ᠬᠠᠮᠤᠭ ᠰᠢᠨ᠎ᠡ ᠠᠮᠠᠷᠠᠯᠲᠠ ᠲᠠᠯᠪᠢᠬᠤ ᠮᠡᠳᠡᠭᠳᠡᠯ     ᠭᠤᠷᠪᠠᠨ ᠡᠳᠦᠷ ᠤᠨ ᠠᠮᠠᠷᠠᠯᠲᠠ ᠲᠠᠯᠪᠢᠭᠠᠳ ᠨᠦᠬᠦᠵᠦ ᠠᠵᠢᠯᠯᠠᠭᠤᠯᠬᠤ
ᠨᠡᠶᠢᠲᠡᠯᠡᠭᠰᠡᠨ ᠴᠠᠭ᠄
2025/3/4
      3  ᠳ᠋ᠤᠭᠠᠷ ᠰᠠᠷ᠎ᠠ ᠪᠤᠯᠤᠮᠠᠭᠴᠠ ᠲᠠᠷᠠᠭᠠᠴᠢ ᠶᠢᠨ ᠨᠢᠭᠡ ᠪᠠᠶᠠᠷ ᠤᠨ ᠡᠳᠦᠷ ᠢ ᠬᠦᠰᠡᠨ ᠬᠦᠯᠢᠶᠡᠵᠦ ᠡᠬᠢᠯᠡᠪᠡ᠃      2025 ᠣᠨ ᠤ ᠠᠮᠠᠷᠠᠯᠲᠠ ᠶᠢᠨ ᠲᠤᠬᠢᠷᠠᠭᠤᠯᠤᠯᠳᠠ ᠶᠢ ᠦᠨᠳᠦᠰᠦᠯᠡᠪᠡᠯ᠂ ᠳᠠᠷᠠᠭ᠎ᠠ ᠨᠢᠭᠡ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯ ᠬᠠᠩᠰᠢ ᠶᠢᠨ ᠡᠳᠦᠷ  ᠪᠤᠯᠤᠨ᠎ᠠ᠂ 4 ᠰᠠᠷ᠎ᠠ ᠶᠢᠨ 4 ᠤ ᠡᠳᠦᠷ ᠠᠴᠠ 4 ᠰᠠᠷ᠎ᠠ ᠶᠢᠨ 6 ᠤ ᠡᠳᠦᠷ ᠪᠤᠯᠲᠠᠯ᠎ᠠ ᠠᠮᠠᠷᠠᠯᠲᠠ ᠲᠠᠯᠪᠢᠵᠦ ᠨᠦᠬᠦᠵᠦ ᠠᠵᠢᠯᠯᠠᠭᠤᠯᠬᠤ ᠦᠭᠡᠶ᠃      2024 ᠣᠨ ᠤ 11 ᠰᠠᠷ᠎ᠠ ᠳᠤ ᠵᠠᠰᠠᠪᠤᠷᠢ ᠣᠷᠣᠭᠤᠯᠤᠭᠰᠠᠨ ︽ᠪᠥᠬᠦ ᠤᠯᠤᠰ ᠤᠨ ᠪᠠᠶᠠᠷ ᠤᠨ ᠡᠳᠦᠷ ᠵᠢᠴᠢ ᠳᠤᠷᠠᠰᠬᠠᠯ ᠤᠨ ᠡᠳᠦᠷ ᠤᠨ ᠴᠢᠯᠥᠭᠡ ᠲᠠᠯᠪᠢᠬᠤ ᠠᠷᠭ᠎ᠠ︾ ᠶᠢ ᠦᠨᠳᠦᠰᠦᠯᠡᠪᠡᠯ᠂ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠠᠷᠠᠳ ᠢᠷᠭᠡᠳ ᠤᠨ ᠴᠢᠯᠥᠭᠡ ᠲᠠᠯᠪᠢᠬᠤ ᠠᠮᠠᠷᠠᠯᠲᠠ ᠶᠢᠨ ᠡᠳᠦᠷ ᠢ 2 ᠡᠳᠦᠷ ᠨᠡᠮᠡᠭᠳᠡᠭᠦᠯᠵᠦ᠂ ᠡᠭᠦᠨ ᠳᠤ ᠴᠠᠭᠠᠨ ᠰᠠᠷ᠎ᠠ᠂ ᠬᠥᠳᠡᠯᠮᠦᠷᠢᠴᠢᠳ ᠤᠨ ᠪᠠᠶᠠᠷ ᠤᠨ ᠡᠳᠦᠷ ᠲᠣᠰ ᠲᠣᠰ 1 ᠡᠳᠦᠷ  ᠨᠡᠮᠡᠭᠳᠡᠭᠰᠡᠨ ᠪᠠᠶᠢᠨ᠎ᠠ᠃ ᠡᠭᠦᠨ ᠢ ᠦᠨᠳᠦᠰᠦᠯᠡᠨ ᠴᠢᠯᠥᠭᠡ ᠲᠠᠯᠪᠢᠵᠤ ᠲᠣᠬᠢᠷᠠᠭᠤᠯᠤᠨ ᠠᠮᠠᠷᠠᠬᠤ ᠵᠠᠷᠴᠢᠮ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠵᠠᠷᠢᠮ ᠣᠨᠴᠠᠭᠠᠢ ᠪᠠᠶᠢᠳᠠᠯ ᠠᠴᠠ ᠭᠠᠳᠠᠨ᠎ᠠ᠂ ᠴᠠᠭᠠᠨ ᠰᠠᠷ᠎ᠠ ᠶᠢᠨ  ᠪᠢᠳᠡᠬᠦᠨ ᠤ ᠡᠳᠦᠷ ᠠᠴᠠ ᠡᠬᠢᠯᠡᠨ᠂ 8 ᠡᠳᠦᠷ ᠴᠢᠯᠥᠭᠡ ᠲᠠᠯᠪᠢᠵᠤ ᠰᠢᠯᠵᠢᠭᠦᠯᠦᠨ ᠠᠮᠠᠷᠠᠭᠤᠯᠤᠨ᠎ᠠ᠂ ᠤᠯᠤᠰ ᠤᠨ ᠪᠠᠶᠠᠷ 10 ᠰᠠᠷ᠎ᠠ ᠶᠢᠨ 1 ᠤ ᠡᠳᠦᠷ ᠠᠴᠠ ᠡᠬᠢᠯᠡᠨ ᠂ 7 ᠡᠳᠦᠷ ᠴᠢᠯᠥᠭᠡ ᠲᠠᠯᠪᠢᠵᠤ ᠰᠢᠯᠵᠢᠭᠦᠯᠦᠨ ᠠᠮᠠᠷᠠᠭᠤᠯᠤᠨ᠎ᠠ᠂ ᠬᠥᠳᠡᠯᠮᠦᠷᠢᠴᠢᠳ ᠤᠨ ᠪᠠᠶᠠᠷ ᠤᠨ ᠡᠳᠦᠷ 5 ᠡᠳᠦᠷ  ᠤᠨ ᠴᠢᠯᠥᠭᠡ ᠲᠠᠯᠪᠢᠵᠤ ᠰᠢᠯᠵᠢᠭᠦᠯᠦᠨ ᠠᠮᠠᠷᠠᠭᠤᠯᠤᠨ᠎ᠠ᠂ ᠰᠢᠨ᠎ᠡ ᠵᠢᠯ᠂ ᠬᠠᠩᠰᠢ ᠶᠢᠨ ᠡᠳᠦᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠲᠣᠰ ᠲᠣᠰ ᠠᠮᠠᠷᠠᠯᠲᠠ ᠲᠠᠯᠪᠢᠬᠤ ᠪᠤᠶᠤ ᠵᠠᠯᠭᠠᠭ᠎ᠠ ᠪᠠᠷ 3 ᠡᠳᠦᠷ ᠠᠮᠠᠷᠠᠭᠤᠯᠤᠨ᠎ᠠ ︵ᠬᠡᠷᠪᠡ ᠭᠠᠷᠠᠭ ᠤᠨ ᠭᠤᠷᠪᠠᠨ ᠲᠣᠬᠢᠶᠠᠯᠳᠤᠪᠠᠯ ᠵᠥᠪᠬᠡᠨ‌‍ᠲ᠋ᠤᠰ ᠡᠳᠦᠷ ᠨᠢ ᠴᠢᠯᠥᠭᠡ ᠲᠠᠯᠪᠢᠨ᠎ᠠ︶᠂ ᠤᠯᠤᠰ ᠤᠨ ᠪᠠᠶᠠᠷ ᠤᠨ ᠡᠳᠦᠷ ᠪᠠ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠬᠠᠮᠳᠤ ᠲᠤᠬᠢᠶᠠᠯᠳᠤᠪᠠᠯ ᠳᠠᠷᠤᠢ ᠨᠡᠶᠢᠯᠡᠬᠦᠯᠦᠨ 8 ᠡᠳᠦᠷ ᠤᠨ ᠠᠮᠠᠷᠠᠯᠲᠠ ᠲᠠᠯᠪᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号