3 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠰᠣᠶᠣᠯ | ᠵᠢᠭᠤᠯᠴᠢᠯᠠᠯ ᠤᠨ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠤᠨ ᠳᠠᠯᠳᠠ ᠬᠦᠴᠦᠨ ᠢ ᠤᠯᠠᠮ ᠨᠢᠭᠡ ᠠᠯᠬᠤᠮ ᠠᠭᠤᠳᠠᠯᠵᠤ᠂ ᠲᠠᠷᠢᠶᠠᠯᠠᠩ ᠰᠣᠶᠣᠯ ᠵᠢᠭᠤᠯᠴᠢᠯᠠᠯ ᠤᠨ | ᠭᠦᠨᠵᠡᠭᠡᠶ ᠠᠭᠤᠰᠤᠯᠴᠠᠯ ᠢᠶᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ | ᠬᠤᠷᠠᠯ ᠠᠴᠠ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠲᠣᠰ | ᠪᠡᠶ᠎ᠡ ᠶᠢᠨ ᠦᠢᠯᠡᠳᠦᠯᠭᠡ ᠶᠢᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠠ ᠳᠣᠲᠠᠭᠳᠠᠯ ᠢ | ᠭᠦᠨᠵᠡᠭᠡᠶ ᠵᠠᠳᠠᠯᠤᠭᠰᠠᠨ ᠪᠥᠭᠡᠳ ᠡᠷᠬᠢᠮ ᠨᠠᠨᠳᠢᠨ ᠲᠥᠰᠦᠪᠯᠡᠯ ᠤᠨ ᠰᠠᠨᠠᠯ ᠢᠶᠠᠨ ᠬᠠᠨᠳᠤᠯᠭᠠᠲᠤ ᠴᠢᠨᠠᠷᠲᠠᠶ ᠪᠠᠷ | ᠳᠤᠷᠠᠳᠤᠭᠰᠠᠨ ᠪᠠᠶᠢᠨ᠎ᠠ᠃ | ᠵᠢᠶᠠ ᠪᠦᠦ ᠯᠢᠶᠠᠩ ᠶᠠᠷᠢᠯᠴᠠᠬᠤ ᠬᠤᠷᠠᠯ ᠳᠡᠭᠡᠷ᠎ᠡ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ | ᠬᠥᠭᠵᠢᠯᠲᠡ ᠶᠢᠨ ᠣᠳᠣᠬᠠᠨ ᠤ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ ᠴᠢᠬᠤᠯᠠᠴᠢᠯᠠᠭᠰᠠᠨ | ᠨᠢ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠦᠵᠡᠯᠲᠡ ᠪᠠᠨ ᠬᠤᠪᠢᠷᠠᠭᠤᠯᠵᠤ᠂ ᠵᠠᠬ᠎ᠠ | ᠳᠡᠯᠭᠡᠭᠦᠷᠴᠢᠯᠡᠬᠦ᠂ ᠠᠵᠤ ᠦᠶᠢᠯᠡᠰᠵᠢᠭᠦᠯᠬᠦ ᠰᠡᠳᠬᠢᠬᠦᠶ ᠪᠠᠷ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠠᠷᠭ᠎ᠠ | ᠵᠠᠮ ᠢ ᠰᠦᠪᠡᠭᠴᠢᠯᠡᠵᠦ᠂ ᠮᠣᠷᠢᠨ ᠤᠷᠤᠯᠳᠤᠭᠠᠨ ᠤ ︽ᠬᠥᠳᠡᠭᠡ ᠲᠣᠰᠬᠤᠨ ᠤ ᠬᠡᠲᠦ ᠲᠡᠰ ᠤᠨ ᠤᠷᠤᠯᠳᠤᠭᠠᠨ︾ ᠤ | ᠨᠠᠷᠠᠲᠤ ᠲᠡᠮᠳᠡᠭᠲᠦ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠶ᠃ ᠰᠢᠰᠲ᠋ᠧᠮᠲᠦ ᠰᠡᠳᠬᠢᠬᠦᠶ᠂ ᠪᠥᠬᠦ | ᠲᠠᠯ᠎ᠠ ᠶᠢᠨ ᠬᠠᠷᠠᠭ᠎ᠠ᠂ ᠣᠯᠠᠨ ᠡᠰᠢᠲᠦ ᠬᠥᠭᠵᠢᠯᠲᠡ ᠪᠠᠷ ᠰᠡᠳᠬᠢᠴᠡ ᠪᠣᠯᠭᠠᠨ ᠵᠢᠭᠤᠯᠴᠢᠯᠠᠯ ᠤᠨ ᠵᠠᠮ ᠱᠤᠭᠤᠮ᠂ | ᠤᠷᠤᠯᠳᠤᠭᠠᠨ ᠤ ᠲᠣᠬᠢᠷᠠᠭᠤᠯᠤᠯᠲᠠ ᠵᠡᠷᠭᠡ ᠠᠵᠢᠯ ᠢ ᠲᠥᠯᠥᠪᠵᠢᠭᠦᠯᠵᠦ᠂ ᠴᠢᠨᠠᠷ ᠰᠠᠶᠢᠲᠠᠶ ᠰᠣᠶᠣᠯ | ᠵᠢᠭᠤᠯᠴᠢᠯᠠᠯ ᠤᠨ ᠣᠨᠣᠯᠵᠢᠬᠤᠨ ᠢ ᠪᠠᠷᠢᠮᠲᠠᠯᠠᠨ᠂ ᠰᠣᠶᠣᠯ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠦᠨᠡᠨ ᠬᠦ | ︽ᠭᠡᠷᠡᠯᠳᠦᠬᠦᠯᠵᠦ︾᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢ ᠤᠬᠠᠭᠤᠯᠬᠤ ᠴᠣᠩᠬᠤ᠂ ᠠᠵᠤ | ᠠᠬᠤᠶ ᠳᠤ ᠦᠢᠯᠡᠴᠢᠯᠡᠬᠦ ᠬᠥᠳᠡᠯᠭᠡᠭᠦᠷ ᠪᠣᠯᠭᠠᠬᠤ ᠬᠡᠷᠡᠭᠲᠡᠶ᠃ ᠰᠣᠶᠣᠯ ᠵᠢᠭᠤᠯᠴᠢᠯᠠᠯ ᠤᠨ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠳᠤ ᠰᠢᠰᠲ᠋ᠧᠮᠲᠦ ᠰᠡᠳᠬᠢᠬᠦᠶ ᠪᠠᠨ ᠴᠢᠩᠭᠠᠳᠬᠠᠬᠤ ᠴᠢᠬᠤᠯᠠᠲᠠᠶ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ︽ᠡᠬᠢ ᠪᠠᠶᠠᠯᠢᠭ ᠢᠶᠠᠷ ᠬᠥᠳᠡᠯᠭᠡᠭᠦᠷ ᠪᠣᠯᠭᠠᠬᠤ︾ ᠠᠴᠠ ︽ᠨᠠᠷᠠᠲᠤ ᠲᠥᠷᠥᠯ | ᠲᠡᠮᠳᠡᠭᠲᠦ ᠪᠠᠷ ᠬᠥᠳᠡᠯᠭᠡᠭᠦᠷ ᠪᠣᠯᠭᠠᠬᠤ︾ ᠳᠠᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠵᠠᠩ ᠦᠢᠯᠡ ᠪᠠᠷ ᠮᠣᠷᠢᠨ ᠤᠷᠤᠯᠳᠤᠭᠠᠨ ᠤ | ︽ᠬᠥᠳᠡᠭᠡ ᠲᠣᠰᠬᠤᠨ ᠤ ᠬᠡᠲᠦ ᠲᠡᠰ ᠤᠨ ᠤᠷᠤᠯᠳᠤᠭᠠᠨ︾ ᠶᠢ ᠠᠰᠢᠭᠯᠠᠨ ᠰᠣᠶᠣᠯ ᠵᠢᠭᠤᠯᠴᠢᠯᠠᠯ ᠤᠨ IP ᠢ ᠪᠥᠬᠦ | ᠤᠯᠤᠰ ᠳᠠᠰᠢ ᠬᠠᠨᠳᠤᠭᠤᠯᠬᠤ ᠬᠡᠷᠡᠭᠲᠡᠶ᠃ ᠮᠣᠷᠢᠨ ᠤᠷᠤᠯᠳᠤᠭᠠᠨ ᠤ ︽ᠬᠥᠳᠡᠭᠡ ᠲᠣᠰᠬᠤᠨ ᠤ ᠬᠡᠲᠦ ᠲᠡᠰ ᠤᠨ | ᠤᠷᠤᠯᠳᠤᠭᠠᠨ︾ ᠢᠶᠠᠷ ᠭᠤᠤᠯ ᠪᠣᠯᠭᠠᠵᠤ᠂ ᠤᠨᠴᠠᠯᠢᠬᠳᠤ ᠰᠣᠶᠣᠯ ᠤᠨ ᠠᠵᠢᠯᠯᠠᠭ᠎ᠠ᠂ ᠤᠷᠠᠨ ᠰᠠᠶᠢᠬᠠᠨ ᠤ | ᠲᠣᠭᠯᠠᠯᠲᠠ᠂ ᠠᠮᠲᠠᠲᠤ ᠢᠳᠡᠭᠡᠨ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠢ ᠬᠤᠯᠪᠣᠭᠠᠯᠠᠨ ᠨᠢᠭᠡᠳᠬᠡᠵᠥ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠨᠠᠩ | ᠣᠯᠠᠨ ᠨᠡᠶᠢᠭᠡᠮ ᠤᠨ ᠬᠥᠷᠥᠩᠭᠡ ᠶᠢ ᠲᠡᠳᠡᠨ ᠠᠪᠴᠢᠷᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠪᠥᠬᠦ ᠲᠠᠯ᠎ᠠ ᠪᠠᠷ ᠣᠷᠣᠯᠴᠠᠵᠤ᠂ | ᠤᠷᠤᠯᠳᠤᠭᠠᠨ ᠢᠶᠠᠷ ᠵᠢᠯᠣᠭᠤᠳᠣᠯᠭ᠎ᠠ ᠪᠣᠯᠭᠠᠵᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠢ ᠭᠦᠨᠵᠡᠭᠡᠶ | ᠠᠭᠤᠰᠤᠯᠴᠠᠭᠤᠯᠬᠤ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠢᠬᠦ ᠬᠡᠷᠡᠭᠲᠡᠶ᠃ |