ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠥ ᠵᠢᠶᠠ ᠪᠦᠦ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠨ ᠬᠤᠸᠠᠩ ᠯᠦᠩ ᠬᠤᠷᠠᠯ ᠢ ᠡᠷᠬᠢ᠊
ᠨᠡᠶᠢᠲᠡᠯᠡᠭᠰᠡᠨ ᠴᠠᠭ᠄
2025/3/28
      3 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠥ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠣᠭᠤᠰᠢᠯᠠᠭᠤᠯᠵᠤ᠂ ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠳ᠋ᠦᠩᠨᠡᠨ ᠪᠠᠶᠢᠷᠢᠯᠠᠭᠤᠯᠪᠠ᠃ ᠬᠤᠷᠠᠯ ᠠᠴᠠ 2024 ᠣᠨ ᠤ ᠪᠥᠬᠦ ᠬᠤᠰᠢᠭᠤᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ ᠨᠡᠶᠢᠭᠡᠮ ᠤᠨ ᠠᠵᠢᠯ ᠤᠨ ᠬᠦᠷᠢᠶᠡᠨ ᠳᠠᠬᠢ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ 2025 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠬᠤᠷᠠᠯ ᠢ ᠡᠷᠭᠢᠯᠡᠪᠡ᠃       ᠵᠢᠶᠠ ᠪᠦᠦ ᠯᠢᠶᠠᠩ ᠬᠡᠯᠡᠬᠦ ᠳᠡᠭᠡᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠠᠭᠤᠯᠤᠭᠳᠠᠬᠤᠨ ᠢ ᠭᠦᠨᠵᠡᠭᠡᠶ ᠲᠠᠨᠢᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠨᠠᠮ ᠤᠨ ᠪᠠᠶᠢᠭᠤᠯᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠭᠦᠨᠵᠡᠭᠡᠶ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠢᠮᠠᠭᠲᠠ ᠪᠣᠳᠠᠲᠠᠶ ᠠᠳᠬᠤᠵᠤ ᠰᠠᠶᠢᠲᠤᠷ ᠠᠳᠬᠤᠵᠤ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠶ᠃      ᠵᠢᠶᠠ ᠪᠦᠦ ᠯᠢᠶᠠᠩ ᠬᠡᠯᠡᠬᠦ ᠳᠡᠭᠡᠨ᠂ ᠵᠣᠬᠢᠶᠠᠨ ᠪᠠᠶᠢᠭᠤᠯᠬᠤ ᠠᠵᠢᠯ ᠤᠨ ᠲᠠᠯ᠎ᠠ ᠪᠠᠷ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠳᠡᠭᠡᠭᠰᠢᠯᠡᠭᠦᠯᠬᠦ ᠶᠢ ᠠᠳᠬᠤᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠤᠳᠠᠭᠳᠠᠯ ᠢ ᠨᠥᠬᠦᠪᠥᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠠᠯ᠎ᠠ ᠪᠠᠷ ᠰᠢᠨ᠎ᠡ ᠭᠡᠷᠡᠯ ᠭᠢᠯᠪᠠᠭ᠎ᠠ ᠪᠠᠨ ᠭᠠᠷᠭᠠᠵᠤ ᠂ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠴᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠤᠨ ᠲᠠᠯ᠎ᠠ ᠪᠠᠷ  ᠭᠤᠤᠯ ᠰᠢᠵᠢᠮ ᠢ ᠨᠠᠶᠢᠳᠠᠪᠤᠷᠢᠵᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠠᠯ᠎ᠠ ᠪᠠᠷ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠡᠶᠢᠭᠡᠮ ᠤᠨ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠢ ᠭᠦᠨᠵᠡᠭᠡᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠨᠠᠷᠢᠯᠢᠬᠵᠢᠭᠤᠯᠵᠤ᠂ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ᠂ ᠠᠮᠤᠷ ᠠᠮᠤᠭᠤᠯᠠᠩ ᠲᠠᠷᠬᠠᠨ ᠮᠤᠤᠮᠢᠩᠭᠠᠨ ᠤ ᠪᠦᠳᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠨᠡᠶᠢᠭᠡᠮ ᠤᠨ ᠠᠵᠢᠯ ᠤᠨ ᠲᠠᠯ᠎ᠠ ᠪᠠᠷ ᠨᠡᠶᠢᠭᠡᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠶ ᠲᠠᠨᠢᠵᠤ᠂ ︽ᠭᠤᠷᠪᠠ ᠶᠢ ᠰᠠᠶᠢᠲᠤᠷ ᠠᠳᠬᠤᠬᠤ︾ ᠳᠤ ᠠᠩᠬᠠᠷᠤᠯ ᠢᠶᠠᠨ ᠲᠥᠪᠯᠡᠷᠡᠭᠦᠯᠦᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠲᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠵᠤ᠂ ᠨᠡᠶᠢᠭᠡᠮ ᠤᠨ ᠠᠵᠢᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠶ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠠᠷᠢᠭᠤᠴᠠᠯᠭ᠎ᠠ ᠪᠠᠨ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃      ᠬᠤᠰᠢᠭᠤᠨ ᠤ ᠳᠥᠷᠪᠡᠨ ᠤᠳᠤᠷᠢᠳᠬᠤ ᠪᠠᠭ ᠤᠨ ᠤᠳᠤᠷᠢᠳᠬᠤ ᠨᠥᠬᠦᠳ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ ᠨᠥᠬᠦᠳ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠨᠥᠬᠦᠳ︔ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠨᠡᠶᠢᠭᠡᠮ ᠤᠨ ᠠᠵᠢᠯ ᠤᠨ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ︔ ᠬᠤᠰᠢᠭᠤᠨ ᠳᠤ ᠰᠠᠭᠤᠭ᠎ᠠ ᠡᠯ᠎ᠡ ᠪᠠᠶᠢᠭᠤᠯᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠨᠥᠬᠦᠳ ᠪᠠ ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号