ᠵᠢᠶᠠ ᠪᠦᠦ ᠯᠢᠶᠠᠩ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/28
      3 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠰᠢ ᠾᠧ ᠰᠢᠶᠠᠩ᠂ ᠪᠠᠲᠤᠬᠠᠭᠠᠯᠭ᠎ᠠ ᠪᠠᠯᠭᠠᠰᠤᠨ ᠳᠤ ᠭᠦᠨᠵᠡᠭᠡᠶᠢᠷᠡᠨ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾ ᠲᠥᠷᠥᠯ ᠵᠦᠢᠯ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃      ᠵᠢᠶᠠ ᠪᠦᠦ ᠯᠢᠶᠠᠩ ᠨᠠᠷ ᠤᠷᠢᠳ ᠬᠤᠵᠢᠳ ᠰᠢ ᠾᠧ ᠰᠢᠶᠠᠩ ᠤᠨ ᠰᠢ ᠾᠧ ᠲᠣᠰᠬᠤᠨ᠂ ᠳ᠋ᠧ ᠴᠧᠩ ᠶᠦᠩ ᠲᠣᠰᠬᠤᠨ᠂ ᠪᠠᠲᠤᠬᠠᠭᠠᠯᠭ᠎ᠠ ᠪᠠᠯᠭᠠᠰᠤᠨ ᠤ ᠬᠤᠸᠠᠩ ᠬᠤᠸᠠ ᠲᠠᠨ ᠲᠣᠰᠬᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠠᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠬᠤ ᠬᠡᠯᠪᠡᠷᠢ ᠪᠠᠷ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾ ᠲᠦᠷᠦᠯ ᠵᠦᠢᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ᠂ ᠠᠰᠠᠭᠤᠳᠠᠯ ᠳᠤ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃     ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠨᠢᠭᠡᠳᠦᠯᠲᠡᠢ ᠲᠠᠷᠢᠬᠤ︾᠂ ︽ᠨᠢᠭᠡᠳᠦᠯᠲᠡᠢ ᠲᠡᠵᠢᠭᠡᠬᠦ︾ ᠵᠠᠭᠪᠤᠷ ᠤᠨ ᠬᠥᠭᠵᠢᠯᠲᠡ ᠶᠢᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠢᠳᠪᠦᠷᠢᠯᠡᠬᠦ ᠲᠥᠰᠦᠯ ᠵᠡᠷᠭᠡ ᠶᠢᠨ ᠲᠣᠭᠤᠷᠢᠨ ᠳᠤ ᠭᠦᠨᠵᠡᠭᠡᠢ ᠶᠠᠷᠢᠯᠴᠠᠪᠠ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ︽ᠨᠢᠭᠡᠳᠦᠯᠲᠡᠶ ᠲᠠᠷᠢᠬᠤ︾᠂ ︽ᠨᠢᠭᠡᠳᠦᠯᠲᠡᠶ ᠲᠡᠵᠢᠭᠡᠬᠦ︾ ᠵᠠᠭᠪᠤᠷ ᠨᠢ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠡᠳᠬᠢᠬᠦᠶ ᠪᠠᠨ ᠬᠤᠪᠢᠷᠠᠭᠤᠯᠵᠤ᠂ ︽ᠨᠢᠭᠡᠳᠦᠯᠲᠡᠶ ᠪᠠᠶᠢᠯᠭᠠᠬᠤ︾ ᠴᠢᠨᠠᠷ ᠴᠢᠨᠰᠠᠭ᠎ᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ︽ᠨᠢᠭᠡᠳᠦᠯᠲᠡᠶ ᠪᠠᠶᠢᠯᠭᠠᠬᠤ︾ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠬᠠᠮᠵᠢᠯᠴᠠᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠲᠡᠶ᠃ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠡᠪᠴᠢᠶᠡᠵᠢᠭᠰᠡᠨ᠂ ᠡᠷᠴᠢᠮᠵᠢᠭᠰᠡᠨ᠂ ᠠᠵᠤ ᠦᠶᠢᠯᠡᠰᠵᠢᠭᠰᠡᠨ᠂ ᠪᠠᠷᠢᠮᠵᠢᠶᠠᠵᠢᠭᠰᠠᠨ᠂ ᠲᠥᠷᠥᠯ ᠲᠡᠮᠳᠡᠭᠵᠢᠭᠰᠡᠨ᠂ ᠠᠮᠢ ᠠᠬᠤᠶᠢᠵᠢᠭᠰᠠᠨ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠵᠦ᠂ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠤᠮᠳᠠᠬᠢ᠂ ᠦᠢᠯᠡᠳᠪᠦᠷᠢᠯᠡᠭᠰᠡᠨ ᠤ ᠳᠠᠷᠠᠭᠠᠬᠢ ᠡᠯ᠎ᠡ ᠵᠦᠢᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠬᠥᠲᠥᠴᠢ ᠠᠵᠤ ᠠᠬᠤᠶᠢᠯᠠᠯ ᠢᠶᠠᠷ ᠳᠠᠶᠢᠴᠢᠯᠠᠭᠤᠯᠬᠤ ᠶᠢ ᠪᠠᠷᠢᠮᠲᠠᠯᠠᠨ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠡᠯ᠎ᠡ ᠲᠥᠷᠥᠯ ᠤᠨ ᠡᠬᠢ ᠪᠠᠶᠠᠯᠢᠭ ᠢ ᠠᠮᠢᠯᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠪᠥᠭᠡᠮᠨᠡᠷᠡᠨ ᠬᠥᠭᠵᠢᠬᠦ ᠶᠢ ᠪᠡᠶᠡᠯᠡᠭᠦᠯᠬᠦ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠣᠯᠤᠨ ᠬᠦᠳᠦᠯᠦᠨ ᠳᠠᠭᠠᠭᠤᠯᠬᠤ ᠬᠦᠴᠦᠨ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ ᠪᠠᠶᠢᠭᠠᠳ ᠮᠡᠷᠭᠡᠵᠢᠯ ᠤᠨ ᠦᠢᠯᠡᠴᠢᠯᠡᠭᠡ᠂ ᠵᠠᠬ᠎ᠠ ᠳᠡᠯᠭᠡᠭᠦᠷ ᠢ ᠵᠣᠯᠭᠠᠭᠤᠯᠬᠤ ᠵᠡᠷᠭᠡ ᠲᠠᠪᠴᠠᠩ ᠢ ᠪᠠᠶᠢᠭᠤᠯᠵᠤ᠂ ︽ᠨᠢᠭᠡᠳᠦᠯᠲᠡᠢ ᠲᠠᠷᠢᠬᠤ︾  ︽ᠨᠢᠭᠡᠳᠦᠯᠲᠡᠢ ᠲᠡᠵᠢᠭᠡᠬᠦ︾ ᠠᠵᠢᠯ ᠢ ᠬᠠᠮᠠᠭᠠᠯᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨᠬᠦ ᠪᠡᠶᠡᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃      ᠬᠤᠰᠢᠭᠤᠨ ᠤ ᠤᠳᠤᠷᠢᠳᠤᠯᠭ᠎ᠠ ᠯᠢ ᠪᠦᠦ ᠴᠦᠨ᠂ ᠶᠠᠨ ᠴᠦᠨ ᠯᠸᠢ᠂ ᠴᠠᠩ ᠬᠤᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号