ᠳᠡᠳ᠋ ᠬᠤᠰᠢᠭᠤᠨ ᠳᠠᠷᠤᠭ᠎ᠠ ᠳ᠋ᠠᠩ ᠰᠢᠶᠤᠤ ᠬᠤᠩ ᠳᠠᠷᠬᠠᠨ ᠰᠤᠮᠤᠨ ᠳᠤ ᠬᠦᠷᠴᠦ ᠡᠪᠡᠰᠦᠨ ᠤ  ᠪᠢᠯᠧᠲ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/3/5
      3 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳ᠋ᠠᠩ ᠰᠢᠶᠤᠤ ᠬᠤᠩ ᠳᠠᠷᠬᠠᠨ ᠰᠤᠮᠤᠨ ᠳᠤ ᠬᠦᠷᠴᠦ ᠡᠪᠡᠰᠦᠨ ᠤ ᠪᠢᠯᠧᠲ ᠤᠨ ᠠᠵᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠡᠪᠡᠰᠦᠨ ᠪᠢᠯᠧᠲ ᠤᠨ  ᠦᠵᠡᠭᠦᠯᠥᠯᠭᠡ ᠶᠢᠨ ᠲᠢᠩᠬᠢᠮ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠨ ᠦᠷᠡᠵᠢᠭᠦᠯᠬᠦ ᠰᠠᠭᠤᠷᠢᠨ ᠭᠠᠵᠠᠷ ᠵᠢᠴᠢ ᠮᠠᠯᠴᠢᠳ ᠤᠨ ᠬᠡᠷ ᠲᠤ ᠬᠦᠷᠴᠦ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠮᠠᠯ ᠠᠵᠤ ᠠᠬᠤᠶ ᠶᠢᠨ ᠬᠥᠭᠵᠢᠯᠲᠡ ᠶᠢᠨ ᠠᠭᠤᠰᠤᠯᠴᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠵᠢᠯᠣᠭᠤᠳᠬᠤ ᠰᠠᠨᠠᠯ ᠳᠤᠷᠠᠳᠪᠠ᠃     ᠨᠢᠭᠡ᠂ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠶᠢ ᠵᠡᠷᠭᠡ ᠪᠠᠷ ᠴᠢᠬᠤᠯᠠᠴᠢᠯᠠᠵᠤ᠂ ᠰᠣᠶᠣᠯ ᠤᠨ ᠭᠧᠨ ᠢ ᠰᠠᠬᠢᠨ ᠬᠠᠮᠠᠭᠠᠯᠠᠨ᠎ᠠ᠃ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠨ ᠦᠷᠡᠵᠢᠭᠦᠯᠬᠦ ᠰᠠᠭᠤᠷᠢᠨ ᠭᠠᠵᠠᠷ ᠲᠤ᠂ ᠳ᠋ᠠᠩ ᠰᠢᠶᠤᠤ ᠬᠤᠩ ᠡᠭᠦᠯᠳᠡᠷ ᠢ ᠬᠠᠮᠠᠭᠠᠯᠠᠨ ᠦᠷᠡᠵᠢᠭᠦᠯᠬᠦ᠂ ᠠᠳᠤᠭᠤᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠠᠵᠢᠯ ᠤᠨ ᠠᠬᠢᠴᠠ ᠶᠢ ᠭᠦᠨᠵᠡᠭᠡᠢ ᠣᠶᠢᠯᠠᠭᠠᠪᠠ᠃ ᠳ᠋ᠠᠩ ᠰᠢᠶᠤᠤ ᠬᠤᠩ ᠮᠣᠩᠭᠤᠯ ᠠᠳᠤᠭᠤ ᠪᠣᠯ ᠲᠠᠯ᠎ᠠ ᠨᠤᠲᠤᠭ ᠤᠨ ᠮᠠᠯ ᠠᠵᠤ ᠠᠬᠤᠢ ᠶᠢᠨ ᠴᠢᠬᠤᠯᠠ ᠲᠤᠯᠭᠠᠭᠤᠷᠢᠯᠠᠯ ᠪᠣᠯᠬᠤ ᠪᠠᠷ ᠪᠠᠷᠠᠬᠤ ᠦᠭᠡᠢ᠂ ᠨᠡᠩ ᠴᠤ ᠦᠨᠳᠦᠰᠦᠲᠡᠨ ᠤ ᠰᠣᠶᠣᠯ ᠤᠨ ᠠᠮᠢᠳᠥ ᠥᠪ ᠪᠣᠯᠤᠨ᠎ᠠ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ︽ᠠᠮᠢ ᠠᠬᠤᠢ+ ᠰᠣᠶᠣᠯ+ ᠵᠢᠭᠤᠯᠴᠢᠯᠠᠯ︾ ᠢ ᠠᠭᠤᠰᠤᠯᠴᠠᠭᠤᠯᠬᠤ ᠵᠠᠭᠪᠤᠷ ᠢ ᠰᠦᠪᠡᠭᠴᠢᠯᠡᠵᠦ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠶᠠᠷ ᠲᠤ᠂ ᠮᠠᠯᠴᠢᠳ ᠤᠨ ᠰᠡᠳᠬᠢᠯ ᠤᠨ ᠦᠭᠡ ᠶᠢ ᠰᠣᠨᠣᠰᠴᠤ᠂ ᠬᠥᠭᠵᠢᠭᠦᠯᠦᠨ ᠮᠠᠨᠳᠤᠭᠤᠯᠬᠤ ᠵᠠᠮ ᠢ ᠬᠠᠮᠲᠤ ᠪᠠᠷ ᠰᠥᠪᠡᠭᠴᠢᠯᠡᠨ᠎ᠡ᠃ ᠡᠪᠡᠰᠦᠨ ᠤ ᠪᠢᠯᠧᠲ ᠢ ᠬᠡᠷᠡᠭᠵᠢᠭᠦᠯᠵᠦ ᠪᠠᠶᠢᠭ᠎ᠠ ᠮᠠᠯᠵᠢᠬᠤ ᠡᠷᠦᠬᠡ ᠳᠤ᠂ ᠳ᠋ᠠᠩ ᠰᠢᠶᠤᠤ ᠬᠤᠩ ᠮᠠᠯᠴᠢᠳ ᠲᠠᠢ ᠳᠣᠲᠣᠨᠣ ᠪᠠᠷ ᠶᠠᠷᠢᠯᠴᠠᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ᠂ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠳ᠋ᠠᠩ ᠰᠢᠶᠤᠤ ᠬᠤᠩ ᠮᠠᠯᠴᠢᠳ ᠢ ᠠᠮᠢ ᠠᠬᠤᠢ ᠶᠢᠨ ᠬᠠᠮᠠᠭᠠᠯᠠᠯᠲᠠ ᠳᠤ ᠢᠳᠡᠪᠬᠢᠲᠡᠢ ᠣᠷᠣᠯᠴᠠᠵᠤ᠂ ᠡᠪᠡᠰᠤᠨ ᠤ ᠪᠢᠯᠧᠲ ᠤᠨ ᠳᠦᠷᠢᠮ ᠤᠨ ᠠᠰᠢᠭ ᠢ ᠭᠦᠢᠴᠡᠳ ᠠᠰᠢᠭᠯᠠᠵᠤ᠂ ᠪᠣᠬᠢᠷᠲᠤᠯ ᠦᠭᠡᠢ ᠮᠠᠯ ᠠᠵᠤ ᠠᠬᠤᠢ ᠶᠢ ᠬᠥᠭᠵᠢᠭᠦᠯᠬᠦ ᠬᠡᠷᠡᠭᠳᠡᠢ᠂ ᠡᠭᠦᠨ ᠤ ᠬᠠᠮᠳᠥ  ᠰᠤᠮᠤᠨ ᠤ ᠺᠠᠳ᠋ᠷᠴᠤᠳ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠮᠠᠯᠴᠢᠳ ᠤᠨ ᠪᠣᠳᠠᠲᠠᠢ ᠬᠦᠴᠢᠷᠳᠡᠯ ᠢ ᠦᠨᠡᠨᠬᠦ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃      ᠭᠤᠷᠪᠠ ᠳᠤ᠂ ᠪᠠᠶᠢᠴᠠᠭᠠᠨ ᠰᠤᠳᠤᠯᠤᠯᠲᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠨ᠎ᠠ᠃ ᠪᠠᠶᠢᠴᠠᠭᠠᠨ ᠰᠤᠳᠤᠯᠤᠯᠳᠠ ᠲᠤᠮᠳᠠ᠂ ᠳ᠋ᠠᠩ ᠰᠢᠶᠤᠤ ᠬᠤᠨᠭ᠌ ᠲᠠᠷᠬᠠᠨ ᠰᠤᠮᠤ ᠶᠢᠨ ᠡᠪᠡᠰᠤᠨ ᠤ ᠪᠢᠯᠧᠲ ᠤᠨ ᠠᠵᠢᠯ ᠤᠨ ᠲᠤᠮᠳᠠ ᠤᠯᠤᠬᠰᠠᠨ ᠱᠠᠳᠤᠴᠢ ᠴᠢᠨᠠᠷᠳᠠᠢ ᠦᠷ᠎ᠡ ᠪᠦᠳᠦᠮᠵᠢ ᠶᠢ ᠨᠤᠳᠠᠯᠠᠬᠤ ᠶᠢᠨ ᠬᠠᠮᠳᠤ ᠭᠤᠷᠪᠠᠨ ᠲᠠᠯ᠎ᠠ ᠶᠢᠨ ᠱᠠᠭᠠᠷᠳᠠᠯᠭ᠎ᠠ ᠲᠤᠷᠠᠳᠪᠠ᠄ ᠨᠢᠭᠡ ᠳᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠶ︔ ᠬᠤᠶᠠᠷ ᠲᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠡᠪᠡᠰᠦᠨ ᠤ ᠪᠢᠯᠧᠲ ᠤᠨ ᠲᠦᠷᠢᠮ ᠤᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ︔ ᠭᠤᠷᠪᠠ ᠳᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠮᠠᠯᠴᠢᠳ ᠤᠨ ᠭᠤᠣᠯ ᠴᠣᠭᠴᠠ ᠶᠢᠨ ᠤᠬᠠᠮᠰᠠᠷ ᠢ ᠬᠥᠭᠵᠢᠭᠡᠨ᠎ᠡ᠃ ᠳ᠋ᠠᠩ ᠰᠢᠶᠤᠤ ᠬᠤᠩ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠠᠬᠤᠶ ᠶᠢᠨ ᠬᠥᠭᠵᠢᠯᠲᠡ ᠶᠢ ᠵᠡᠷᠭᠡᠪᠡᠷ ᠠᠬᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠪᠣᠬᠢᠷᠲᠤᠯ ᠥᠬᠡᠶ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠶ᠃      ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠳᠤ ᠡᠪᠡᠰᠦᠨ ᠤ ᠪᠢᠯᠧᠲ ᠤᠨ ᠠᠵᠢᠯ ᠢ ᠠᠬᠢᠭᠤᠯᠬᠤ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠳᠠᠷᠬᠠᠨ ᠰᠤᠮᠤᠨ ᠤ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠦᠢᠯᠡᠰ ᠤᠨ ᠠᠭᠤᠰᠤᠯᠴᠠᠨ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠳᠠᠷᠬᠠᠨ ᠰᠤᠮᠤ ᠲᠣᠰ ᠤᠳᠠᠭᠠᠨ ᠤ ᠵᠢᠯᠣᠭᠤᠳᠣᠯᠭ᠎ᠠ ᠪᠠᠷ ᠵᠢᠷᠤᠮᠯᠠᠯ ᠪᠣᠯᠭᠠᠵᠤ᠂ ᠠᠮᠢ ᠠᠬᠤᠶ ᠶᠢᠨ ᠵᠠᠰᠠᠯᠲᠠ ᠶᠢᠨ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠰᠢᠨ᠎ᠡ ᠬᠠᠭᠤᠳᠠᠰᠤ ᠶᠢ ᠪᠢᠴᠢᠭᠯᠡᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号