2 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠰᠠᠭᠤᠷᠢ ᠲᠥᠬᠦᠭᠡᠷᠦᠮᠵᠢ ᠶᠢ ᠨᠡᠭᠡᠭᠡᠨ ᠬᠥᠭᠵᠢᠭᠦᠯᠵᠦ | ᠪᠥᠲᠥᠭᠡᠨ ᠪᠠᠶᠢᠭᠤᠯᠬᠤ ᠬᠢᠵᠠᠭᠠᠷᠲᠤ ᠺᠣᠮᠫᠠᠨᠢ ᠶᠢᠨ ᠪᠥᠲᠥᠭᠡᠨ ᠪᠠᠶᠢᠭᠤᠯᠤᠭᠰᠠᠨ ᠰᠢᠨ᠎ᠡ ᠬᠡᠯᠪᠡᠷᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠲᠠᠰᠤᠭ ᠤᠨ ᠲᠥᠷᠥᠯ | ᠵᠦᠢᠯ ᠪᠠᠷᠢᠯᠭ᠎ᠠ ᠳᠠᠭᠤᠰᠤᠭᠰᠠᠨ ᠰᠢᠯᠭᠠᠨ ᠪᠠᠶᠢᠴᠠᠭᠠᠯᠳᠠ ᠶᠢ ᠤᠭᠲᠤᠨ ᠠᠪᠴᠢᠷᠠᠵᠤ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ | ᠲᠥᠪ ᠪᠥᠬᠦ ᠶᠠᠪᠤᠴᠠ ᠳᠤ ᠣᠷᠣᠯᠴᠠᠵᠤ᠂ ᠲᠥᠷᠥᠯ ᠵᠦᠢᠯ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠪᠠ | ᠃ ᠲᠣᠰ ᠤᠳᠠᠭᠠᠨ ᠤ ᠰᠢᠯᠭᠠᠨ ᠪᠠᠶᠢᠴᠠᠭᠠᠯᠲᠠ ᠶᠢᠨ ᠠᠵᠢᠯ ᠨᠢ ᠲᠥᠷᠥᠯ ᠵᠦᠢᠯ ᠤᠨ ᠶᠠᠰᠤ ᠴᠢᠨᠠᠷ ᠢ ᠬᠠᠮᠢᠶᠠᠷᠤᠨ | ᠡᠵᠡᠮᠳᠡᠬᠦ ᠲᠠᠯ᠎ᠠ ᠪᠠᠷ ᠵᠢᠱᠢᠭᠰᠡᠨ ᠬᠠᠷᠠᠯᠲᠠ ᠳᠠᠭᠠᠨ ᠬᠦᠷᠦᠭᠰᠡᠨ ᠢ ᠬᠠᠷᠠᠭᠤᠯᠵᠤ᠂ ᠤᠳᠠᠯ ᠦᠬᠡᠢ ᠵᠢᠩᠬᠢᠨᠢ ᠪᠠᠷ | ᠠᠰᠢᠭᠯᠠᠯᠳᠠ ᠳᠤ ᠤᠷᠤᠬᠤ ᠪᠤᠯᠤᠨ᠎ᠠ᠃ | ᠰᠢᠯᠭᠠᠨᠪᠠᠶᠢᠴᠠᠭᠠᠯᠲᠠ ᠶᠢᠨ ᠲᠤᠬᠠᠶ ᠶᠢᠨ ᠡᠳᠦᠷ᠂ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ | ᠠᠵᠢᠯᠲᠠᠳ ᠪᠥᠲᠥᠭᠡᠨ ᠪᠠᠶᠢᠭᠤᠯᠬᠤ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ | ᠬᠠᠮᠢᠶᠠᠷᠬᠤ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠲᠠᠢ ᠬᠠᠮᠳᠤᠷᠠᠨ ᠪᠠᠶᠢᠭᠤᠯᠵᠤ᠂ | ᠰᠢᠯᠭᠠᠨ ᠪᠠᠶᠢᠴᠠᠭᠠᠯᠲᠠ ᠵᠢᠨᠪᠠᠭᠠ ᠳᠤᠭᠤᠶᠢᠯᠠᠩ ᠢ ᠪᠦᠷᠢᠯᠳᠦᠬᠦᠯᠵᠦ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠪᠠ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠦᠨᠳᠦᠰᠦᠯᠡᠨ᠂ ᠲᠥᠷᠥᠯ | ᠵᠦᠢᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠪᠠ᠃ ᠰᠢᠯᠭᠠᠨ ᠪᠠᠶᠢᠴᠠᠭᠠᠯᠲᠠ ᠶᠢᠨ ᠪᠠᠭ᠎ᠠ ᠳᠤᠭᠤᠶᠢᠯᠠᠩ ᠡᠩ | ᠲᠡᠷᠢᠭᠦᠨ ᠳᠤ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ ᠭᠦᠨᠵᠡᠭᠡᠶᠢᠷᠡᠵᠦ᠂ ᠪᠠᠷᠢᠯᠭ᠎ᠠ ᠶᠢᠨ ᠭᠤᠤᠯ ᠴᠣᠭᠴᠠ ᠶᠢᠨ | ᠪᠦᠲᠦᠴᠡ᠂ ᠵᠠᠰᠠᠯ ᠴᠢᠮᠡᠭᠯᠡᠯ᠂ ᠤᠰᠤ ᠴᠠᠬᠢᠯᠭᠠᠨ ᠳᠤᠯᠠᠭᠠᠯᠠᠭ᠎ᠠ ᠶᠢᠨ ᠤᠭᠰᠠᠷᠠᠯᠲᠠ ᠵᠡᠷᠭᠡ ᠢᠨᠵᠧᠨᠧᠷᠢᠩ ᠤᠨ | ᠪᠣᠳᠠᠲᠤ ᠴᠣᠭᠴᠠ ᠶᠢᠨ ᠶᠠᠰᠤ ᠴᠢᠨᠠᠷ ᠲᠤ ᠨᠠᠷᠢᠨ ᠨᠢᠮᠪᠠᠶ ᠪᠠᠶᠢᠴᠠᠭᠠᠨ ᠰᠢᠯᠭᠠᠯᠲᠠ ᠬᠢᠪᠡ᠃ ᠲᠠᠷᠠᠭ᠎ᠠ ᠨᠢ᠂ | ᠬᠤᠷᠠᠯ ᠤᠨ ᠭᠡᠷ ᠲᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ ᠢ ᠪᠠᠶᠢᠴᠠᠭᠠᠨ ᠦᠵᠡᠵᠦ᠂ | ᠮᠠᠲ᠋ᠧᠷᠢᠶᠠᠯ ᠤᠨ ᠪᠦᠷᠢᠨ ᠪᠦᠲᠦᠨ᠂ ᠵᠥᠪ ᠣᠨᠣᠪᠴᠢᠲᠠᠢ᠂ ᠢᠨᠵᠧᠨᠧᠷᠢᠩ ᠤᠨ ᠪᠣᠳᠠᠲᠤ ᠪᠠᠶᠢᠳᠠᠯ ᠲᠠᠢ ᠨᠡᠶᠢᠴᠡᠬᠦ ᠶᠢ | ᠪᠠᠲᠤᠯᠠᠪᠠ᠃ | ᠰᠢᠯᠭᠠᠨ ᠪᠠᠶᠢᠴᠠᠭᠠᠯᠲᠠ ᠶᠢᠨ ᠶᠠᠪᠤᠴᠠ ᠳᠤ᠂ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠠᠵᠢᠯᠲᠠᠳ | ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠰᠢᠯᠭᠠᠨ ᠠᠪᠬᠤ ᠭᠦᠢᠴᠡᠳᠬᠡᠯ ᠲᠤᠭ᠎ᠠ ᠨᠢᠭᠡᠪᠦᠷᠢ ᠶᠢ | ᠨᠠᠷᠢᠨ ᠬᠢᠨᠠᠮᠠᠭᠠᠶ ᠬᠠᠷᠭᠤᠭᠤᠯᠵᠤ᠂ ᠭᠠᠯ ᠤᠨᠲᠠᠷᠠᠭᠠᠬᠤ ᠢᠯᠡᠳᠭᠡᠮᠵᠢ ᠲᠡᠮᠳᠡᠭ ᠳᠤᠲᠠᠭᠳᠠᠭᠰᠠᠨ᠂ ᠵᠠᠯᠭᠠᠯᠳᠤᠭᠰᠠᠨ | ᠬᠤᠩᠭᠢᠯ ᠤᠨ ᠬᠡᠰᠡᠭ ᠲᠣᠭᠤᠰᠬ᠎ᠠ ᠬᠦᠨᠳᠡᠶᠢᠷᠡᠭᠰᠡᠨ᠂ ᠭᠤᠤᠯ ᠦᠢᠯᠡᠳᠪᠦᠷᠢ ᠶᠢᠨ ᠪᠠᠶᠢᠰᠢᠩ ᠤᠨ ᠤᠰᠤ | ᠲᠠᠲᠠᠷᠠᠭᠤᠯᠬᠤ ᠬᠤᠭᠤᠯᠠᠶ ᠶᠢᠨ ᠳᠤᠯᠠᠭᠠᠨ ᠢ ᠬᠠᠮᠠᠭᠠᠯᠠᠬᠤ ᠵᠡᠷᠭᠡ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ | ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠶᠢᠨ ᠬᠠᠮᠲᠤ ᠬᠠᠷᠢᠭᠤᠴᠠᠯᠭᠠᠲᠤ ᠪᠠᠶᠢᠭᠤᠯᠭ᠎ᠠ ᠨᠢᠭᠡᠴᠡ ᠶᠢ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠱᠠᠭᠠᠷᠳᠠᠪᠠ᠃ ᠪᠠᠴᠢᠮ ᠪᠥᠭᠡᠳ | ᠡᠮᠬᠢ ᠵᠢᠷᠤᠮ ᠲᠠᠢ ᠠᠵᠢᠯᠯᠠᠬᠤ ᠪᠠᠷ ᠳᠡᠮᠵᠢᠨ᠂ ᠰᠢᠯᠭᠠᠨ ᠪᠠᠶᠢᠴᠠᠭᠠᠯᠳᠠ ᠶᠢᠨ ᠪᠠᠭ᠎ᠠ ᠳᠤᠭᠤᠶᠢᠯᠠᠩ ᠠᠴᠠ | ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠪᠠᠶᠢᠰᠢᠩ ᠤᠨ ᠲᠥᠷᠥᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ ᠨᠢ | ᠵᠢᠷᠤᠭ ᠲᠥᠯᠥᠪᠯᠡᠭᠡ ᠵᠢᠴᠢ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠵᠦ᠂ ᠡᠯ᠎ᠡ ᠵᠦᠢᠯ ᠤᠨ ᠴᠢᠳᠠᠮᠵᠢ ᠨᠢ ᠬᠡᠷᠡᠭᠯᠡᠬᠦ | ᠬᠡᠷᠡᠭᠴᠡᠭᠡ ᠶᠢᠨ ᠱᠠᠭᠠᠷᠳᠠᠯᠭ᠎ᠠ ᠶᠢ ᠬᠠᠩᠭᠠᠵᠤ᠂ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠵᠥᠪᠰᠢᠶᠡᠷᠡᠪᠡ ᠭᠡᠵᠦ | ᠰᠠᠨᠠᠯ ᠨᠢᠭᠡᠲᠡᠢ ᠦᠵᠡᠪᠡ᠃ | ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠥᠷᠥᠯ | ᠵᠦᠢᠯ ᠤᠨ ᠠᠵᠢᠯ ᠳᠠᠭᠤᠰᠴᠤ ᠰᠢᠯᠭᠠᠨ ᠪᠠᠶᠢᠴᠠᠭᠠᠬᠤ ᠪᠣᠯ ᠢᠨᠵᠧᠨᠧᠷᠢᠩ ᠤᠨ ᠶᠠᠰᠤ ᠴᠢᠨᠠᠷ ᠤᠨ ᠠᠮᠤᠷ | ᠲᠦᠪᠰᠢᠨ ᠢ ᠪᠠᠲᠤᠯᠠᠬᠤ ᠵᠠᠩᠭᠢᠯᠠᠭ᠎ᠠ ᠶᠢᠨ ᠭᠤᠭᠴᠤᠭ᠎ᠠ ᠮᠥᠨ᠂ ᠲᠡᠷᠡ ᠨᠢ ᠠᠷᠠᠳ ᠣᠯᠠᠨ ᠤ ᠲᠣᠰ ᠪᠡᠶ᠎ᠡ ᠶᠢᠨ | ᠠᠰᠢᠭ ᠲᠤᠰᠠ ᠳᠤ ᠬᠤᠯᠪᠣᠭᠳᠠᠵᠤ ᠪᠠᠶᠢᠳᠠᠭ᠃ ᠲᠠᠷᠠᠭᠠᠴᠢ ᠪᠠᠷ ᠶᠠᠰᠤ ᠴᠢᠨᠠᠷ ᠤᠨ ᠠᠮᠤᠷ ᠲᠦᠪᠰᠢᠨ ᠤ ᠲᠥᠪ ᠨᠢ | ︽ᠴᠢᠩᠭ᠎ᠠ ᠬᠢᠨᠠᠯᠲᠠ ᠲᠠᠯᠪᠢᠵᠤ᠂ ᠬᠠᠯᠠᠭᠤᠨ ᠢᠶᠠᠷ ᠦᠢᠯᠡᠴᠢᠯᠡᠬᠦ︾ ᠣᠶᠢᠯᠠᠭᠠᠭᠳᠠᠬᠤᠨ ᠢ ᠦᠷᠭᠦᠯᠵᠢᠯᠡᠨ | ᠪᠠᠷᠢᠮᠲᠠᠯᠠᠵᠤ᠂ ᠢᠨᠵᠧᠨᠧᠷᠢᠩ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠨᠢᠭᠡᠪᠦᠷᠢ ᠶᠢ ᠴᠥᠮ ᠰᠠᠨᠠᠭ᠎ᠠ ᠠᠮᠤᠷ ᠢᠨᠵᠧᠨᠧᠷᠢᠩ᠂ ᠴᠢᠨᠠᠷ ᠰᠠᠶᠢᠲᠠᠶ | ᠢᠨᠵᠧᠨᠧᠷᠢᠩ ᠪᠣᠯᠭᠠᠬᠤ ᠶᠢ ᠦᠨᠡᠨ ᠬᠦ ᠪᠠᠲᠤᠯᠠᠨ᠎ᠠ᠃ |