ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠤᠷᠢᠨ ᠵᠢᠷᠭᠤᠳᠤᠭᠠᠷ ᠬᠠᠶᠢᠷ᠎ᠠ ᠬᠠᠯᠠᠮᠵᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/5
      ᠰᠣᠨᠣᠷ ᠤᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠥᠬᠦ ᠨᠡᠶᠢᠭᠡᠮ ᠤᠨ ᠡᠷᠡᠭᠦᠯ ᠮᠡᠨᠳᠦ ᠶᠢᠨ ᠤᠬᠠᠮᠰᠠᠷ ᠢ ᠨᠡᠮᠡᠭᠳᠡᠭᠦᠯᠦᠨ᠂ ᠰᠣᠨᠣᠷ ᠤᠨ ᠬᠤᠬᠢᠷᠠᠯ ᠪᠠ ᠰᠣᠨᠣᠷ ᠤᠨ ᠵᠡᠮᠳᠡᠭ ᠡᠭᠦᠰᠬᠦ ᠶᠢ ᠪᠠᠭᠠᠰᠬᠠᠨ ᠬᠢᠵᠠᠭᠠᠷᠯᠠᠬᠤ ᠶᠢᠨ ᠲᠥᠯᠥᠭᠡ᠂ 3 ᠰᠠᠷ᠎ᠠ ᠶᠢᠨ 3 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠪᠣᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠡᠥᠬᠡᠨ ᠠᠭᠤᠯᠠ ᠵᠡᠭᠡᠯᠢ ᠶᠢᠨ ᠨᠡᠶᠢᠭᠡᠮ ᠲᠣᠭᠤᠷᠢᠭ ᠲᠤ ︽ᠰᠡᠳᠬᠢᠯ ᠲᠠᠯᠪᠢᠨ ᠰᠣᠨᠣᠰᠴᠤ᠂ ᠬᠠᠷᠢᠯᠴᠠᠭ᠎ᠠ ᠪᠠᠨ ᠨᠡᠪᠳᠡᠷᠡᠯᠴᠡᠭᠦᠯᠥᠶ᠎ᠡ — — ᠰᠣᠨᠣᠰᠬᠤ ᠴᠢᠳᠠᠪᠤᠷᠢ ᠶᠢᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠬᠡᠥᠬᠡᠨ ᠠᠭᠤᠯᠠ ᠵᠡᠭᠡᠯᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠴᠢᠬᠢ ᠬᠠᠮᠠᠷ ᠬᠤᠭᠤᠯᠠᠶ ᠶᠢᠨ ᠰᠠᠯᠠᠭᠠᠨ ᠤ ᠡᠮᠴᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠰᠣᠨᠣᠷ ᠤᠨ ᠵᠡᠮᠳᠡᠭ ᠡᠷᠡᠭᠦᠯ ᠮᠡᠨᠳᠦ ᠶᠢᠨ ᠤᠬᠠᠭᠤᠯᠭ᠎ᠠ ᠶᠢᠨ ᠲᠠᠶᠢᠯᠤᠮᠵᠢ ᠬᠢᠵᠦ᠂ ᠰᠣᠨᠣᠷ ᠤᠨ ᠡᠷᠡᠭᠦᠯᠵᠢᠯ ᠤᠨ ᠮᠡᠳᠡᠯᠭᠡ᠂ ᠰᠢᠨᠵᠢᠯᠡᠬᠦ ᠤᠬᠠᠭᠠᠨᠴᠢ ᠴᠢᠬᠢ ᠪᠠᠨ ᠬᠡᠷᠡᠭᠯᠡᠭᠦ ᠮᠡᠳᠡᠯᠭᠡ ᠶᠢ ᠤᠬᠠᠭᠤᠯᠪᠠ᠃ ᠡᠮᠴᠢ ᠨᠠᠷ ᠴᠢᠬᠢᠨ ᠤ ᠹᠢᠽᠢᠣᠯᠣᠭᠢ ᠶᠢᠨ ᠴᠢᠳᠠᠪᠬᠢ ᠠᠴᠠ ᠡᠬᠢᠯᠡᠨ ᠶᠠᠷᠢᠵᠤ᠂ ᠰᠣᠨᠣᠰᠬᠤ ᠴᠢᠳᠠᠪᠤᠷᠢ ᠡᠷᠡᠭᠦᠯ ᠪᠠᠶᠢᠬᠤ ᠶᠢᠨ ᠴᠢᠬᠤᠯᠠ ᠴᠢᠨᠠᠷ ᠵᠢᠴᠢ ᠡᠳᠦᠷ ᠲᠤᠲᠤᠮ ᠤᠨ ᠠᠮᠢᠳᠤᠷᠠᠯ ᠳᠤᠮᠳᠠ ᠬᠡᠷᠬᠢᠨ ᠥᠪᠡᠷ ᠤᠨ ᠴᠢᠬᠢ ᠪᠠᠨ ᠰᠠᠶᠢᠲᠤᠷ ᠬᠠᠮᠠᠭᠠᠯᠠᠬᠤ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠠᠢ᠃ ᠡᠭᠦᠨ ᠤ ᠬᠠᠮᠲᠤ᠂ ᠡᠮᠴᠢ ᠪᠠᠰᠠ ᠲᠤᠬᠠᠶ ᠶᠢᠨ ᠲᠠᠯᠠᠪᠤᠷ ᠲᠤ ᠰᠠᠭᠤᠭᠠᠯᠢ ᠠᠷᠠᠳ ᠤᠨ ᠰᠣᠨᠣᠷ ᠤᠨ ᠡᠷᠡᠭᠦᠯ ᠮᠡᠨᠳᠦ ᠶᠢᠨ ᠲᠤᠬᠠᠶ ᠮᠠᠳᠠᠭ ᠲᠠᠢ ᠠᠰᠠᠭᠤᠯᠲᠠ ᠳᠤ ᠬᠠᠷᠢᠭᠤᠯᠲᠠ ᠥᠭᠴᠦ᠂ ᠲᠡᠳᠡᠨ ᠳᠤ ᠲᠤᠰᠬᠠᠶ ᠮᠡᠷᠭᠡᠵᠢᠯ ᠤᠨ ᠰᠠᠨᠠᠭᠤᠯᠭ᠎ᠠ ᠪᠠ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃      ︽ᠡᠮᠴᠢ ᠡ᠂ ᠮᠢᠨᠦ ᠴᠢᠬᠢ ᠵᠠᠷᠢᠮ ᠳᠠᠭᠠᠨ ᠳᠥᠩᠬᠢᠨᠡᠵᠥ ᠳᠣᠣᠭᠠᠷᠳᠠᠭ᠂ ᠶᠠᠮᠠᠷ ᠤᠴᠢᠷ ᠠᠴᠠ ᠪᠤᠢ︖︾ ︽ᠴᠢᠬᠢ ᠴᠢᠨᠢ ᠡᠪᠡᠳᠴᠤ ᠪᠠᠶᠢᠨ᠎ᠠ ᠤᠤ︖ ᠴᠢᠬᠢᠨ ᠴᠢᠨᠢ ᠶᠠᠭᠤ ᠪᠠᠶᠢᠬᠤ ᠶᠢ ᠦᠵᠡᠵᠤ ᠥᠭᠭᠦᠶ᠎ᠡ︾ ᠡᠮᠴᠢ ᠨᠡᠷ ᠣᠯᠠᠨ ᠤ ᠳᠤᠷᠠᠳᠤᠭᠰᠠᠨ ᠠᠰᠠᠭᠤᠳᠠᠯ ᠢ ᠬᠥᠯᠢᠴᠡᠩᠭᠦᠢ ᠬᠠᠷᠢᠭᠤᠯᠬᠤ ᠶᠢᠨ ᠬᠠᠮᠳᠥ᠂ ᠲᠤᠰᠬᠠᠶ ᠮᠡᠷᠭᠡᠵᠢᠯ ᠤᠨ ᠲᠥᠬᠦᠭᠡᠷᠦᠮᠵᠢ ᠶᠢ ᠠᠰᠢᠭᠯᠠᠨ ᠣᠯᠠᠨ ᠳᠤ ᠰᠣᠨᠣᠰᠬᠤ ᠴᠢᠳᠠᠪᠤᠷᠢ᠂ ᠴᠢᠬᠢᠨ ᠵᠠᠮ᠂ ᠴᠢᠬᠢᠨ ᠤ ᠳᠡᠯᠪᠢ ᠶᠢᠨ ᠡᠷᠡᠭᠦᠯ ᠮᠡᠨᠳᠦ ᠶᠢᠨ ᠪᠠᠶᠢᠳᠠᠯ ᠢ ᠰᠢᠯᠭᠠᠨ ᠪᠠᠶᠢᠴᠠᠭᠠᠵᠤ᠂  ᠳᠡᠳᠡᠨ ᠳᠤ ᠡᠳᠥᠷ ᠳᠣᠳᠣᠮ ᠤᠨ ᠠᠮᠢᠳᠣᠷᠠᠯ ᠤᠨ ᠳᠣᠮᠳᠠ ᠪᠠᠨ ᠴᠢᠬᠢᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠳᠤ ᠠᠩᠬᠠᠷᠬᠤ ᠵᠦᠢᠯ ᠢ ᠰᠠᠨᠠᠭᠤᠯᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠴᠢᠬᠢ ᠬᠠᠮᠠᠷ ᠬᠤᠭᠤᠯᠠᠶ ᠶᠢᠨ ᠰᠠᠯᠠᠭᠠᠨ ᠤ ᠡᠮᠴᠢ ᠲᠤᠬᠠᠶ ᠶᠢᠨ ᠲᠠᠯᠠᠪᠤᠷ ᠤᠨ ᠪᠣᠳᠠᠲᠠᠶ ᠪᠠᠶᠢᠴᠠᠭᠠᠯᠲᠠ ᠪᠠᠷ ᠳᠠᠮᠵᠢᠭᠤᠯᠤᠨ᠂ ᠵᠦᠢ ᠵᠤᠬᠢᠰᠲᠠᠢ ᠴᠢᠬᠢ  ᠪᠠᠨ ᠬᠡᠷᠡᠭᠯᠡᠭᠦ᠂ ᠴᠢᠬᠢ ᠶᠢ ᠬᠠᠮᠠᠭᠠᠯᠠᠬᠤ ᠬᠠᠮᠢᠶ᠎ᠠ ᠪᠥᠬᠦᠶ ᠮᠡᠳᠡᠯᠭᠡ ᠪᠠ ᠤᠷ᠎ᠠ ᠴᠢᠳᠠᠪᠤᠷᠢ ᠶᠢ ᠲᠦᠭᠡᠮᠡᠯᠵᠢᠭᠦᠯᠵᠦ᠂ ᠪᠣᠳᠠᠲᠠᠶ ᠠᠵᠢᠯᠯᠠᠭ᠎ᠠ ᠪᠠᠷ ᠢᠶᠠᠨ ᠬᠥᠮᠦᠰ ᠤᠨ ᠰᠣᠨᠣᠷ ᠤᠨ ᠵᠡᠮᠳᠡᠭ ᠡᠭᠦᠰᠬᠦ ᠶᠢ ᠰᠡᠷᠭᠡᠶᠢᠯᠡᠨ ᠬᠥᠭᠵᠢᠭᠦᠯᠬᠦ ᠶᠢ ᠬᠠᠪᠰᠤᠷᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯᠲᠠᠨ ᠮᠢᠶᠣᠣ ᠶᠦᠩ ᠯᠦ ᠢᠯᠡᠷᠬᠡᠶᠢᠯᠡᠬᠦ ᠳᠡᠭᠡᠨ᠄ ︽ᠥᠨᠥᠳᠦᠷ ᠪᠣᠯ ᠬᠤᠷᠢᠨ ᠵᠢᠷᠭᠤᠳᠤᠭᠠᠷ ᠪᠥᠬᠦ ᠤᠯᠤᠰ ᠤᠨ ᠴᠢᠬᠢ ᠪᠠᠨ ᠬᠠᠶᠢᠷᠠᠯᠠᠬᠤ ᠡᠳᠦᠷ ᠪᠣᠯᠤᠨ᠎ᠠ᠂ ᠡᠨᠡ ᠵᠢᠯ ᠤᠨ ᠭᠤᠤᠯ ᠰᠡᠳᠦᠪ ᠪᠣᠯ ︿ᠰᠡᠳᠬᠢᠯ ᠲᠠᠯᠪᠢᠨ ᠰᠣᠨᠣᠰᠴᠤ᠂ ᠬᠠᠷᠢᠯᠴᠠᠭ᠎ᠠ  ᠪᠠᠨ ᠨᠡᠪᠳᠡᠷᠡᠯᠴᠡᠭᠦᠯᠥᠶ᠎ᠡ﹀᠂ ᠮᠠᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠴᠢᠬᠢ ᠪᠠᠨ ᠬᠠᠶᠢᠷᠠᠯᠠᠬᠤ ᠡᠳᠦᠷ ᠤᠨ ᠭᠤᠤᠯ ᠰᠡᠳᠦᠪ ᠲᠠᠢ ᠤᠶᠠᠯᠳᠤᠭᠤᠯᠤᠨ᠂ ᠨᠡᠶᠢᠭᠡᠮ ᠳᠠᠶᠠᠭᠠᠷ ᠲᠤ ᠴᠢᠬᠢ ᠪᠠᠨ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ︾ ᠭᠡᠵᠡᠶ᠃     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠰᠣᠨᠣᠰᠬᠤ ᠴᠢᠳᠠᠪᠤᠷᠢ ᠶᠢᠨ ᠡᠷᠡᠭᠦᠯ ᠮᠡᠨᠳᠦ ᠶᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠲᠡᠳᠡᠨ ᠤ ᠴᠢᠬᠢ ᠪᠠᠨ ᠬᠠᠶᠢᠷᠠᠯᠠᠨ ᠬᠠᠮᠠᠭᠠᠯᠠᠬᠤ ᠤᠬᠠᠮᠰᠠᠷ ᠢ ᠨᠡᠮᠡᠭᠳᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠦᠷᠭᠦᠯᠵᠢᠯᠡᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠷᠡᠭᠴᠡᠭᠡ ᠶᠢᠨ ᠲᠣᠭᠤᠷᠢᠨ ᠳᠤ᠂ ᠨᠡᠩ ᠤᠯᠠᠨ ᠬᠡᠯᠪᠡᠷᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠲᠤ ᠨᠡᠩ ᠪᠦᠬᠦ ᠲᠠᠯ᠎ᠠ ᠶᠢᠨ ᠳᠣᠲᠣᠨᠣ ᠦᠢᠯᠡᠴᠢᠯᠡᠭᠡ ᠬᠠᠩᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号