨ ᠪᠠᠶᠢᠨ᠎ᠠ᠃ ᠡᠳᠡᠭᠡᠷ ᠡᠳ᠋ ᠪᠣᠳᠠᠰ ᠨᠢ ᠬᠡᠳᠦ᠋ᠪᠡᠷ ᠦᠨᠡᠲᠡᠢ ᠪᠢᠰᠢ ᠪᠣᠯᠪᠠᠴᠤ ᠭᠦᠨ | ᠵᠤᠵᠠᠭᠠᠨ ᠬᠠᠶᠢᠷ᠎ᠠ ᠰᠡᠳᠭᠢᠯᠭᠡ ᠪᠠᠷ ᠳᠦᠭᠦᠷᠡᠩ ᠪᠠᠶᠢᠨ᠎ᠠ᠃ | ᠬᠡᠦᠬᠡᠳ ᠤᠨ ᠪᠣᠳᠠᠲᠠᠢ ᠪᠠᠶᠢᠳᠠᠯ ᠢ ᠭᠦᠢᠴᠡᠳ ᠣᠶᠢᠯᠠᠭᠠᠭᠰᠠᠨ ᠤ ᠳᠠᠷᠠᠭ᠎ᠠ᠂ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ ᠭᠤᠷᠪᠠᠨ ᠲᠠᠯ᠎ᠠ ᠪᠠᠷ ᠢᠶᠠᠨ ᠲᠤᠬᠠᠢ ᠶᠢᠨ ᠲᠠᠯᠠᠪᠤᠷ ᠲᠤ | ᠲᠠᠨᠢᠨ ᠠᠪᠴᠤ᠂ ᠬᠡᠦᠬᠡᠳ ᠤᠨ ︽ ᠬᠠᠶᠢᠷ᠎ᠠ ᠬᠠᠯᠠᠮᠵᠢ ᠶᠢᠨ ᠡᠵᠢ︾ ᠪᠣᠯᠤᠭᠰᠠᠨ ᠪᠥᠭᠡᠳ ᠬᠠᠷᠢᠯᠴᠠᠬᠤ | ᠬᠡᠯᠪᠡᠷᠢ ᠪᠠᠨ ᠦᠯᠡᠳᠡᠭᠡᠵᠦ᠂ ᠬᠤᠶᠢᠰᠢᠳᠠ ᠰᠤᠷᠤᠯᠭ᠎ᠠ ᠪᠣᠶᠣ ᠠᠮᠢᠳᠣᠷᠠᠯ ᠤᠨ ᠠᠯᠢ ᠨᠢᠭᠡᠨ ᠲᠠᠯ᠎ᠠ ᠪᠠᠷ | ᠬᠦᠴᠢᠷᠳᠡᠯ ᠳᠤ ᠲᠣᠯᠭᠠᠷᠠᠪᠠᠯ᠂ ᠴᠠᠭ ᠲᠤᠬᠠᠢ ᠳᠤ ᠨᠢ ᠪᠢᠳᠡᠨ ᠲᠠᠢ ᠬᠠᠷᠢᠯᠴᠠᠵᠣ ᠪᠣᠯᠣᠨ᠎ᠠ ᠭᠡᠵᠦ ᠬᠡᠦᠬᠡᠳ ᠲᠡᠭᠡᠨ | ᠳᠣᠲᠣᠨᠣᠰᠤᠭ ᠢᠶᠠᠷ ᠰᠠᠨᠠᠭᠤᠯᠣᠨ ᠵᠠᠬᠢᠪᠠ᠃ ᠬᠡᠦᠬᠡᠳ ᠤᠳ ᠰᠢᠨ᠎ᠡ ᠪᠢᠴᠢᠭ ᠤᠨ ᠪᠣᠭᠴᠣ ᠪᠣᠯᠤᠨ ᠰᠢᠨ᠎ᠡ ᠨᠣᠮ ᠢᠶᠠᠨ | ᠴᠢᠩᠭ᠎ᠠ ᠲᠡᠪᠡᠷᠢᠵᠦ᠂ ᠰᠡᠳᠬᠢᠯ ᠳᠣᠭᠳᠣᠯᠤᠭᠰᠠᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠤᠶᠢᠰᠢᠳᠠ ᠨᠡᠩ | ᠰᠠᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠤᠷᠤᠯᠴᠠᠯᠭ᠎ᠠ ᠳᠤ ᠪᠠᠨ ᠣᠷᠣᠯᠴᠠᠵᠤ᠂ ᠡᠨᠡ ᠬᠦ ᠡᠷᠬᠢᠮ | ᠨᠠᠨᠳᠢᠨ ᠬᠠᠶᠢᠷ᠎ᠠ ᠬᠠᠯᠠᠮᠵᠢ ᠶᠢ ᠬᠥᠰᠡᠷᠳᠡᠭᠦᠯᠬᠦ ᠦᠭᠡᠢ ᠭᠡᠵᠦ ᠬᠡᠯᠡᠭᠰᠡᠨ ᠪᠠᠶᠢᠨ᠎ᠠ᠂ ᠭᠡᠷ ᠤᠨ ᠠᠬᠠᠮᠡᠳ ᠪᠠᠰᠠ | ᠲᠠᠯᠠᠷᠬᠠᠯ ᠵᠶ᠋ᠠᠨᠢᠯᠡᠳᠬᠡᠵᠦ᠂ ᠬᠤᠶᠢᠰᠢᠳᠠ ᠯᠠᠪᠲᠠᠢ ᠰᠥᠰᠥ ᠵᠣᠷᠢᠭ ᠢᠶᠠᠨ ᠬᠥᠪᠴᠢᠯᠡᠵᠦ᠂ ᠢᠳᠡᠪᠬᠢᠲᠡᠢ | ᠪᠠᠶᠠᠰᠤᠩᠭᠤᠢ ᠣᠪᠣᠷ ᠢᠶᠠᠷ ᠠᠮᠢᠳᠤᠷᠠᠯ ᠳᠤ ᠪᠠᠨ ᠬᠠᠨᠳᠤᠵᠤ᠂ ᠳᠠᠷᠠᠭᠠᠴᠢ ᠶᠢᠨ ᠬᠠᠪᠰᠤᠷᠤᠨ ᠲᠡᠳᠬᠦᠬᠦ ᠠᠵᠢᠯ ᠳᠤ | ᠪᠦᠬᠦ ᠬᠦᠴᠦ ᠪᠠᠷ ᠢᠶᠠᠨ ᠬᠠᠮᠵᠢᠯᠴᠠᠨ᠎ᠠ ᠭᠡᠵᠦ ᠬᠡᠯᠡᠪᠡ᠃ | ᠡᠨᠡ ᠣᠳᠠᠭᠠᠨ ᠤ ᠭᠦᠨᠵᠡᠭᠡᠢ ᠰᠤᠷᠪᠤᠯᠵᠢᠯᠠᠬᠤ ᠪᠠᠷ ᠳᠠᠮᠵᠢᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ | ᠪᠣᠯᠣᠨ ᠡᠮᠡᠭᠲᠡᠶᠢᠴᠦᠳ ᠤᠨ ᠬᠤᠯᠪᠣᠭ᠎ᠠ ᠭᠤᠷᠪᠠᠨ ᠲᠠᠯ᠎ᠠ ᠠᠴᠠ ᠭᠦᠨᠵᠡᠭᠡᠢ ᠮᠡᠳᠡᠷᠡᠵᠦ᠂ ᠬᠡᠦᠬᠡᠳ ᠤᠳ ᠤᠨ | ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠬᠠᠯᠠᠮᠵᠢᠯᠠᠯ ᠢ ᠨᠡᠩ | ᠬᠠᠶᠢᠷ᠎ᠠ ᠰᠡᠳᠬᠢᠯᠭᠡ ᠲᠠᠢ ᠪᠣᠯᠭᠠᠵᠤ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠪᠠᠲᠣᠯᠠᠭ᠎ᠠ ᠶᠢ ᠨᠡᠩ | ᠬᠦᠴᠦᠲᠡᠢ ᠪᠣᠯᠭᠠᠬᠤ ᠭᠡᠪᠡᠯ ᠪᠠᠰᠠ ᠡᠯ᠎ᠡ ᠲᠠᠯ᠎ᠠ ᠶᠢᠨ ᠬᠢᠨ ᠦᠷᠭᠦᠯᠵᠢᠯᠡᠨ ᠬᠠᠮᠲᠤ ᠪᠠᠷ ᠴᠢᠷᠮᠠᠶᠢᠬᠤ ᠬᠡᠷᠡᠭᠲᠡᠢ ᠭᠡᠵᠦ | ᠵᠢᠭᠠᠵᠤ ᠭᠠᠷᠭᠠᠪᠠ᠃ ᠲᠠᠷᠠᠭᠠᠴᠢ ᠶᠢᠨ ᠠᠵᠢᠯ ᠳᠤᠮᠳᠠ ᠪᠠᠨ᠂ ᠭᠤᠷᠪᠠᠨ ᠲᠠᠯ᠎ᠠ ᠠᠴᠠ ᠬᠤᠯᠪᠣᠭᠠᠯᠠᠨ | ᠬᠠᠮᠵᠢᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠪᠠᠷ ᠲᠣᠭᠲᠠᠭᠠᠪᠠ᠃ ᠰᠢᠭᠦᠬᠦ ᠬᠤᠷᠢᠶ᠎ᠠ ᠰᠢᠭᠦᠨ ᠲᠠᠰᠤᠯᠬᠤ | ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠲᠤᠰ ᠭᠡᠷ ᠪᠦᠯᠢ ᠳᠤ ᠣᠷᠣᠰᠢᠵᠤ ᠪᠠᠶᠢᠭ᠎ᠠ ᠠᠰᠠᠷᠠᠨ ᠲᠡᠵᠢᠭᠡᠬᠦ | ᠵᠠᠷᠤᠳᠠᠯ ᠤᠨ ᠵᠠᠭᠤᠷᠠᠯᠳᠣᠭᠠᠨ ᠤ ᠬᠡᠷᠡᠭ ᠢ ᠲᠦᠷᠭᠡᠪᠴᠢᠯᠡᠨ ᠰᠢᠢᠳᠪᠦᠷᠢᠯᠡᠵᠦ᠂ ᠭᠦᠢᠴᠡᠳᠬᠡᠬᠦ ᠡᠷᠴᠢᠮ ᠢᠶᠠᠨ | ᠴᠢᠩᠭᠠᠷᠠᠭᠤᠯᠵᠤ᠂ ᠬᠡᠦᠬᠡᠳ ᠤᠨ ᠣᠯᠬᠤ ᠶᠣᠰᠣᠲᠠᠢ ᠠᠰᠠᠷᠠᠨ ᠲᠡᠵᠢᠭᠡᠬᠦ ᠵᠠᠷᠤᠳᠠᠯ ᠢ ᠴᠠᠭ ᠲᠤᠬᠠᠶ ᠳᠤ ᠨᠢ ᠲᠤᠭ᠎ᠠ | ᠶᠣᠰᠣᠭᠠᠷ ᠪᠣᠳᠠᠲᠠᠶᠢᠵᠢᠭᠤᠯᠵᠤ᠂ ᠬᠡᠦᠬᠡᠳ ᠤᠨ ᠦᠨᠳᠦᠰᠦᠨ ᠠᠮᠢᠳᠤᠷᠠᠯ ᠤᠨ ᠲᠠᠯ᠎ᠠ ᠪᠠᠷ ᠰᠠᠨᠠᠭ᠎ᠠ ᠠᠮᠤᠷ ᠪᠠᠶᠢᠬᠤ ᠶᠢ | ᠪᠠᠲᠤᠯᠠᠨ᠎ᠠ᠂ ᠪᠠᠶᠢᠴᠠᠭᠠᠬᠤ ᠬᠤᠷᠢᠶ᠎ᠠ ᠬᠠᠤᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠵᠤ᠂ ᠬᠡᠷᠪᠡ ᠬᠡᠦᠬᠡᠳ ᠤᠨ | ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠶᠢ ᠮᠡᠳᠡᠪᠡᠯ ᠬᠠᠣᠯᠢ ᠶᠣᠰᠣᠭᠠᠷ ᠴᠢᠩᠭ᠎ᠠ ᠰᠢᠢᠳᠪᠦᠷᠢᠯᠡᠨ᠎ᠡ᠃ | ᠬᠡᠦᠬᠡᠳ ᠤᠨ ᠦᠰᠦᠨ ᠪᠤᠶᠢᠵᠢᠯᠲᠠ ᠳᠤ ᠬᠠᠤᠯᠢ ᠴᠠᠭᠠᠵᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ | ᠃ ᠡᠮᠡᠭᠲᠡᠶᠢᠴᠦᠳ ᠤᠨ ᠬᠤᠯᠪᠣᠭ᠎ᠠ ᠨᠡᠶᠢᠭᠡᠮ ᠤᠨ ᠡᠬᠢ ᠪᠠᠶᠠᠯᠢᠭ ᠢ ᠢᠳᠡᠪᠬᠢᠲᠡᠶ ᠪᠠᠷ ᠡᠮᠬᠢᠯᠡᠨ ᠨᠡᠶᠢᠯᠡᠭᠦᠯᠵᠦ᠂ ︽ | ᠬᠠᠶᠢᠷ᠎ᠠ ᠬᠠᠯᠠᠮᠵᠢ ᠶᠢᠨ ᠡᠵᠢ︾ ︽ᠬᠠᠶᠢᠷ᠎ᠠ ᠬᠠᠯᠠᠮᠵᠢ ᠶᠢᠨ ᠠᠪᠤ︾ ᠶᠢᠨ ᠪᠦᠯᠬᠦᠮ ᠨᠡᠶᠢᠲᠡ ᠶᠢᠨ ᠦᠢᠯᠡᠳᠦᠯ ᠢ | ᠪᠠᠳᠠᠷᠠᠭᠤᠯᠵᠤ᠂ ᠬᠡᠦᠬᠡᠳ ᠤᠳ ᠲᠤ ᠨᠡᠩ ᠣᠯᠠᠨ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ | ᠲᠡᠮᠡᠴᠡᠨ ᠣᠯᠵᠣ᠂ ᠲᠤᠰᠬᠠᠢ ᠮᠡᠷᠭᠡᠵᠢᠯ ᠤᠨ ᠪᠠᠭᠰᠢ ᠲᠠᠢ ᠬᠠᠷᠢᠯᠴᠠᠵᠤ ᠬᠢᠴᠢᠶᠡᠯ ᠤᠨ ᠭᠠᠳᠠᠨᠠᠬᠢ ᠬᠠᠪᠰᠤᠷᠤᠨ | ᠵᠢᠯᠣᠭᠤᠳᠤᠯᠭ᠎ᠠ ᠶᠢ ᠥᠷᠨᠢᠭᠦᠯᠵᠦ᠂ ᠬᠡᠦᠬᠡᠳ ᠤᠨ ᠮᠡᠳᠡᠯᠭᠡ ᠶᠢᠨ ᠬᠡᠪᠴᠢᠶ᠎ᠡ ᠶᠢ ᠥᠷᠭᠡᠳᠬᠡᠬᠦ ᠶᠢᠨ ᠬᠠᠮᠲᠤ | ᠬᠡᠦᠬᠡᠳ ᠤᠨ ᠢᠶᠠᠨ ᠠᠮᠢᠳᠤᠷᠠᠯ ᠪᠠ ᠰᠡᠳᠬᠢᠴᠡ ᠶᠢᠨ ᠪᠠᠶᠢᠳᠠᠯ ᠢ ᠴᠠᠭ ᠢᠮᠠᠭᠲᠠ ᠠᠩᠬᠠᠷᠴᠤ᠂ ᠨᠡᠪᠲᠡᠷᠡᠯᠴᠡᠨ | ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠬᠡᠦᠬᠡᠳ ᠤᠨ ᠮᠡᠳᠡᠯᠭᠡ ᠶᠢᠨ ᠰᠣᠷᠣᠯᠭ᠎ᠠ ᠶᠢ ᠣᠷᠬᠢᠭᠳᠠᠭᠤᠯᠬᠤ ᠦᠭᠡᠢ | ᠪᠠᠶᠢᠬᠤ ᠶᠢ ᠪᠠᠲᠣᠯᠠᠨ᠂ ᠲᠦᠷᠭᠡᠨ ᠰᠣᠷᠭᠠᠭᠤᠯᠢ ᠳᠤ ᠨᠢ ᠶᠠᠪᠣᠭᠤᠯᠠᠬᠤ ᠴᠢᠬᠤᠯᠠᠲᠠᠢ᠃ | ᠣᠶᠢᠷ᠎ᠠ ᠶᠢᠨ ᠬᠡᠳᠦᠨ ᠵᠢᠯ ᠳᠤ᠂ ᠰᠢᠭᠦᠬᠦ ᠬᠤᠷᠢᠶ᠎ᠠ ᠪᠣᠯᠣᠨ ᠪᠠᠶᠢᠴᠠᠭᠠᠬᠤ ᠬᠤᠷᠢᠶᠠᠨ ᠤ ᠣᠯᠠᠩᠬᠢ | ᠠᠵᠢᠯᠲᠠᠳ ᠴᠥᠮ ᠨᠢᠭᠡᠨᠲᠡ ︽ᠢᠷᠦᠭᠡᠯ — ᠬᠠᠶᠢᠷ᠎ᠠ ᠬᠠᠯᠠᠮᠵᠢ ᠶᠢᠨ ᠡᠵᠢ︾ ︽ᠢᠪᠡᠭᠡᠯ — ᠬᠠᠶᠢᠷ᠎ᠠ | ᠬᠠᠯᠠᠮᠵᠢ ᠶᠢᠨ ᠠᠪᠤ︾ ᠶᠢᠨ ᠡᠩᠨᠡᠭᠡᠨ ᠳᠤ ᠤᠷᠤᠭᠰᠠᠨ ᠪᠥᠭᠡᠳ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ | ᠰᠠᠯᠠᠭ᠎ᠠ ᠮᠥᠴᠢᠷ ᠲᠤ ᠪᠠᠰᠠ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠨ ᠤ ᠲᠤᠰᠢᠶᠠᠯ ᠬᠠᠪᠰᠤᠷᠭᠠᠭᠰᠠᠨ᠂ | ᠲᠤᠰᠢᠶᠠᠯ ᠡᠭᠦᠷᠭᠡᠯᠡᠭᠰᠡᠨ ᠲᠡᠷᠢᠭᠦᠯᠡᠭᠴᠢ ᠪᠠᠶᠢᠨ᠎ᠠ᠂ ᠡᠲᠡᠭᠡᠷ ᠨᠥᠬᠦᠴᠡᠯ ᠨᠢ ᠡᠮᠡᠭᠲᠡᠶᠢᠴᠦᠳ ᠤᠨ ᠬᠤᠯᠪᠣᠭ᠎ᠠ ᠪᠠ | ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠠᠮᠲᠤᠷᠠᠨ ᠬᠥᠳᠡᠯᠦᠯᠴᠡᠵᠦ᠂ ᠨᠠᠩ ᠬᠦᠴᠦᠲᠡᠶ ᠬᠠᠮᠲᠤᠷᠠᠨ | ᠠᠵᠢᠯ ᠢᠶᠠᠨ ᠥᠷᠨᠢᠭᠦᠯᠬᠦ ᠳᠤ ᠬᠦᠴᠦᠲᠡᠶ ᠰᠠᠭᠤᠷᠢ ᠲᠠᠯᠪᠢᠵᠤ᠂ ᠲᠡᠭᠦᠨ ᠢ ᠬᠠᠤᠯᠢ ᠲᠣᠭᠲᠠᠭᠠᠯ ᠶᠣᠰᠣᠭᠠᠷ | ᠠᠵᠢᠯ ᠢᠶᠠᠨ ᠥᠷᠨᠢᠭᠦᠯᠦᠭᠰᠡᠨ ᠮᠥᠷᠲᠡᠭᠡᠨ ᠪᠠᠰᠠ ᠬᠠᠶᠢᠷ᠎ᠠ ᠰᠡᠳᠬᠢᠯᠭᠡ ᠪᠠᠷ ᠪᠢᠯᠬᠠᠮ᠎ᠠ ᠪᠣᠯᠭᠠᠵᠠᠢ᠃ ᠲᠠᠷᠠᠭᠠᠴᠢ ᠶᠢᠨ | ᠠᠯᠬᠤᠮ ᠳᠤ᠂ ᠳᠠᠷᠬᠠᠨ ᠮᠤᠤᠮᠢᠩᠭᠠᠨ ᠬᠤᠯᠪᠣᠭᠠᠲᠣ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠂ ᠰᠢᠭᠦᠬᠦ | ᠬᠤᠷᠢᠶ᠎ᠠ᠂ ᠪᠠᠶᠢᠴᠠᠭᠠᠬᠤ ᠬᠤᠷᠢᠶ᠎ᠠ ᠭᠠᠷ ᠬᠤᠯᠪᠣᠨ ᠮᠥᠷᠥ ᠵᠡᠷᠭᠡᠴᠡᠵᠦ᠂ ᠲᠠᠰᠤᠷᠠᠯᠲᠠ ᠦᠭᠡᠢ ᠬᠠᠶᠢᠨ | ᠰᠦᠪᠡᠭᠴᠢᠯᠡᠵᠦ᠂ ᠬᠡᠦᠬᠡᠳ ᠤᠨ ᠪᠣᠳᠠᠲᠠᠢ ᠬᠦᠴᠢᠷᠳᠡᠯ ᠠᠴᠠ ᠭᠠᠷ ᠳᠦᠷᠢᠨ᠂ ᠴᠠᠭ ᠲᠤᠬᠠᠢ ᠳᠤ ᠨᠢ ᠣᠷᠣᠯᠴᠠᠵᠤ᠂ | ᠣᠨᠣᠪᠴᠢᠲᠠᠢ ᠠᠷᠭ᠎ᠠ ᠠᠪᠴᠢᠯ ᠠᠪᠴᠤ᠂ ᠬᠦᠴᠢᠷᠳᠡᠯ ᠳᠤ ᠲᠤᠯᠭᠠᠷᠠᠭᠰᠠᠨ ᠨᠡᠩ ᠤᠯᠠᠨ ᠬᠡᠦᠬᠡᠳ ᠲᠤ ᠦᠰᠦᠨ | ᠪᠣᠶᠢᠵᠢᠯᠲᠠ ᠳᠣᠮᠳᠠᠬᠢ ᠤᠨᠢᠶᠠᠷ ᠢ ᠠᠷᠢᠯᠭᠠᠵᠤ᠂ ᠲᠡᠳᠡᠨ ᠤ ᠪᠠᠭ᠎ᠠ ᠨᠠᠰᠤ ᠶᠢ ᠨᠢ ᠲᠠᠬᠢᠨ ᠳᠤᠲᠠᠭᠳᠠᠭᠤᠯᠬᠤ ᠦᠭᠡᠢ | ᠪᠣᠯᠭᠠᠵᠤ᠂ ᠲᠠᠯ᠎ᠠ ᠨᠤᠲᠤᠭ ᠲᠤ ᠥᠪᠡᠷ ᠤᠨ ᠪᠡᠶ᠎ᠡ ᠳᠤ ᠨᠢ ᠬᠠᠷᠢᠶᠠᠯᠠᠭᠳᠠᠬᠤ ᠭᠡᠷᠡᠯ ᠭᠢᠯᠪᠠᠭ᠎ᠠ ᠪᠠᠨ ᠴᠢᠯᠥᠭᠡᠲᠡᠢ | ᠰᠠᠴᠤᠷᠠᠭᠤᠯᠤᠨ᠎ᠠ᠃ |