ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠳᠣᠣᠷ ᠠᠴᠠ ᠰᠠᠯᠤᠭᠰᠠᠨ ᠰᠢᠨ᠎ᠡ ᠡᠨᠧᠷᠭᠢ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/28
      3 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠳᠣᠣᠷ ᠠᠴᠠ ᠰᠠᠯᠤᠭᠰᠠᠨ ᠰᠢᠨ᠎ᠡ ᠡᠨᠧᠷᠭᠢ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠳᠣᠣᠷ ᠠᠴᠠ ᠰᠠᠯᠤᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠠᠶᠢᠳᠠᠯ ᠢ ᠰᠣᠨᠣᠰᠴᠤ᠂ ᠮᠠᠨ ᠤ ᠬᠤᠰᠢᠭᠤᠨ ᠤ ᠪᠤᠶᠢᠳᠠ ᠪᠥᠭᠯᠡᠭᠦᠤ ᠮᠠᠯᠵᠢᠬᠤ ᠡᠷᠦᠬᠡ ᠶᠢᠨ ᠴᠠᠬᠢᠯᠭᠠᠨ ᠨᠡᠪᠲᠡᠷᠡᠭᠦᠯᠬᠦ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠪᠦᠷᠢᠯᠳᠦᠬᠦᠨ ᠬᠤᠷᠠᠯ ᠳᠤ ᠰᠤᠯᠠ ᠣᠷᠣᠯᠴᠠᠪᠠ᠃ ᠬᠤᠰᠢᠭᠤᠨ ᠤ ᠤᠳᠤᠷᠢᠳᠤᠯᠭ᠎ᠠ ᠰᠤ᠋ ᠷᠦᠢ ᠹᠧᠩ᠂ ᠶᠠᠨ ᠴᠦᠨ ᠯᠸᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠪᠥᠬᠦ ᠬᠤᠰᠢᠭᠤᠨ ᠤ  ᠳᠣᠣᠷ ᠠᠴᠠ ᠰᠠᠯᠤᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠶᠡᠷᠦᠩᠬᠡᠶ ᠪᠠᠶᠢᠳᠠᠯ᠂ ᠡᠯ᠎ᠡ ᠬᠠᠮᠢᠶ᠎ᠠ ᠪᠥᠬᠦᠶ ᠰᠤᠮᠤ ᠰᠢᠶᠠᠩ ᠪᠠᠯᠭᠠᠰᠤᠨ ᠤ ᠪᠣᠳᠠᠲᠠᠶ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠰᠣᠨᠣᠰᠴᠤ᠂ ᠬᠠᠮᠢᠶ᠎ᠠ ᠪᠥᠬᠦᠶ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠰᠤᠳᠤᠯᠪᠠ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠬᠢᠯᠢ ᠬᠢᠵᠠᠭᠠᠷ ᠤᠨ ᠰᠤᠮᠤ ᠪᠠᠯᠭᠠᠰᠤᠨ ᠤ ᠴᠠᠬᠢᠯᠭᠠᠨ ᠨᠡᠪᠳᠡᠷᠡᠭᠦ ᠶᠢᠨ ᠠᠷᠭ᠎ᠠ ᠥᠬᠡᠶ ᠠᠰᠠᠭᠤᠳᠠᠯ ᠨᠢ ᠶᠡᠷᠦ ᠠᠴᠠ ᠮᠠᠨ ᠤ ᠬᠤᠰᠢᠭᠤᠨ ᠤ ᠬᠢᠯᠢ ᠬᠢᠵᠠᠭᠠᠷ ᠣᠷᠣᠨ ᠤ ᠠᠵᠤ ᠦᠢᠯᠡᠰ ᠤᠨ ᠬᠥᠭᠵᠢᠯᠲᠡ᠂ ᠬᠢᠯᠢ ᠶᠢᠨ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠪᠠᠬᠢᠵᠢᠭᠦᠯᠬᠦ ᠶᠢ ᠬᠢᠵᠠᠭᠠᠷᠯᠠᠭᠰᠠᠨ ᠴᠢᠬᠤᠯᠠ ᠬᠦᠴᠦᠨ ᠵᠦᠢᠯ ᠪᠣᠯᠤᠭᠰᠠᠭᠠᠷ ᠢᠷᠡᠵᠡᠶ᠃  ᠳᠣᠣᠷ ᠠᠴᠠ ᠰᠠᠯᠤᠭᠰᠠᠨ ᠰᠢᠨ᠎ᠡ ᠡᠨᠧᠷᠭᠢ ᠶᠢᠨ ᠲᠦᠷᠦᠯ ᠵᠦᠢᠯ ᠨᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠨᠡᠩ ᠴᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠶᠢ ᠡᠭᠦᠳᠬᠦ ᠦᠢᠯᠡᠳᠦᠯᠭᠡ ᠪᠣᠯᠤᠨ᠎ᠠ᠃ ᠪᠥᠬᠦ ᠬᠤᠰᠢᠭᠤᠨ ᠤ ᠬᠢᠯᠢ ᠬᠢᠵᠠᠭᠠᠷ ᠣᠷᠣᠨ ᠤ ᠴᠠᠬᠢᠯᠭᠠᠨ ᠨᠡᠪᠲᠡᠷᠡᠭᠡᠳᠦᠶ ᠮᠠᠯᠵᠢᠬᠤ ᠡᠷᠦᠬᠡ ᠶᠢᠨ ᠪᠠᠶᠢᠳᠠᠯ ᠢ ᠣᠨᠣᠪᠴᠢᠲᠠᠶ ᠣᠶᠢᠯᠠᠭᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠵᠠᠭᠠᠷᠯᠠᠯ ᠤᠨ ᠪᠠᠶᠢᠳᠠᠯ ᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠪᠥᠬᠦ ᠬᠤᠰᠢᠭᠤᠨ ᠤ ᠳᠣᠣᠷ ᠠᠴᠠ ᠰᠠᠯᠤᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠬᠢᠨᠠᠮᠠᠭᠠᠶ ᠰᠤᠳᠤᠯᠵᠤ᠂ ᠴᠠᠬᠢᠯᠭᠠᠨ ᠨᠡᠪᠲᠡᠷᠡᠭᠡᠳᠦᠶ ᠮᠠᠯᠵᠢᠬᠤ ᠡᠷᠦᠬᠡ ᠳᠤ ᠱᠠᠯᠠᠪᠳᠠᠨ ᠴᠠᠬᠢᠯᠭᠠᠨ ᠨᠡᠪᠲᠡᠷᠡᠭᠦᠯᠬᠦ ᠬᠡᠷᠡᠭᠲᠡᠶ᠃ ᠪᠡᠯᠡ ᠣᠷᠣᠭᠤᠯᠤᠯᠲᠠ᠂ ᠡᠵᠡᠩᠨᠡᠯᠲᠡ ᠠᠴᠠ ᠰᠡᠭᠦᠯᠴᠢ ᠶᠢᠨ ᠬᠤᠭᠤᠴᠠᠭᠠᠨ ᠤ ᠬᠠᠮᠠᠭᠠᠯᠠᠯᠲᠠ ᠬᠦᠷᠲᠡᠯᠡᠬᠢ ᠠᠵᠤ ᠠᠬᠤᠢ ᠶᠢᠨ ᠲᠠᠩᠰᠠ ᠶᠢ ᠰᠠᠶᠢᠲᠤᠷ ᠪᠤᠳᠤᠵᠤ᠂ ᠴᠠᠬᠢᠯᠭᠠᠨ ᠨᠡᠪᠲᠡᠷᠡᠭᠦᠯᠬᠦ ᠬᠦᠴᠢᠷ ᠠᠰᠠᠭᠤᠳᠠᠯ ᠢ ᠬᠠᠮᠤᠭ ᠤᠨ ᠰᠢᠯᠢᠳᠡᠭ ᠠᠷᠭ᠎ᠠ ᠪᠠᠷ ᠰᠢᠢᠳᠪᠦᠷᠢᠯᠡᠬᠦ ᠬᠡᠷᠡᠭᠲᠡᠢ᠃ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠳᠡᠭᠡᠳᠥ ᠱᠠᠳᠣ ᠲᠠᠢ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠭᠰᠡᠨ ᠰᠠᠭᠤᠷᠢᠨ ᠳᠡᠭᠡᠷ᠎ᠡ᠂ ᠤᠯᠤᠰ᠂ ᠥᠪᠡᠷᠲᠡᠭᠡᠨ ᠵᠠᠰᠠᠬᠤ ᠣᠷᠣᠨ ᠵᠡᠷᠭᠡ ᠡᠯ᠎ᠡ ᠲᠠᠯ᠎ᠠ ᠶᠢᠨ ᠲᠦᠷᠦ ᠶᠢᠨ ᠪᠤᠳᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠨᠡᠩ ᠤᠯᠠᠨ ᠪᠡᠯᠡ ᠮᠥᠩᠭᠦ᠂ ᠲᠦᠷᠦᠯ ᠵᠦᠢᠯ ᠤᠨ ᠳᠡᠮᠵᠢᠯᠭᠡ ᠶᠢ ᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢ ᠨᠢᠭᠡᠳᠬᠡᠵᠦ᠂ ᠪᠡᠯᠡ ᠮᠥᠩᠭᠦ ᠶᠢ ᠨᠢᠭᠡᠳᠬᠡᠵᠦ᠂ ᠠᠯᠤᠰ ᠬᠡᠳᠦ ᠶᠢ ᠪᠣᠳᠣᠯᠬᠢᠯᠠᠵᠤ᠂ ᠲᠤᠨᠤᠭ ᠲᠥᠬᠦᠭᠡᠷᠦᠮᠵᠢ ᠶᠢ ︽ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠤᠷᠳᠤ ᠬᠤᠭᠤᠴᠠᠭ᠎ᠠ ᠪᠠᠷ ᠬᠡᠷᠡᠭᠯᠡᠬᠦ︾ ᠶᠢ ᠪᠠᠲᠤᠯᠠᠵᠤ᠂ ᠠᠷᠠᠳ ᠤᠯᠠᠨ ᠳᠤ ᠦᠨᠡᠨ ᠬᠦ ᠮᠡᠳᠡᠷᠡᠭᠳᠡᠵᠥ᠂ ᠪᠣᠳᠠᠲᠠᠢ ᠠᠰᠢᠭ ᠬᠦᠷᠲᠡᠭᠡᠵᠦ᠂ ︽ᠬᠢᠯᠢ ᠬᠢᠵᠠᠭᠠᠷ ᠢ ᠲᠣᠭᠲᠠᠪᠤᠷᠢᠵᠢᠭᠤᠯᠬᠤ︾ ᠪᠠ ︽ᠬᠢᠯᠢ ᠬᠢᠵᠠᠭᠠᠷ ᠢ ᠬᠥᠭᠵᠢᠭᠦᠯᠬᠦ︾ ᠶᠢᠨ ᠬᠠᠮᠵᠢᠯᠴᠠᠨ ᠬᠥᠭᠵᠢᠬᠦ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号