ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ | ᠪᠠᠲᠤᠳᠬᠠᠵᠤ᠂ ᠦᠨᠳᠦᠰᠦᠲᠡᠨ ᠤ ᠬᠠᠮᠲᠤ ᠶᠢᠨ ᠴᠡᠴᠡᠭᠯᠡᠯ ᠬᠦᠭᠵᠢᠯ ᠢ ᠠᠬᠢᠭᠤᠯᠬᠤ ᠶᠢᠨ ᠲᠥᠯᠥᠭᠡ᠂ 1 | ᠰᠠᠷ᠎ᠠ ᠶᠢᠨ 9 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ | ᠯᠢ ᠱᠧᠩ ᠬᠤᠨᠳᠠᠭᠠᠲᠤ︾ ᠵᠢᠷᠭᠤᠭᠠᠨ ᠬᠥᠮᠦᠨ ᠤ ᠬᠥᠯ ᠪᠥᠮᠪᠦᠭᠡ ᠶᠢᠨ ᠤᠷᠤᠯᠳᠤᠭᠠᠨ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠭᠡᠷ ᠳᠣᠲᠣᠷᠠᠬᠢ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠣᠷᠳᠣᠨ ᠳᠤ | ᠡᠬᠢᠯᠡᠪᠡ᠃ ᠲᠤᠰ ᠬᠤᠭᠤᠴᠠᠭᠠᠨ ᠤ ᠤᠷᠤᠯᠳᠤᠭᠠᠨ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠶᠢᠨ ᠲᠥᠪ ᠳᠠᠭᠠᠭᠠᠴᠢᠯᠠᠨ ᠡᠷᠬᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠯ | ᠪᠥᠮᠪᠦᠭᠡ ᠶᠢᠨ ᠨᠡᠶᠢᠭᠡᠮᠯᠢᠭ ᠠᠴᠠ ᠬᠠᠮᠵᠢᠯᠴᠠᠨ ᠡᠷᠬᠢᠯᠡᠪᠡ᠃ | ᠲᠣᠰ ᠬᠤᠭᠤᠴᠠᠭᠠᠨ ᠤ ᠬᠥᠯ ᠪᠥᠮᠪᠦᠭᠡ ᠶᠢᠨ ᠤᠷᠤᠯᠳᠤᠭᠠᠨ ᠳᠤ ᠨᠡᠶᠢᠲᠡ 7 ᠬᠥᠯ ᠪᠥᠮᠪᠦᠭᠡ ᠶᠢᠨ | ᠲᠥᠯᠥᠭᠡᠯᠡᠭᠴᠢᠳ ᠤᠨ ᠠᠩᠭᠢ ᠣᠷᠣᠯᠴᠠᠵᠤ᠂ ᠬᠠᠮᠲᠤ ᠪᠠᠷ ᠨᠢᠭᠡ ᠤᠳᠠᠭᠠᠨ ᠤ ᠬᠥᠯ ᠪᠥᠮᠪᠦᠭᠡ ᠶᠢᠨ ᠦᠪᠡᠳᠡᠭᠰᠢ | ᠨᠠᠶᠢᠷ ᠢ ᠦᠷᠨᠢᠬᠦᠯᠪᠡ᠃ ᠤᠷᠤᠯᠳᠤᠭᠠᠨ ᠤ ᠲᠠᠯᠠᠪᠤᠷ ᠲᠤ᠂ ᠲᠤᠰᠬᠠᠢ ᠮᠡᠷᠭᠡᠵᠢᠭᠰᠡᠨ ᠤᠷᠤᠯᠳᠤᠭᠠᠨ ᠤ ᠠᠭᠤᠷ | ᠠᠮᠢᠰᠬᠤᠯ ᠨᠢ ᠲᠠᠮᠢᠷᠴᠢᠳ ᠤᠨ ᠪᠦᠯᠬᠦᠮᠳᠡᠨ ᠬᠠᠮᠳᠤᠷᠠᠵᠤ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠪᠣᠯᠤᠨ | ᠣᠷᠭᠢᠯᠤᠮ᠎ᠠ ᠬᠠᠯᠠᠭᠤᠨ ᠰᠡᠳᠬᠢᠯᠭᠡ ᠶᠢ ᠶᠡᠭᠡ ᠪᠠᠷ ᠬᠥᠭᠵᠢᠭᠡᠪᠡ᠃ ᠡᠭᠦᠨ ᠤ ᠬᠠᠮᠲᠤ᠂ ᠡᠷᠬᠡ ᠲᠡᠭᠰᠢ | ᠤᠷᠤᠯᠳᠤᠭᠠᠨ ᠤ ᠲᠠᠪᠴᠠᠩ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠯ ᠪᠥᠮᠪᠦᠭᠡ ᠶᠢᠨ | ᠤᠷᠤᠯᠳᠤᠭᠠᠨ ᠤ ᠬᠢᠷᠢ ᠲᠦᠪᠰᠢᠨ ᠤ ᠳᠡᠭᠡᠭᠰᠢᠯᠡᠯᠲᠡ ᠶᠢ ᠬᠦᠴᠦᠲᠡᠶ ᠠᠬᠢᠭᠤᠯᠪᠠ᠃ ᠳᠤᠷᠠᠳᠤᠭᠤᠰᠢᠲᠠᠶ ᠵᠦᠢᠯ ᠭᠡᠪᠡᠯ | ᠂ ᠤᠷᠤᠯᠳᠤᠭᠠᠨ ᠢ ᠨᠠᠩ ᠰᠣᠨᠢᠷᠬᠠᠯᠲᠤ ᠴᠢᠨᠠᠷ ᠪᠠ ᠪᠠᠴᠢᠮ ᠲᠦᠷᠦᠭᠳᠡᠯᠳᠦ ᠴᠢᠨᠠᠷ ᠲᠠᠢ ᠪᠣᠯᠭᠠᠬᠤ ᠶᠢᠨ ᠲᠥᠯᠥᠭᠡ᠂ | ᠲᠣᠰ ᠤᠳᠠᠭᠠᠨ ᠤ ᠤᠷᠤᠯᠳᠤᠭᠠᠨ ᠳᠤ ᠲᠤᠷᠭᠠᠭᠤᠯ ᠤᠨ ᠲᠦᠷᠢᠮ ᠢ ᠣᠨᠴᠠᠭᠠᠶᠢᠯᠠᠨ ᠨᠡᠮᠡᠵᠡᠶ᠃ ᠡᠩ ᠤᠨ | ᠤᠷᠤᠯᠳᠤᠭᠠᠨ ᠤ ᠬᠤᠭᠤᠴᠠᠭᠠᠨ ᠳᠤ᠂ ᠬᠡᠷᠪᠡ ᠬᠤᠶᠠᠷ ᠲᠠᠯ᠎ᠠ ᠶᠢᠨ ᠤᠯᠤᠭᠰᠠᠨ ᠬᠤᠪᠢ ᠨᠢ ᠠᠳᠠᠯᠢ ᠪᠠᠶᠢᠪᠠᠯ᠂ | ᠰᠢᠭᠤᠳ ᠪᠠᠴᠢᠮ ᠰᠡᠲᠡᠯᠲᠡ ᠥᠭᠬᠦ ᠲᠤᠷᠭᠠᠭᠤᠯ ᠤᠨ ᠤᠷᠤᠯᠳᠤᠭᠠᠨ ᠳᠤ ᠣᠷᠣᠬᠤ ᠪᠣᠯᠤᠨ᠎ᠠ᠃ ᠡᠨᠡ ᠬᠦ ᠲᠦᠷᠢᠮ ᠢ | ᠬᠡᠷᠡᠭᠵᠢᠭᠦᠯᠦᠭᠰᠡᠨ ᠶᠠᠪᠤᠳᠠᠯ ᠨᠢ ᠤᠷᠤᠯᠳᠤᠭᠠᠨ ᠳᠤ ᠮᠠᠰᠢ ᠣᠯᠠᠨ ᠭᠢᠯᠠᠰ ᠴᠡᠭ ᠨᠡᠮᠡᠷᠢᠯᠡᠭᠰᠡᠨ ᠪᠠᠶᠢᠨ᠎ᠠ᠃ | ᠲᠠᠷᠠᠭᠠᠴᠢ ᠶᠢᠨ ᠤᠷᠤᠯᠳᠤᠭᠠᠨ ᠳᠤ᠂ ᠤᠷᠤᠯᠳᠤᠭᠠᠨ ᠳᠤ ᠣᠷᠣᠯᠴᠠᠭᠰᠠᠨ ᠡᠯ᠎ᠡ ᠠᠩᠭᠢ ᠤᠷᠤᠯᠳᠤᠭᠠᠨ ᠤ | ᠲᠠᠯᠠᠪᠤᠷ ᠲᠤ ᠬᠦᠴᠦ ᠬᠥᠯᠥᠰᠥ ᠪᠠᠨ ᠤᠷᠤᠰᠬᠠᠨ᠂ ᠡᠷᠡᠯᠬᠡᠭᠯᠡᠨ ᠲᠡᠮᠡᠴᠡᠵᠦ᠂ ᠪᠥᠮᠪᠥᠭᠡᠨ ᠮᠡᠷᠭᠡᠵᠢᠯ ᠪᠠ ᠡᠷᠡᠰ | ᠬᠠᠲᠠᠭᠤ ᠲᠡᠮᠡᠴᠡᠯ ᠤᠨ ᠵᠣᠷᠢᠭ ᠢᠶᠠᠨ ᠢᠯᠡᠷᠡᠭᠦᠯᠵᠦ᠂ ᠦᠵᠡᠭᠴᠢᠳ ᠲᠤ ᠨᠢᠭᠡᠨ ᠤᠳᠠᠭᠠᠨ ᠤ ᠭᠤᠶᠢᠳᠠ ᠰᠠᠶᠢᠬᠠᠨ | ᠬᠥᠯ ᠪᠥᠮᠪᠦᠭᠡ ᠶᠢᠨ ᠦᠪᠡᠳᠡᠭᠰᠢ ᠨᠠᠶᠢᠷ ᠢ ᠠᠪᠴᠢᠷᠠᠬᠤ ᠪᠣᠯᠤᠨ᠎ᠠ ᠭᠡᠳᠡᠭ ᠢ ᠢᠲᠡᠭᠡᠵᠦ ᠪᠠᠶᠢᠨ᠎ᠠ ᠃ | ᠤᠢᠢᠷ᠎ᠠ ᠶᠢᠨ ᠵᠢᠯ ᠠᠴᠠ ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠥᠯ ᠪᠥᠮᠪᠦᠭᠡ ᠶᠢᠨ | ᠦᠢᠯᠡᠰ ᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠵᠠᠷ ᠣᠷᠣᠨ ᠤ ᠣᠨᠴᠠᠯᠢᠭ ᠲᠤ | ᠨᠡᠶᠢᠴᠡᠭᠰᠡᠨ ᠤᠷᠤᠯᠳᠤᠭᠠᠨ ᠤ ᠰᠢᠰᠲ᠋ᠧᠮ ᠵᠢᠴᠢ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮ ᠢ ᠠᠩᠬ᠎ᠠ ᠠᠯᠬᠤᠮ | ᠪᠠᠶᠢᠭᠤᠯᠪᠠ᠃ ᠡᠬᠦᠨ ᠤ ᠬᠠᠮᠳᠣ ᠶᠡᠭᠡᠪᠡᠷ ᠨᠡᠷᠡᠳᠣ ᠳᠥᠷᠦᠯ ᠳᠡᠮᠳᠡᠭᠳᠦ ᠶᠢᠨ ᠬᠥᠯ ᠪᠦᠮᠪᠦᠭᠡ ᠶᠢᠨ ᠣᠷᠣᠯᠳᠣᠭᠠᠨ ᠢ | ᠪᠤᠢ ᠪᠤᠯᠭᠠᠵᠦ᠂ ᠨᠡᠷᠡᠳᠣ ᠳᠥᠷᠦᠯ ᠳᠡᠮᠳᠡᠭᠳᠦ ᠶᠢᠨ ᠣᠷᠣᠯᠳᠣᠭᠠᠨ ᠤ ᠬᠦᠴᠦᠷᠭᠡᠭ ᠶᠡᠭᠡ ᠨᠦᠯᠥᠭᠡᠯᠡᠬᠦ | ᠬᠦᠴᠣᠨ ᠳᠡᠭᠡᠨ ᠳᠦᠰᠢᠭᠯᠡᠨ᠂ ᠦᠨᠳᠣᠷ ᠦᠷ᠎ᠠ ᠪᠦᠳᠦᠮᠵᠢ ᠲᠠᠢ ᠢᠯᠭᠤᠮ ᠲᠤᠳᠤ ᠬᠥᠯ ᠪᠦᠮᠪᠦᠭᠡ ᠶᠢᠨ | ᠬᠠᠮᠢᠶᠡᠷᠦᠯᠳᠡ ᠶᠢᠨ ᠪᠠᠶᠢᠭᠤᠯᠥᠯ ᠲᠣᠠᠠᠳᠡᠴᠠ ᠶᠢ ᠪᠠᠶᠢᠭᠤᠯᠵᠦ᠂ ᠰᠣᠷᠭᠠᠭᠤᠯᠢ ᠶᠢᠨ ᠬᠦᠷᠢᠶᠡᠨ ᠳᠠᠬᠢ ᠬᠥᠯ ᠪᠦᠮᠪᠦᠭᠡ᠂ | ᠨᠡᠶᠢᠭᠡᠮ ᠤᠨ ᠬᠥᠯ ᠪᠦᠮᠪᠦᠭᠡ᠂ ᠲᠣᠰᠬᠠᠢ ᠮᠡᠷᠭᠡᠵᠢᠯ ᠤᠨ ᠬᠥᠯ ᠪᠦᠮᠪᠦᠭᠡ ᠬᠢᠭᠡᠳ ᠠᠵᠢᠯ ᠮᠡᠷᠭᠡᠵᠢᠯ ᠤᠨ ᠬᠥᠯ | ᠪᠦᠮᠪᠦᠭᠡ ᠶᠢᠨ ᠰᠢᠰᠲ᠋ᠧᠮᠵᠢ ᠶᠢ ᠬᠤᠭᠤᠷᠣᠨᠳᠦ ᠨᠢ ᠵᠠᠪᠰᠠᠷ ᠦᠭᠡᠢ ᠵᠤᠯᠭᠠᠭᠤᠯᠵᠦ ᠵᠤᠬᠢᠴᠠᠯᠳᠣᠨ ᠠᠵᠢᠯᠯᠠᠭᠤᠯᠬᠤ ᠶᠢ | ᠠᠬᠢᠭᠤᠯᠥᠨ᠎ᠠ᠃ ᠡᠴᠦᠰ ᠲᠤ᠂ ᠡᠨᠡᠬᠦ ᠴᠢᠷᠮᠠᠶᠢᠯᠭ᠎ᠠ ᠤᠳ ᠨᠢ ᠥᠪᠥᠷ ᠮᠣᠩᠭᠤᠯ ᠴᠢᠨᠠᠭᠰᠢᠯᠠᠪᠠᠯ ᠤᠯᠤᠰ ᠲᠤ | ᠲᠠᠰᠤᠷᠠᠯᠲᠠ ᠦᠭᠡᠢ ᠰᠢᠯᠢᠳᠡᠭ ᠬᠥᠯ ᠪᠥᠮᠪᠦᠭᠡ ᠶᠢᠨ ᠴᠢᠳᠠᠪᠤᠷᠢᠲᠠᠨ ᠢ ᠬᠦᠷᠭᠡᠵᠦ᠂ ᠬᠥᠯ ᠪᠥᠮᠪᠦᠭᠡ ᠶᠢᠨ | ᠦᠢᠯᠡᠰ ᠤᠨ ᠥᠷᠨᠢᠩᠭᠦᠢ ᠬᠥᠭᠵᠢᠯᠲᠡ ᠶᠢᠨ ᠪᠠᠲᠤ ᠪᠠᠬᠢ ᠰᠠᠭᠤᠷᠢ ᠶᠢ ᠪᠠᠬᠢᠵᠢᠬᠦᠯᠦᠨ᠎ᠡ᠃ |