ᠤᠮᠠᠷᠠᠳᠤ ᠶᠢᠨ ᠠᠶᠠᠯᠠᠯ᠂ ᠦᠵᠡᠰᠭᠦᠯᠡᠩᠳᠥ ᠳᠠᠷᠬᠠᠨ ᠮᠤᠤᠮᠢᠩᠭᠠᠨ᠃ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠳᠠᠭᠠᠤ ᠪᠠᠶᠢᠷᠢᠯᠠᠵᠤ ᠪᠠᠶᠢᠭ᠎ᠠ 20 | ᠬᠤᠰᠢᠭᠤ ︵ᠬᠤᠲᠠ︶ ᠶᠢᠨ ᠨᠢᠭᠡ ᠪᠣᠯᠤᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠦᠬᠡ ᠰᠣᠶᠣᠯ | ᠭᠦᠨ ᠵᠤᠵᠠᠭᠠᠨ᠂ ᠰᠣᠶᠣᠯ ᠢᠷᠭᠡᠨᠰᠢᠯ ᠤᠨ ᠦᠵᠡᠮᠵᠢ ᠥᠪᠡᠷᠮᠢᠴᠡ᠂ ᠠᠳᠡ ᠳᠤᠮᠳᠠᠳᠤ ᠡᠸᠥ᠋ᠷᠥᠫᠡ ᠶᠢᠨ | ᠪᠣᠯᠪᠠᠰᠤᠨ ᠤ ᠰᠣᠯᠢᠯᠴᠠᠭᠠᠨ ᠤ ᠲᠣᠯᠢᠯᠠᠯ ᠢ ᠭᠡᠷᠡᠴᠢᠯᠡᠳᠡᠭ ᠣᠯᠠᠨ ᠰᠦᠮ᠎ᠡ ᠶᠢᠨ ᠡᠷᠲᠡᠨ ᠤ ᠬᠤᠲᠠ ᠲᠠᠢ᠂ ᠲᠠᠯ᠎ᠠ | ᠨᠤᠲᠤᠭ ᠤᠨ ᠪᠣᠯᠪᠠᠰᠤᠨ ᠤ ᠲᠦᠮᠡᠨ ᠪᠠᠶᠢᠳᠠᠯ ᠢ ᠲᠡᠮᠳᠡᠭᠯᠡᠭᠰᠡᠨ ᠮᠤᠨᠢ ᠠᠭᠤᠯᠠ ᠶᠢᠨ ᠬᠠᠳᠠᠨ ᠵᠢᠷᠤᠭ ᠲᠠᠢ᠂ ᠲᠠᠯ᠎ᠠ | ᠨᠤᠲᠤᠭ ᠤᠨ ᠭᠡᠷᠡᠯ ᠰᠠᠴᠤᠷᠠᠩᠭᠤᠶ ᠳᠡᠥᠬᠡ ᠲᠠᠢ ᠶᠢᠨ ᠤᠯᠤᠰ ᠤᠨ ᠰᠡᠷᠭᠡᠶᠢᠯᠡᠯᠳᠡ ᠶᠢᠨ ᠭᠤᠤ᠂ ᠬᠠᠨ ᠤᠯᠤᠰ ᠤᠨ | ᠣᠷᠳᠣ ᠴᠠᠭᠠᠨ ᠬᠡᠷᠡᠮ ᠵᠡᠷᠭᠡ ᠮᠠᠰᠢ ᠣᠯᠠᠨ ᠦᠯᠡᠳᠡᠭᠳᠡᠯ ᠪᠠᠶᠢᠳᠠᠭ᠃ ᠡᠷᠲᠡᠨ ᠠᠴᠠ ᠨᠠᠰᠢ᠂ ᠣᠯᠠᠨ ᠦᠨᠳᠦᠰᠦᠲᠡᠨ | ᠠᠳᠡ ᠰᠠᠭᠤᠷᠢᠰᠢᠨ ᠦᠷᠡᠵᠢᠵᠥ᠂ ᠶᠠᠪᠤᠯᠴᠠᠭ᠎ᠠ ᠰᠣᠯᠢᠯᠴᠠᠭ᠎ᠠ ᠠᠭᠤᠰᠣᠯᠴᠠᠭ᠎ᠠ ᠶᠢ ᠠᠬᠢᠭᠤᠯᠵᠤ᠂ ᠲᠠᠯ᠎ᠠ ᠨᠤᠲᠤᠭ ᠤᠨ | ᠬᠥᠪᠡᠭᠦᠳ ᠥᠬᠢᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠡᠳᠬᠢᠯ ᠢᠶᠠᠨ ᠨᠢᠭᠡᠳᠬᠡᠨ ᠤᠷᠤᠭᠰᠢᠯᠠᠵᠤ᠂ | ᠪᠠᠭᠠᠲᠤᠷᠯᠢᠭ ᠲᠠᠷᠬᠠᠨ ᠮᠤᠤᠮᠢᠩᠭᠠᠨ ᠤ ᠢᠷᠠᠭᠤ ᠭᠠᠶᠢᠬᠠᠮᠰᠢᠭᠲᠤ ᠲᠤᠤᠯᠢᠰ ᠢ ᠬᠠᠮᠲᠤ ᠪᠠᠷ ᠪᠢᠴᠢᠭᠯᠡᠵᠦ᠂ | ᠬᠤᠪᠢᠰᠬᠠᠯ ᠤᠨ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ ᠭᠡᠷᠡᠯ | ᠭᠢᠯᠪᠠᠭ᠎ᠠ ᠪᠠᠨ ᠰᠠᠴᠤᠷᠠᠭᠤᠯᠪᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠭᠠᠵᠠᠷ ᠣᠷᠣᠨ ᠤ | ᠰᠣᠶᠣᠯ ᠤᠨ ᠥᠩᠭᠡ ᠦᠵᠡᠮᠵᠢ ᠶᠢ ᠳᠡᠭᠡᠭᠰᠢᠯᠡᠭᠦᠯᠦᠨ᠂ ︽ᠳᠠᠷᠬᠠᠨ ᠮᠤᠤᠮᠢᠩᠭᠠᠨ ᠤ ᠰᠤᠶᠤᠯ ᠳᠡᠥᠬᠡ ᠶᠢᠨ ᠳᠤᠰᠬᠠᠢ | ᠰᠡᠳᠬᠦᠯ︾ ᠢ ᠰᠠᠶᠢᠳᠤᠷ ᠡᠷᠬᠢᠯᠡᠭᠦ ᠶᠢᠨ ᠳᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠳᠬ᠎ᠠ | ᠤᠷᠠᠯᠢᠭ ᠤᠨ ᠬᠢᠨ ᠤ ᠬᠤᠯᠪᠣᠭᠠᠲᠤ ᠬᠤᠷᠠᠯ ᠵᠢᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠰᠣᠶᠣᠯ ᠲᠡᠤᠬᠡ ᠶᠢᠨ ᠵᠥᠪᠯᠡᠯ ᠠᠴᠠ ᠤᠳᠬ᠎ᠠ ᠵᠣᠬᠢᠶᠠᠯ ᠤᠨ | ᠪᠦᠲᠦᠭᠡᠯ ᠤᠨ ᠲᠡᠭᠦᠪᠦᠷᠢ ︽ᠮᠢᠨᠦ ᠳᠠᠷᠬᠠᠨ ᠮᠤᠤᠮᠢᠩᠭᠠᠨ ᠤ ᠬᠤᠪᠢ ᠪᠠᠷᠢᠯᠳᠤᠯᠭ᠎ᠠ︾ ᠶᠢ ᠴᠤᠭᠯᠠᠭᠤᠯᠤᠨ | ᠬᠡᠪᠯᠡᠭᠦᠯᠬᠦ ᠪᠠᠷ ᠲᠥᠯᠥᠪᠯᠡᠵᠦ᠂ ᠣᠲᠣ ᠪᠥᠬᠦ ᠤᠯᠤᠰ ᠤᠨ ᠵᠣᠬᠢᠶᠠᠯᠴᠢ ᠪᠠ ᠤᠳᠬ᠎ᠠ ᠵᠣᠬᠢᠶᠠᠯ ᠤᠨ ᠳᠤᠷ᠎ᠠ ᠪᠠᠭ᠋ᠠᠲᠠᠶ | ᠬᠥᠮᠦᠰ ᠲᠤ ᠬᠠᠨᠳᠤᠭᠤᠯᠤᠨ ᠡᠬᠡ ᠪᠢᠴᠢᠭ ᠡᠯᠰᠡᠬᠦ ᠪᠠᠷ ᠪᠠᠶᠢᠨ᠎ᠠ᠃ | ᠨᠢᠭᠡ᠂ ᠡᠬᠡ ᠪᠢᠴᠢᠭ ᠤᠨ ᠱᠠᠭᠠᠷᠳᠠᠯᠭ᠎ᠠ | ︵ᠨᠢᠭᠡ︶ ᠭᠤᠤᠯ ᠰᠡᠳᠦᠪᠲᠦ ᠪᠦᠲᠦᠭᠡᠯ ᠨᠢ ︽ᠮᠢᠨᠦ ᠳᠠᠷᠬᠠᠨ ᠮᠤᠤᠮᠢᠩᠭᠠᠨ ᠤ ᠬᠤᠪᠢ ᠪᠠᠷᠢᠯᠳᠤᠯᠭ᠎ᠠ︾ | ᠪᠠᠷ ᠭᠤᠤᠯ ᠰᠡᠳᠦᠪ ᠪᠣᠯᠭᠠᠵᠤ᠂ ︽ᠰᠢᠯᠦᠭ ᠵᠢᠷᠤᠭ ᠤᠨ ᠲᠠᠯ᠎ᠠ ᠨᠤᠲᠤᠭ᠂ ᠪᠠᠭᠠᠲᠤᠷᠯᠢᠭ ᠳᠠᠷᠬᠠᠨ ᠮᠤᠤᠮᠢᠩᠭᠠᠨ︾ | ᠢᠶᠠᠨ ᠮᠠᠭᠲᠠᠨ ᠳᠠᠭᠤᠯᠠᠵᠤ᠂ ᠰᠦᠷᠯᠢᠭ ᠰᠠᠶᠢᠬᠠᠨ ᠪᠠᠶᠢᠭᠠᠯᠢ ᠶᠢᠨ ᠥᠩᠭᠡ ᠦᠵᠡᠮᠵᠢ᠂ ᠭᠦᠨ ᠵᠤᠵᠠᠭᠠᠨ ᠰᠣᠶᠣᠯ | ᠢᠷᠭᠡᠨᠰᠢᠯ ᠤᠨ ᠦᠵᠡᠭᠳᠡᠯ᠂ ᠥᠨᠢ ᠤᠳᠠᠭᠠᠨ ᠲᠡᠦᠬᠡ ᠰᠣᠶᠣᠯ ᠪᠠ ᠥᠪᠡᠷᠮᠢᠴᠡ ᠣᠨᠴᠠᠯᠢᠭ ᠲᠠᠢ ᠦᠨᠳᠦᠰᠦᠲᠡᠨ ᠤ | ᠵᠠᠩ ᠦᠢᠯᠡ ᠶᠢ ᠤᠷᠠᠨ ᠵᠤᠬᠢᠶᠠᠯ ᠤᠨ ᠬᠡᠯᠪᠡᠷᠢ ᠪᠠᠷ ᠪᠢᠴᠢᠭᠯᠡᠵᠥ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠣᠶᠢᠷ᠎ᠠ ᠶᠢᠨ ᠵᠢᠯ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠬᠤᠪᠢᠷᠠᠯᠲᠠ ᠰᠢᠨ᠎ᠡ ᠳᠦᠷᠰᠦ ᠪᠠᠶᠢᠳᠠᠯ ᠢ ᠳᠣᠰᠬᠠᠨ᠎ᠠ᠃ | ︵ᠬᠤᠶᠠᠷ︶ ᠵᠤᠬᠢᠶᠠᠯ ᠤᠨ ᠰᠲ᠋ᠢᠯᠢ ᠨᠢ ᠨᠠᠶᠢᠷᠠᠭᠤᠯᠤᠯ᠂ ᠰᠢᠯᠦᠭ ᠳᠠᠭᠤᠤ ︵ᠡᠷᠲᠡᠨ ᠤ ᠲᠢᠭ ᠤᠨ ᠰᠢᠯᠦᠭ | ᠪᠠᠭᠲᠠᠨ᠎ᠠ︶᠂ ᠮᠠᠭᠳᠠᠭᠤ ᠪᠠᠶᠢᠬᠤ ᠶᠢ ᠱᠠᠭᠠᠷᠳᠠᠵᠤ᠂ ᠥᠭᠦᠯᠡᠯᠭᠡ ᠶᠢᠨ ᠪᠦᠲᠦᠭᠡᠯ ᠢ ᠡᠯᠰᠡᠭᠦ ᠦᠭᠡᠢ᠃ | ︵ᠭᠤᠷᠪᠠ︶ ᠡᠬᠡ ᠪᠢᠴᠢᠭ | 1.ᠨᠠᠶᠢᠷᠠᠭᠤᠯᠤᠯ ᠤᠨ ᠦᠰᠦᠭ ᠤᠨ ᠲᠤᠭ᠎ᠠ ᠨᠢ 2000-10000 ᠦᠰᠦᠭ ᠲᠠᠢ ᠪᠠᠶᠢᠬᠤ ᠬᠡᠷᠡᠭᠳᠡᠢ᠂ | ᠰᠢᠯᠦᠭ ᠳᠠᠭᠤᠤ ︵ᠡᠷᠲᠡᠨ ᠤ ᠲᠢᠭ ᠤᠨ ᠰᠢᠯᠦᠭ ᠪᠠᠭᠲᠠᠨ᠎ᠠ︶ ᠨᠢ 5 ᠪᠠᠳᠠᠭ ︵ᠶᠡᠷᠦᠩᠬᠡᠢ ᠮᠦᠷ ᠤᠨ ᠲᠤᠭ᠎ᠠ ᠨᠢ | 150 ᠮᠦᠷ ᠠᠴᠠ ᠬᠡᠲᠦᠷᠡᠵᠦ ᠪᠤᠯᠬᠤ ᠦᠭᠡᠢ︶ ᠠᠴᠠ ᠬᠡᠳᠥᠷᠡᠵᠥ ᠪᠤᠯᠬᠤ ᠦᠭᠡᠢ᠂ ᠮᠠᠭᠳᠠᠭᠤ ᠨᠢ 3000 | ᠦᠰᠦᠭ ᠤᠨ ᠲᠤᠳᠤᠷ᠎ᠠ ᠪᠠᠶᠢᠬᠤ ᠬᠡᠷᠡᠭᠳᠡᠢ᠃ ᠡᠬᠡ ᠪᠢᠴᠢᠭ ᠨᠢ ᠨᠡᠶᠢᠳᠡᠯᠡᠵᠥ ᠥᠩᠭᠡᠷᠡᠭᠰᠡᠨ ᠡᠰᠡᠬᠦ ᠶᠢ ᠬᠢᠵᠡᠭᠠᠷᠯᠠᠬᠤ | ᠦᠭᠡᠢ᠃ ᠬᠡᠷᠪᠡ ᠨᠡᠶᠢᠳᠡᠯᠡᠵᠥ ᠥᠩᠭᠡᠷᠡᠭᠰᠡᠨ ᠪᠤᠯ ᠨᠡᠶᠢᠳᠡᠯᠡᠭᠰᠡᠨ ᠴᠠᠭ᠂ ᠰᠡᠳᠬᠦᠯ ᠤᠨ ᠨᠡᠷ᠎ᠡ ᠶᠢ ᠨᠢ | ᠳᠣᠳᠣᠷᠬᠠᠶᠢᠯᠠᠬᠤ ᠬᠡᠷᠡᠭᠳᠡᠢ᠂ ᠪᠤᠰᠤᠳ ᠤᠨ ᠵᠤᠬᠢᠶᠠᠯ ᠢ ᠬᠠᠭᠤᠯᠬᠤ ᠶᠢ ᠡᠷᠡᠰ ᠬᠤᠷᠢᠭᠯᠠᠬᠤ ᠬᠡᠷᠡᠭᠳᠡᠢ᠃ | 2. ᠢᠷᠡᠭᠦᠯᠦᠭᠰᠡᠨ ᠡᠬᠡ ᠪᠢᠴᠢᠭ ᠢᠶᠠᠨ ᠲᠠᠭᠠᠯᠳᠤᠭᠤᠯᠤᠯ ᠤᠨ ᠬᠡᠯᠪᠡᠷᠢ ᠪᠠᠷ ᠡᠯᠧᠺᠲᠷᠤᠨ ᠪᠠᠷ ᠤᠨ ᠬᠡᠯᠪᠡᠷᠢ | ᠪᠠᠷ ᠳᠤᠰᠢᠶᠠᠵᠤ᠂ ᠭᠤᠤᠯ ᠵᠣᠬᠢᠶᠠᠯ ᠢᠶᠠᠨ word ᠪᠠᠷ ᠬᠡᠯᠪᠡᠷᠢᠵᠢᠭᠦᠯᠥᠨ ᠲᠤᠰᠢᠶᠠᠵᠤ᠂ ᠲᠠᠶᠢᠯᠪᠤᠷᠢ ᠶᠢ | ᠨᠢᠭᠤᠷ ᠤᠨ ᠲᠤᠤᠷᠠᠬᠢ ᠲᠠᠶᠢᠯᠪᠤᠷᠢ ᠪᠠᠷ ᠬᠢᠵᠥ᠂ ᠭᠤᠤᠯ ᠵᠤᠬᠢᠶᠠᠯ ᠢᠶᠠᠨ ᠰᠦᠩ ᠲᠢᠭ ᠢᠶᠠᠷ ᠪᠢᠴᠢᠵᠥ᠂4 ᠨᠤᠮᠧᠷᠳᠥ | ᠥᠰᠥᠭ ᠤᠨ ᠳᠢᠭ ᠢ ᠵᠠᠷᠤᠨ᠎ᠠ᠃ | 3᠂ ᠵᠣᠬᠢᠶᠠᠭᠴᠢ ᠪᠦᠷᠢ ᠬᠠᠮᠤᠭ ᠠᠷᠪᠢᠨ ᠳᠤ ᠪᠠᠨ 2 ᠡᠬᠡ ᠪᠢᠴᠢᠭ ᠥᠭᠴᠥ ᠪᠤᠯᠤᠨ᠎ᠠ᠃ | 4. ᠡᠬᠡ ᠪᠢᠴᠢᠭ ᠡᠯᠰᠡᠬᠦ ᠬᠤᠭᠤᠴᠠᠭ᠎ᠠ᠄ 2025 ᠣᠨ ᠤ 3 ᠰᠠᠷ᠎ᠠ ᠶᠢᠨ 1 ᠤ ᠡᠳᠦᠷ ᠠᠴᠠ 2025 | ᠣᠨ ᠤ 4 ᠰᠠᠷ᠎ᠠ ᠶᠢᠨ 30 ᠤ ᠡᠳᠦᠷ ᠪᠣᠯᠲᠠᠯ᠎ᠠ᠃ | ᠬᠤᠶᠠᠷ᠂ ᠡᠬᠡ ᠪᠢᠴᠢᠭ ᠤᠨ ᠬᠠᠷᠠᠮᠵᠢ ᠶᠢᠨ ᠪᠠᠷᠢᠮᠵᠢᠶ᠎ᠠ | ᠮᠢᠩᠭᠠᠨ ᠦᠰᠦᠭ ᠨᠢ 200 ᠲᠥᠭᠦᠷᠢᠭ᠂ ᠰᠢᠯᠥᠭ ᠳᠠᠭᠤᠯᠠᠯ ᠤᠨ ᠪᠦᠲᠦᠭᠡᠯ ᠨᠢ ᠮᠥᠷ ᠪᠥᠷᠢ 10 | ᠲᠥᠭᠦᠷᠢᠭ ᠃ | ᠭᠤᠷᠪᠠ᠂ ᠪᠣᠰᠣᠳ ᠵᠦᠢᠯᠡᠰ | 1. ᠬᠥᠮᠦᠨ ᠤ ᠬᠦᠴᠦᠨ ᠤ ᠬᠢᠵᠠᠭᠠᠷᠯᠠᠯ ᠠᠴᠠ ᠪᠣᠯᠵᠤ᠂ ᠵᠣᠬᠢᠶᠠᠯ ᠢ ᠵᠥᠪᠬᠡᠨ ᠡᠯᠧᠺᠲᠷᠤᠨ ᠪᠠᠷ ︵word | ᠬᠡᠯᠪᠡᠷᠢ︶ ᠢ ᠬᠦᠯᠢᠶᠡᠨ ᠠᠪᠤᠨ᠎ᠠ᠃ ᠪᠣᠢ ᠪᠦᠬᠦᠢ ᠡᠬᠡ ᠪᠢᠴᠢᠭ ᠢ ᠡᠯᠧᠺᠲᠷᠤᠨ ᠰᠢᠤᠳᠠᠨ ᠤ ᠬᠡᠯᠪᠡᠷᠢ ᠪᠠᠷ | ᠶᠠᠪᠤᠭᠤᠯᠬᠤ ᠶᠢᠨ ᠬᠠᠮᠲᠤ ᠰᠢᠤᠳᠠᠨ ᠵᠦᠢᠯ ᠤᠨ ᠭᠤᠣᠯ ᠰᠡᠳᠦᠪ ᠤᠨ ᠬᠡᠰᠡᠭ ᠲᠤ ︽ᠣᠪᠣᠭ ᠨᠡᠷ᠎ᠡ+ ︽ᠮᠢᠨᠦ | ᠳᠠᠷᠬᠠᠨ ᠮᠤᠤᠮᠢᠩᠭᠠᠨ ᠤ ᠬᠤᠪᠢ ᠪᠠᠷᠢᠯᠳᠤᠯᠭ᠎ᠠ︾ ᠬᠡᠮᠡᠬᠦ ᠵᠣᠬᠢᠶᠠᠯ+ ᠵᠣᠬᠢᠶᠠᠯ ᠤᠨ ᠭᠠᠷᠴᠠᠭ︾ ᠤᠨ ᠬᠡᠯᠪᠡᠷᠢ ᠪᠠᠷ | ᠲᠣᠳᠣᠷᠬᠠᠶᠢᠯᠠᠭᠠᠷᠠᠢ᠃ | 2. ᠵᠤᠬᠢᠶᠠᠯ ᠡᠯᠰᠡᠭᠦ ᠬᠠᠶᠠᠭ᠄ 1755260312@qq. com | 3᠂ ᠨᠠᠶᠢᠷᠠᠭᠤᠯᠬᠤ ᠺᠣᠮᠢᠰ 2025 ᠣᠨ ᠤ 5 ᠰᠠᠷ᠎ᠠ ᠶᠢᠨ ᠳᠤᠮᠳᠠᠴᠢ ᠪᠠᠷ ᠬᠢᠨᠠᠨ ᠲᠣᠭᠲᠠᠭᠠᠬᠤ ᠺᠣᠮᠢᠰ ᠢ | ᠵᠣᠬᠢᠶᠠᠨ ᠪᠠᠶᠢᠭᠤᠯᠵᠤ᠂ ᠪᠣᠶ ᠪᠥᠬᠦᠶ ᠡᠬᠡ ᠪᠢᠴᠢᠭ ᠲᠤ ᠬᠢᠨᠠᠨ ᠳᠣᠭᠳᠠᠭᠠᠯᠳᠠ ᠬᠢᠵᠥ ᠰᠢᠯᠢᠨ ᠰᠣᠩᠭᠤᠵᠤ᠂ ᠬᠢᠨᠠᠨ | ᠲᠣᠭᠲᠠᠭᠠᠭᠰᠠᠨ ᠦᠷ᠎ᠡ ᠳ᠋ᠦᠩ ᠢ ᠴᠠᠭ ᠳᠣᠬᠠᠢ ᠳᠤ ᠨᠢ ᠠᠯᠪᠠᠨ ᠤ ᠵᠠᠭᠤᠴᠢᠯᠠᠭᠤᠷ ᠢᠶᠠᠷ ᠨᠡᠶᠢᠲᠡᠯᠡᠨ᠎ᠡ᠃ | 4. ᠵᠣᠬᠢᠶᠠᠭᠴᠢ ᠡᠷᠬᠡᠪᠰᠢ ᠦᠨᠡᠨ ᠪᠣᠳᠠᠲᠤ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ᠂ ᠬᠠᠷᠢᠯᠴᠠᠬᠤ | ᠬᠠᠶ᠋ᠢᠭ ᠢᠶᠠᠨ ᠲᠣᠳᠣᠷᠬᠠᠶᠢᠯᠠᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠳᠠᠩᠰᠠᠨ ᠤ ᠳ᠋ᠤᠭᠠᠷ ᠢᠶᠠᠨ | ᠦᠯᠡᠳᠡᠭᠡᠨ ᠥᠭᠴᠥ᠂ ᠡᠬᠡ ᠪᠢᠴᠢᠭ ᠤᠨ ᠬᠠᠷᠠᠮᠵᠢ ᠣᠯᠭᠤᠬᠤ ᠳᠤ ᠳᠥᠭᠦᠮ ᠪᠠᠶᠢᠯᠭᠠᠬᠤ ᠬᠡᠷᠡᠭᠲᠡᠶ᠃ | 5᠂ ᠲᠤᠰ ᠤᠳᠠᠭᠠᠨ ᠤ ᠵᠣᠬᠢᠶᠠᠯ ᠡᠯᠰᠡᠬᠦ ᠠᠵᠢᠯᠯᠠᠭ᠎ᠠ ᠶᠢᠨ ᠡᠴᠦᠰ ᠤᠨ ᠲᠠᠶᠢᠯᠪᠤᠷᠢᠯᠠᠬᠤ ᠡᠷᠬᠡ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠬᠠᠷᠢᠶᠠᠯᠠᠭᠳᠠᠨ᠎ᠠ᠃ | | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠳᠬ᠎ᠠ ᠤᠷᠠᠯᠢᠭ ᠤᠨ ᠡᠲᠡᠭᠡᠳ ᠤᠨ | ᠬᠤᠯᠪᠣᠭᠠᠲᠤ ᠬᠤᠷᠠᠯ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠰᠠᠨᠠᠯ ᠳᠤᠷᠠᠳᠤᠯᠭ᠎ᠠ ᠰᠣᠶᠣᠯ ᠲᠡᠦᠬᠡ ᠶᠢᠨ ᠵᠥᠪᠯᠡᠯ | 2035 ᠣᠨ ᠤ 3 ᠰᠠᠷ᠎ᠠ ᠶᠢᠨ 2 ᠤᠨ ᠡᠳᠦᠷ | |