ᠨᠢᠭᠡ᠂ ᠲᠥᠷᠥᠯ ᠵᠦᠢᠯ ᠤᠨ ᠠᠬᠤᠶ ᠪᠠᠶᠢᠳᠠᠯ | 2025 ᠣᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠷᠢᠨ ᠤᠷᠤᠯᠳᠤᠭᠠᠨ ᠤ ︽ | ᠲᠣᠰᠬᠤᠨ ᠤ ᠬᠡᠳᠦ︾ ᠤᠳᠠᠯ ᠥᠬᠡᠢ ᠡᠬᠢᠯᠡᠬᠦ ᠭᠡᠵᠦ ᠪᠣᠢ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠳᠠᠷᠬᠠᠨ ᠮᠤᠤᠮᠢᠩᠭᠠᠨ ᠬᠤᠰᠢᠭᠤᠨ ᠤ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ | ᠢᠯᠡᠷᠡᠭᠦᠯᠵᠦ᠂ ᠮᠣᠷᠢᠨ ᠤᠷᠤᠯᠳᠤᠭᠠᠨ ᠤ ︽ᠲᠣᠰᠬᠤᠨ ᠤ ᠬᠡᠲᠦ︾ ᠶᠢ ︽ᠪᠡᠶ᠎ᠡ ᠶᠢᠨ ᠲᠠᠮᠢᠷ ᠤᠨ ᠤᠷᠤᠯᠳᠤᠭᠠᠨ + | ᠬᠥᠳᠡᠭᠡ ᠲᠣᠰᠬᠤᠨ ᠤ ᠵᠢᠭᠤᠯᠴᠢᠯᠠᠯ + ᠤᠯᠠᠮᠵᠢᠯᠠᠯᠲᠤ ᠰᠣᠶᠣᠯ + ᠪᠥᠬᠦ ᠠᠷᠠᠳ ᠢᠶᠠᠷ ᠢᠶᠠᠨ ᠣᠷᠣᠯᠴᠠᠬᠤ︾ | ᠣᠯᠠᠨ ᠡᠰᠢᠲᠦ ᠠᠭᠤᠰᠤᠯᠴᠠᠨ ᠬᠥᠭᠵᠢᠭᠰᠡᠨ ᠨᠠᠷᠠᠲᠤ ᠲᠡᠮᠳᠡᠭᠲᠦ ᠰᠣᠶᠣᠯ ᠵᠢᠭᠤᠯᠴᠢᠯᠠᠯ ᠤᠨ ᠲᠥᠷᠥᠯ ᠵᠦᠢᠯ ᠪᠣᠯᠭᠠᠨ | ᠪᠥᠲᠥᠭᠡᠨ ᠪᠠᠶᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ᠂ ᠣᠲᠣ ᠨᠡᠶᠢᠭᠡᠮ | ᠨᠡᠶᠢᠲᠡ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠷᠢᠨ ᠤᠷᠤᠯᠳᠤᠭᠠᠨ ᠤ ︽ᠲᠣᠰᠬᠤᠨ ᠤ ᠬᠡᠲᠦ︾ | LOGO᠂ ᠥᠯᠵᠡᠶᠢᠲᠦ ᠡᠳ᠋ ᠢ ᠢᠯᠡ ᠪᠠᠷ ᠡᠯᠰᠡᠵᠦ ᠪᠠᠶᠢᠨ᠎ᠠ᠃ | ᠬᠤᠶᠠᠷ᠂ ᠤᠷᠤᠯᠳᠤᠭᠠᠨ ᠳᠤ ᠣᠷᠣᠯᠴᠠᠬᠤ ᠬᠢᠷᠢ ᠭᠡᠮ | ᠬᠤᠪᠢ ᠬᠥᠮᠦᠨ᠂ ᠠᠵᠤ ᠠᠬᠤᠶᠢᠯᠠᠯ ᠪᠤᠶᠤ ᠪᠦᠯᠬᠦᠮ ᠤᠨ ᠨᠡᠷ᠎ᠡ ᠪᠠᠷ ᠤᠷᠤᠯᠳᠤᠭᠠᠨ ᠳᠤ ᠣᠷᠣᠯᠴᠠᠵᠤ ᠪᠦᠷ | ᠪᠣᠯᠤᠨ᠎ᠠ᠃ | ᠭᠤᠷᠪᠠ᠂ ᠡᠯᠰᠡᠬᠦ ᠤᠷᠤᠯᠳᠤᠭᠠᠨ ᠤ ᠵᠠᠮ | ᠮᠣᠷᠢᠨ ᠤᠷᠤᠯᠳᠤᠭᠠᠨ ᠤ ︽ᠲᠣᠰᠬᠤᠨ ᠤ ᠬᠡᠲᠦ︾ LOGO ᠶᠢᠨ ᠤᠷᠤᠯᠳᠤᠭᠠᠨ ᠤ ᠵᠠᠮ | 1. ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠭᠦᠨ ᠵᠤᠵᠠᠭᠠᠨ ᠰᠣᠶᠣᠯ ᠤᠨ ᠰᠠᠭᠤᠷᠢ ᠪᠠ ᠢᠯᠡ ᠲᠣᠳᠣ ᠰᠣᠶᠣᠯ ᠢᠷᠭᠡᠨᠰᠢᠯ ᠤᠨ ᠣᠨᠴᠠᠯᠢᠭ ᠢ ᠢᠯᠡᠷᠡᠭᠦᠯᠵᠦ᠂ ︽ | ᠳᠠᠷᠬᠠᠨ ᠮᠤᠤᠮᠢᠩᠭᠠᠨ︾ ᠪᠠ ︽ᠮᠣᠷᠢᠨ ᠤᠷᠤᠯᠳᠤᠭᠠᠨ ᠤ ᠲᠣᠰᠬᠤᠨ ᠤ ᠬᠡᠳᠦ︾ ᠵᠡᠷᠭᠡ ᠡᠯᠧᠮᠧᠨ᠋ᠲ ᠢ ᠪᠠᠭᠲᠠᠭᠠᠬᠤ | ᠬᠡᠷᠡᠭᠲᠡᠢ︔ | 2. ᠭᠤᠤᠯ ᠰᠡᠳᠤᠪ ᠲᠤᠪᠤᠶᠢᠮ᠎ᠠ᠂ ᠰᠢᠨ᠎ᠡ ᠰᠡᠪᠡᠭᠦᠨ᠂ ᠵᠢᠷᠤᠭ ᠲᠥᠯᠤᠪᠯᠡᠭᠡ ᠨᠢ ᠳᠥᠭᠦᠮ ᠠᠪᠰᠠᠷ᠂ | ᠥᠩᠭᠡ ᠪᠤᠳᠤᠭ ᠢᠯᠭᠤᠮ ᠤᠷᠤᠰᠤᠮ᠎ᠠ᠂ ᠢᠯᠡ ᠲᠣᠳᠣ ᠴᠠᠭ ᠦᠶ᠎ᠡ ᠶᠢᠨ ᠣᠨᠴᠠᠯᠢᠭ᠂ ᠮᠣᠷᠢᠨ ᠤᠷᠤᠯᠳᠤᠭᠠᠨ ᠤ | ᠣᠨᠴᠠᠯᠢᠭ ᠪᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠨᠴᠠᠯᠢᠭ ᠲᠠᠢ ᠪᠠᠶᠢᠵᠤ᠂ ᠣᠲᠣ ᠦᠶ᠎ᠡ ᠶᠢᠨ | ᠤᠷᠠᠯᠢᠭ ᠭᠤᠸ᠎ᠠ ᠵᠦᠢ ᠶᠢᠨ ᠱᠠᠭᠠᠷᠳᠠᠯᠭ᠎ᠠ ᠳᠤ ᠨᠡᠶᠢᠴᠡᠵᠦ᠂ ᠬᠠᠷᠠᠭᠠᠨ ᠰᠡᠷᠡᠯ ᠤᠨ ᠳᠠᠭᠠᠷᠢᠯᠲᠠ ᠶᠢᠨ ᠬᠦᠴᠦᠨ | ᠴᠢᠩᠭ᠎ᠠ ᠪᠠᠶᠢᠬᠤ ᠬᠡᠷᠡᠭᠲᠡᠢ︔ | 3. ᠥᠩᠭᠡᠲᠦ ᠵᠢᠷᠤᠭ ᠳᠦᠷᠰᠦ ᠪᠠᠷ ᠵᠢᠷᠤᠵᠤ ᠲᠥᠯᠥᠪᠯᠡᠬᠦ ︵ᠵᠠᠷᠴᠢᠮ ᠳᠡᠭᠡᠷ᠎ᠡ ᠪᠠᠨ 4 ᠥᠩᠭᠡ ᠠᠴᠠ | ᠬᠡᠲᠦᠷᠡᠭᠦᠯᠵᠦ ᠪᠣᠯᠬᠤ ᠦᠭᠡᠶ︶ ᠶᠢᠨ ᠬᠠᠮᠲᠤ᠂ ᠠᠳᠠᠯᠢ ᠪᠤᠰᠤ ᠬᠠᠷᠢᠴᠠᠯ ᠤᠨ ᠬᠡᠮᠵᠢᠶ᠎ᠡ ᠪᠠᠷ ᠢᠯᠡᠷᠡᠭᠦᠯᠵᠦ ᠳᠡᠶᠢᠯᠬᠦ | ᠬᠡᠷᠡᠭᠲᠡᠢ᠃ | ᠮᠣᠷᠢᠨ ᠤᠷᠤᠯᠳᠤᠭᠠᠨ ᠤ ︽ᠲᠣᠰᠬᠤᠨ ᠤ ᠬᠡᠳᠦ︾ ᠶᠢᠨ ᠥᠯᠵᠡᠶᠢᠲᠦ ᠡᠳ᠋ ᠤᠨ ᠤᠷᠤᠯᠳᠤᠭᠠᠨ ᠤ ᠵᠠᠮ | 1. ᠳᠦᠷᠰᠦ ᠪᠦᠲᠦᠭᠡᠯᠲᠡ ᠳᠥᠭᠦᠮ ᠠᠪᠰᠠᠷᠬᠠᠨ᠂ ᠥᠩᠭᠡ ᠪᠣᠳᠤᠭ ᠠᠯᠭᠤᠮ ᠤᠷᠤᠰᠤᠮ᠎ᠠ᠂ ᠴᠣᠪᠣᠭᠤᠯᠢᠭ | ᠬᠥᠭᠡᠷᠦᠬᠦᠨ᠂ ᠬᠠᠯᠠᠭᠤᠮᠰᠤᠭ ᠳᠣᠲᠣᠨᠣᠰᠤᠭ᠂ ᠥᠯᠵᠡᠢ ᠪᠠᠶᠠᠰᠬᠤᠯᠠᠩᠲᠤ ᠤᠷᠠᠯᠢᠭ ᠤᠨ ᠷᠢᠳᠢ ᠰᠢᠳᠢ ᠶᠢ | ᠢᠯᠡᠷᠡᠭᠦᠯᠵᠦ᠂ ᠬᠤᠳᠠᠯᠳᠤᠭᠠᠨ ᠤ ᠨᠡᠭᠡᠭᠡᠯᠲᠡ ᠶᠢᠨ ᠦᠨ᠎ᠡ ᠥᠷᠲᠡᠭ ᠢ ᠪᠦᠷᠢᠯᠳᠦᠭᠦᠯᠵᠦ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠮᠣᠷᠢᠨ ᠤᠷᠤᠯᠳᠤᠭᠠᠨ ᠤ ︽ᠲᠣᠰᠬᠤᠨ ᠤ ᠬᠡᠲᠦ︾ ᠶᠢᠨ ᠣᠨᠴᠠ ᠵᠥᠪᠰᠢᠶᠡᠷᠡᠯ ᠤᠨ | ᠦᠢᠯᠡᠳᠬᠦᠨ᠂ ᠰᠣᠶᠣᠯ ᠤᠨ ᠡᠭᠦᠳᠦᠯᠲᠡ ᠶᠢᠨ ᠦᠢᠯᠡᠳᠬᠦᠨ ᠦᠢᠯᠡᠳᠬᠦ᠂ ᠸᠢᠳᠢᠤ᠋ ᠤᠬᠠᠭᠤᠯᠭ᠎ᠠ ᠪᠠ ᠦᠵᠡᠮᠵᠢ ᠶᠢᠨ | ᠪᠠᠶᠢᠭᠤᠯᠤᠯᠲᠠ ᠵᠡᠷᠭᠡ ᠠᠳᠠᠯᠢ ᠪᠤᠰᠤ ᠬᠦᠷᠢᠶᠡᠨ ᠳᠤ ᠥᠷᠭᠡᠨ ᠢᠶᠠᠷ ᠬᠡᠷᠡᠭᠯᠡᠬᠦ ᠳᠤ ᠲᠣᠬᠢᠷᠠᠬᠤ ᠬᠡᠷᠡᠭᠲᠡᠢ᠃ | 2. ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠤᠨ ᠣᠨᠴᠠᠯᠢᠭ ᠪᠠ ᠭᠠᠵᠠᠷ ᠣᠷᠣᠨ ᠤ | ᠰᠣᠶᠣᠯ ᠤᠨ ᠣᠨᠴᠠᠯᠢᠭ ᠢ ᠢᠯᠡᠷᠡᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ᠳᠡᠯᠡᠬᠡᠶ ᠶᠢᠨ ᠡᠯ᠎ᠡ ᠭᠠᠵᠠᠷ ᠤᠨ | ᠵᠢᠭᠤᠯᠴᠢᠯᠠᠭᠴᠢᠳ ᠢ ᠬᠠᠯᠠᠭᠤᠨ ᠢᠶᠠᠷ ᠤᠭᠲᠤᠬᠤ ᠰᠡᠳᠬᠢᠯᠭᠡ ᠵᠢᠴᠢ ᠮᠣᠷᠢᠨ ᠤᠷᠤᠯᠳᠤᠭᠠᠨ ︽ᠲᠣᠰᠬᠤᠨ ᠤ ᠬᠡᠳᠦ︾ | ᠲᠥᠷᠥᠯ ᠵᠦᠢᠯ ᠳᠠᠬᠢ ᠰᠠᠶᠢᠨ ᠰᠠᠶᠢᠬᠠᠨ ᠬᠦᠰᠡᠯ ᠵᠥᠩᠨᠡᠯ ᠢ ᠭᠦᠢᠴᠡᠳ ᠢᠯᠡᠳᠬᠡᠬᠦ ᠬᠡᠷᠡᠭᠲᠡᠢ︔ | 3. ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠷᠢᠨ ᠤᠷᠤᠯᠳᠤᠭᠠᠨ ᠤ ︽ᠲᠣᠰᠬᠤᠨ ᠤ ᠬᠡᠳᠦ︾ | ᠣᠨᠴᠠᠯᠢᠭ ᠢ ᠦᠨᠳᠦᠰᠦᠯᠡᠨ ᠵᠣᠬᠢᠶᠠᠨ ᠪᠦᠲᠦᠭᠡᠬᠦ ᠣᠶᠢᠯᠠᠭᠠᠭᠳᠠᠬᠤᠨ ᠯᠤᠭ᠎ᠠ ᠤᠶᠠᠯᠳᠤᠭᠤᠯᠵᠤ ᠥᠯᠵᠡᠶᠢᠲᠦ ᠡᠳ᠋ ᠢ | ᠨᠡᠷᠡᠶᠢᠳᠬᠦ ᠬᠡᠷᠡᠭᠲᠡᠢ᠃ | ᠳᠥᠷᠪᠡ᠂ ᠲᠤᠰᠢᠶᠠᠬᠤ ᠠᠷᠭ᠎ᠠ ᠮᠠᠶ᠋ᠢᠭ | 1. ᠬᠤᠪᠢ ᠬᠥᠮᠦᠨ᠂ ᠠᠵᠤ ᠠᠬᠤᠶᠢᠯᠠᠯ ᠤᠨ ᠨᠡᠷ᠎ᠡ ᠪᠤᠶᠤ ᠪᠦᠯᠬᠦᠮ ᠤᠨ ᠨᠡᠷ᠎ᠡ ᠪᠠᠷ ᠴᠥᠮ ᠪᠦᠲᠦᠭᠡᠯ ᠢᠶᠠᠨ | ᠲᠤᠰᠢᠶᠠᠵᠤ ᠪᠣᠯᠣᠨ᠎ᠠ᠂ ᠠᠵᠤ ᠠᠬᠤᠶᠢᠯᠠᠯ ᠵᠢᠴᠢ ᠪᠦᠯᠬᠦᠮ ᠤᠨ ᠨᠡᠷ᠎ᠡ ᠪᠠᠷ ᠪᠦᠲᠦᠭᠡᠯ ᠢᠶᠠᠨ ᠲᠤᠰᠢᠶᠠᠬᠤ ᠳᠤ | ᠡᠷᠬᠡᠪᠰᠢ ᠬᠠᠮᠢᠶ᠎ᠠ ᠪᠥᠬᠦᠶ ᠬᠢᠷᠢ ᠬᠡᠮ ᠤᠨ ᠭᠡᠷᠡᠴᠢ ᠶᠢ ᠲᠤᠰᠢᠶᠠᠬᠤ ᠬᠡᠷᠡᠭᠲᠡᠶ︔ | 2. ᠨᠡᠷ᠎ᠡ ᠮᠡᠳᠡᠭᠦᠯᠬᠦ ᠬᠦᠰᠦᠨᠦᠭᠲᠦ ᠲᠠᠭᠯᠠᠨ ᠪᠢᠴᠢᠵᠦ ︵ᠨᠡᠷ᠎ᠡ ᠮᠡᠳᠡᠭᠦᠯᠬᠦ ᠬᠦᠰᠦᠨᠦᠭᠲᠦ ᠶᠢ | ᠬᠡᠷᠡᠭᠯᠡᠭᠴᠢᠳ ᠤᠨ ᠦᠢᠯᠡᠴᠢᠯᠡᠭᠡᠨ ᠤ ᠸᠢᠴᠠᠲ ᠢ ᠨᠡᠮᠡᠵᠦ ᠠᠪᠤᠭᠠᠳ ᠪᠠᠭᠤᠯᠭᠠᠭᠠᠷᠠᠢ︶᠂ ᠵᠣᠬᠢᠶᠠᠭᠴᠢ ᠶᠢᠨ ᠣᠪᠣᠭ | ᠨᠡᠷ᠎ᠡ ︵ᠡᠰᠡᠬᠦᠯ᠎ᠡ ᠠᠵᠤ ᠠᠬᠤᠶᠢᠯᠠᠯ᠂ ᠪᠦᠯᠬᠦᠮ ᠤᠨ ᠨᠡᠷᠡᠶᠢᠳᠦᠯ︶᠂ ᠴᠢᠮᠡᠭᠡ ᠬᠤᠯᠪᠣᠭᠠᠨ ᠤ ᠬᠠᠶ᠋ᠢᠭ᠂ | ᠬᠠᠷᠢᠯᠴᠠᠬᠤ ᠤᠲᠠᠰᠤ᠂ ᠢᠮᠧᠯ ᠵᠡᠷᠭᠡ ᠮᠡᠳᠡᠭᠡ ᠵᠠᠩᠭᠢ ᠪᠠᠨᠬᠠᠩᠭᠠᠬᠤ ᠬᠡᠷᠡᠭᠲᠡᠢ︔ | 3. ᠤᠷᠤᠯᠳᠤᠭᠠᠨ ᠳᠤ ᠣᠷᠣᠯᠴᠠᠭᠰᠠᠨ ᠪᠦᠲᠦᠭᠡᠯ ᠨᠢ ᠡᠷᠬᠡᠪᠰᠢ ᠤᠷᠤᠯᠳᠤᠭᠠᠨ ᠳᠤ ᠣᠷᠣᠯᠴᠠᠭᠰᠠᠳ ᠠᠴᠠ | ᠲᠤᠰ ᠲᠥᠰᠦᠯ ᠤᠨ ᠱᠠᠭᠠᠷᠳᠠᠯᠭ᠎ᠠ ᠶᠣᠰᠣᠭᠠᠷ ᠪᠡᠶ᠎ᠡ ᠪᠠᠨ ᠳᠠᠭᠠᠭᠠᠵᠤ ᠵᠣᠬᠢᠶᠠᠨ ᠪᠦᠲᠦᠭᠡᠵᠦ ᠪᠡᠶᠡᠯᠡᠭᠦᠯᠦᠭᠰᠡᠨ | ᠪᠠᠶᠢᠬᠤ ᠬᠡᠷᠡᠭᠲᠡᠢ᠂ ᠡᠭᠦᠨ ᠠᠴᠠ ᠡᠮᠦᠨ᠎ᠡ ᠶᠠᠮᠠᠷᠪᠠ ᠬᠡᠯᠪᠡᠷᠢ ᠪᠠᠷ ᠢᠯᠡ ᠪᠠᠷ ᠨᠡᠶᠢᠲᠡᠯᠡᠭᠰᠡᠨ ᠥᠬᠡᠶ ᠪᠤᠶᠤ ᠳᠡᠯᠭᠡᠨ | ᠦᠵᠡᠭᠦᠯᠦᠭᠰᠡᠨ ᠥᠬᠡᠶ ᠪᠠᠶᠢᠵᠤ᠂ ᠪᠤᠰᠤᠳ ᠤᠨ ᠪᠦᠲᠦᠭᠡᠯ ᠢ ᠬᠠᠭᠤᠯᠵᠤ᠂ ᠳᠠᠭᠤᠷᠢᠶᠠᠵᠤ᠂ ᠡᠷᠬᠡ ᠳᠤ ᠬᠠᠯᠳᠠᠵᠤ | ᠪᠣᠯᠬᠤ ᠦᠭᠡᠢ᠂ ᠬᠡᠷᠪᠡ ᠪᠤᠰᠤᠳ ᠤᠨ ᠵᠣᠬᠢᠶᠠᠯ ᠪᠦᠲᠦᠭᠡᠯ ᠤᠨ ᠡᠷᠬᠡ ᠵᠢᠴᠢ ᠪᠤᠰᠤᠳ ᠬᠠᠤᠯᠢ ᠶᠣᠰᠣᠨ ᠤ ᠡᠷᠬᠡ | ᠠᠰᠢᠭ ᠢ ᠬᠤᠬᠢᠷᠠᠭᠤᠯᠤᠭᠰᠠᠨ ᠪᠠᠶᠢᠪᠠᠯ᠂ ᠤᠷᠤᠯᠳᠤᠭᠠᠨ ᠳᠤ ᠣᠷᠣᠯᠴᠠᠭᠰᠠᠨ ᠬᠠᠮᠢᠶ᠎ᠠ ᠪᠥᠬᠦᠶ ᠪᠦᠲᠦᠭᠡᠯ ᠢ | ᠲᠤᠰᠢᠶᠠᠭᠴᠢ ᠠᠴᠠ ᠡᠷᠬᠡᠪᠰᠢ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠ ᠲᠥᠯᠥᠬᠦ ᠬᠠᠷᠢᠭᠤᠴᠠᠯᠭ᠎ᠠ ᠶᠢ | ᠥᠪᠡᠰᠦᠪᠡᠨ ᠡᠭᠦᠷᠭᠡᠯᠡᠬᠦ ᠬᠡᠷᠡᠭᠲᠡᠶ᠃ ᠬᠡᠷᠪᠡ ᠡᠭᠦᠨ ᠠᠴᠠ ᠪᠣᠯᠵᠤ ᠥᠪᠥᠷ ᠮᠣᠩᠭᠤᠯ ᠤᠨ ᠲᠦᠩ ᠳ᠋ᠡ ᠭᠦᠩ ᠮᠤᠤ | ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠤᠶᠤ ᠬᠠᠮᠢᠶ᠎ᠠ ᠪᠦᠬᠦᠢ ᠭᠤᠣᠯ ᠴᠣᠭᠴᠠ ᠳᠤ | ᠬᠤᠬᠢᠷᠠᠯ ᠤᠴᠠᠷᠠᠭᠤᠯᠤᠭᠰᠠᠨ ᠪᠣᠯ᠂ ᠤᠷᠤᠯᠳᠤᠭᠠᠨ ᠳᠤ ᠣᠷᠣᠯᠴᠠᠭᠰᠠᠨ ᠬᠠᠮᠢᠶ᠎ᠠ ᠪᠦᠬᠦᠢ ᠪᠦᠲᠦᠭᠡᠯ ᠢ ᠲᠤᠰᠢᠶᠠᠭᠴᠢ | ᠠᠴᠠ ᠡᠷᠬᠡᠪᠰᠢ ᠠᠵᠤ ᠠᠬᠤᠢ ᠶᠢᠨ ᠬᠤᠬᠢᠷᠠᠯ ᠢ ᠪᠦᠬᠦ ᠲᠤᠭ᠎ᠠ ᠪᠠᠷ ᠲᠥᠯᠥᠬᠦ ᠬᠡᠷᠡᠭᠲᠡᠢ᠃ | ᠲᠠᠪᠤ᠂ ᠤᠷᠤᠯᠳᠤᠭᠠᠨ ᠤ ᠶᠠᠪᠤᠴᠠ ᠶᠢᠨ ᠲᠣᠬᠢᠷᠠᠭᠤᠯᠤᠯᠲᠠ | ᠡᠯᠰᠡᠯᠲᠡ ᠳᠠᠭᠤᠰᠬᠤ ᠴᠠᠭ᠄ 2025 ᠣᠨ ᠤ 4 ᠳ᠋ᠦ᠋ᠭᠡᠷ ᠰᠠᠷ᠎ᠠ ᠶᠢᠨ 20 ᠤ ᠡᠳᠦᠷ᠃ | ᠲᠣᠳᠣᠷᠬᠠᠶᠢᠯᠠᠬᠤ ᠨᠢ᠄ ᠰᠢᠦᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠬᠦᠷᠭᠡᠭᠰᠡᠨ ᠤᠷᠤᠯᠳᠤᠭᠠᠨ ᠳᠤ | ᠣᠷᠣᠯᠴᠠᠭᠰᠠᠨ ᠪᠦᠲᠦᠭᠡᠯ ᠢ᠂ ᠲᠤᠰᠢᠶᠠᠨ ᠢᠯᠡᠭᠡᠬᠦ ᠦᠶ᠎ᠡ ᠶᠢᠨ ᠰᠢᠦᠳᠠᠨ ᠤ ᠲᠠᠮᠠᠭ᠎ᠠ ᠶᠢᠨ ᠡᠳᠦᠷ ᠬᠤᠭᠤᠴᠠᠭ᠎ᠠ ᠪᠠᠷ | ᠪᠠᠷᠢᠮᠵᠢᠶ᠎ᠠ ᠪᠣᠯᠭᠠᠨ᠎ᠠ᠃ | ᠱᠠᠩᠨᠠᠯ ᠣᠯᠤᠭᠰᠠᠨ ᠦᠷ᠎ᠡ ᠳ᠋ᠦᠩ ᠢ ᠢᠯᠡ ᠨᠡᠢᠲᠡᠯᠡᠬᠦ᠄ ᠤᠷᠤᠯᠳᠤᠭᠠᠨ ᠳᠠᠭᠤᠰᠤᠭᠰᠠᠨ ᠤ ᠳᠠᠷᠠᠭ᠎ᠠ 7 | ᠠᠵᠢᠯᠯᠠᠬᠤ ᠡᠳᠦᠷ ᠤᠨ ᠳᠣᠲᠣᠷ᠎ᠠ ᠱᠠᠩᠨᠠᠯ ᠤᠨ ᠵᠦᠢᠯ ᠢ ᠨᠡᠶᠢᠲᠡᠯᠡᠨ᠎ᠡ᠃ | ᠵᠢᠷᠭᠤᠭ᠎ᠠ᠂ ᠰᠢᠯᠭᠠᠷᠠᠭᠤᠯᠬᠤ ᠠᠷᠭ᠎ᠠ | 1. ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠷᠢᠨ ᠤᠷᠤᠯᠳᠤᠭᠠᠨ ᠤ ︽ᠲᠣᠰᠬᠤᠨ ᠤ ᠬᠡᠲᠦ︾ | ᠶᠢᠨ ᠤᠬᠠᠭᠤᠯᠬᠤ ᠠᠵᠢᠯᠯᠠᠭ᠎ᠠ ᠶᠢᠨ ᠬᠡᠯᠲᠡᠰ ᠠᠴᠠ ᠲᠤᠰᠬᠠᠶ ᠮᠡᠷᠭᠡᠵᠢᠯᠲᠡᠨ ᠪᠠ ᠨᠠᠷᠠᠲᠤ ᠬᠥᠮᠦᠰ ᠢ ᠤᠷᠢᠵᠤ ᠬᠢᠨᠠᠨ | ᠲᠣᠭᠲᠠᠭᠠᠬᠤ ᠺᠣᠮᠢᠰ ᠢ ᠪᠦᠷᠢᠯᠳᠦᠭᠦᠯᠵᠦ ᠪᠠᠶᠢᠭᠠᠳ ᠤᠷᠤᠯᠳᠤᠭᠠᠨ ᠳᠤ ᠣᠷᠣᠯᠴᠠᠭᠰᠠᠨ ᠪᠦᠲᠦᠭᠡᠯ ᠢ ᠲᠥᠷᠥᠯ | ᠬᠤᠪᠢᠶᠠᠨ ᠨᠡᠷ᠎ᠡ ᠪᠤᠷᠤᠭᠤᠯᠠᠨ ᠰᠢᠯᠭᠠᠷᠠᠭᠤᠯᠤᠨ᠎ᠠ᠃ | 2. ᠰᠣᠩᠭᠤᠭᠳᠠᠭᠰᠠᠨ ᠪᠦᠲᠦᠭᠡᠯ ᠢ ᠵᠠᠷᠯᠠᠨ ᠨᠡᠶᠢᠲᠡᠯᠡᠵᠦ᠂ ᠪᠠᠭᠠᠲᠤᠷᠯᠢᠭ ᠳᠠᠷᠬᠠᠨ ᠮᠤᠤᠮᠢᠩᠭᠠᠨ ᠣᠯᠠᠨ | ᠨᠡᠶᠢᠲᠡ ᠶᠢᠨ ᠸᠢᠴᠠᠲ ᠠᠯᠪᠠᠨ ᠲᠠᠪᠴᠠᠩ᠂ ᠲᠦᠩ ᠳ᠋ᠡ ᠭᠦᠩ ᠮᠤᠤ ᠰᠣᠶᠣᠯ ᠵᠢᠭᠤᠯᠴᠢᠯᠠᠯ ᠣᠯᠠᠨ ᠨᠡᠶᠢᠲᠡ ᠶᠢᠨ | ᠸᠢᠴᠠᠲ ᠠᠯᠪᠠᠨ ᠲᠠᠪᠴᠠᠩ ᠵᠡᠷᠭᠡ ᠵᠠᠭᠤᠴᠢᠯᠠᠭᠤᠷ ᠢᠶᠠᠷ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ | 5 ᠠᠵᠢᠯᠯᠠᠬᠤ ᠡᠳᠦᠷ ᠪᠣᠯᠤᠨ᠎ᠠ︔ | 3. ᠡᠴᠦᠰ ᠤᠨ ᠦᠷ᠎ᠡ ᠳ᠋ᠦᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠪᠣᠭᠤᠲᠤ | ᠬᠤᠲᠠ ᠶᠢᠨ ᠭᠤᠣᠯ ᠪᠣᠯᠬᠤ ᠵᠠᠭᠤᠴᠢᠯᠠᠭᠤᠷ ᠲᠤ ᠨᠡᠶᠢᠲᠡᠯᠡᠵᠦ᠂ ᠱᠠᠩᠨᠠᠯ ᠣᠯᠣᠭᠰᠠᠨ ᠪᠦᠲᠦᠭᠡᠯ ᠢ ᠲᠤᠰᠬᠠᠢ | ᠬᠥᠮᠥᠨ ᠠᠴᠠ ᠱᠠᠩᠨᠠᠯ ᠣᠯᠣᠭᠰᠠᠳ ᠲᠤ ᠮᠡᠳᠡᠭᠳᠡᠬᠦ ᠶᠢᠨ ᠬᠠᠮᠲᠤ ᠬᠠᠮᠢᠶ᠎ᠠ ᠪᠦᠬᠦᠢ ᠳᠠᠩᠰᠠᠯᠠᠯᠲᠠ ᠬᠢᠨ᠎ᠡ᠃ | ᠳᠣᠯᠤᠭ᠎ᠠ᠂ ᠱᠠᠩᠨᠠᠯ ᠤᠨ ᠵᠦᠢᠯ ᠤᠨ ᠲᠣᠬᠢᠷᠠᠭᠤᠯᠤᠯᠲᠠ | ᠲᠣᠰ ᠤᠳᠠᠭᠠᠨ ᠤ ᠤᠷᠤᠯᠳᠤᠭᠠᠨ ᠳᠤ᠂ LOGO ᠪᠠ ᠥᠯᠵᠡᠶᠢᠲᠦ ᠡᠳ᠋ ᠲᠤ ᠲᠣᠰ ᠪᠦᠷᠢ ᠣᠨᠴᠠ | ᠰᠠᠶᠢᠨ ᠳᠡᠰ ᠤᠨ ᠱᠠᠩᠨᠠᠯ᠂ ᠰᠢᠯᠢᠳᠡᠭ ᠳᠡᠰ ᠤᠨ ᠱᠠᠩᠨᠠᠯ ᠲᠣᠬᠢᠷᠠᠭᠤᠯᠪᠠ | LOGO ᠶᠢᠨ ᠤᠷᠤᠯᠳᠤᠭᠠᠨ ᠤ ᠵᠠᠮ ᠤᠨ ᠣᠨᠴᠠ ᠰᠠᠶᠢᠨ ᠳᠡᠰ ᠤᠨ ᠱᠠᠩᠨᠠᠯ 1 ᠨᠡᠷ᠎ᠡ ᠱᠠᠩᠨᠠᠯ ᠤᠨ | ᠮᠥᠩᠭᠦ 1000 ᠲᠥᠭᠦᠷᠢᠭ + ᠢᠷᠠᠭᠤ ᠠᠯᠳᠠᠷ ᠤᠨ ᠦᠨᠡᠮᠯᠡᠯ᠂ ᠰᠢᠯᠢᠳᠡᠭ ᠳᠡᠰ ᠤᠨ ᠱᠠᠩᠨᠠᠯ 3 ᠨᠡᠷᠡᠰ 300 | ᠲᠥᠭᠦᠷᠢᠭ ᠤᠨ ᠥᠷᠲᠡᠭ ᠪᠦᠬᠦᠢ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢᠨ ᠮᠢᠬᠠᠨ ᠤ ᠪᠡᠯᠡᠭ ᠤᠨ | ᠺᠠᠷᠲ + ᠢᠷᠠᠭᠤ ᠠᠯᠳᠠᠷ ᠤᠨ ᠦᠨᠡᠮᠯᠡᠯ | ᠥᠯᠵᠡᠶᠢᠲᠦ ᠡᠳ᠋ ᠤᠨ ᠤᠷᠤᠯᠳᠤᠭᠠᠨ ᠤ ᠵᠠᠮ ᠤᠨ ᠣᠨᠴᠠ ᠰᠠᠶᠢᠨ ᠳᠡᠰ ᠤᠨ ᠱᠠᠩᠨᠠᠯ 1 ᠨᠡᠷ᠎ᠡ ᠱᠠᠩᠨᠠᠯ ᠤᠨ | ᠮᠥᠩᠭᠦ 2000 ᠲᠥᠭᠦᠷᠢᠭ + ᠢᠷᠠᠭᠤ ᠠᠯᠳᠠᠷ ᠤᠨ ᠦᠨᠡᠮᠯᠡᠯ᠂ ᠰᠢᠯᠢᠳᠡᠭ ᠳᠡᠰ ᠤᠨ ᠱᠠᠩᠨᠠᠯ 3 ᠨᠡᠷᠡᠰ 500 | ᠲᠥᠭᠦᠷᠢᠭ ᠤᠨ ᠥᠷᠲᠡᠭ ᠪᠦᠬᠦᠢ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢᠨ ᠮᠢᠬᠠᠨ ᠤ ᠪᠡᠯᠡᠭ ᠤᠨ | ᠺᠠᠷᠲ + ᠢᠷᠠᠭᠤ ᠠᠯᠳᠠᠷ ᠤᠨ ᠦᠨᠡᠮᠯᠡᠯ | ᠲᠣᠰ ᠤᠳᠠᠭᠠᠨ ᠤ ᠤᠷᠤᠯᠳᠤᠭᠠᠨ ᠤ ᠱᠠᠩᠨᠠᠯ ᠤᠨ ᠮᠥᠩᠭᠦ ︵ᠭᠠᠶᠢᠯᠢ ᠶᠢ ᠪᠠᠭᠲᠠᠭᠠᠨ᠎ᠠ︶ ᠶᠢ ᠥᠪᠥᠷ | ᠮᠣᠩᠭᠤᠯ ᠤᠨ ᠲᠦᠩ ᠳ᠋ᠡ ᠭᠦᠩ ᠮᠤᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠠᠴᠠ | ᠣᠷᠣᠯᠠᠨ ᠲᠠᠷᠬᠠᠭᠠᠨ᠎ᠠ᠃ ᠶᠡᠭᠡ ᠤᠷᠤᠯᠳᠤᠭᠠᠨ ᠢ ᠭᠦᠢᠴᠡᠳᠬᠡᠬᠦ ᠨᠢᠭᠡᠴᠢ ᠵᠢᠴᠢ ᠲᠡᠭᠦᠨ ᠤ ᠬᠠᠮᠢᠶ᠎ᠠ ᠪᠦᠬᠦᠢ ᠨᠢᠭᠡᠴᠢ | ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠰᠠᠭᠤᠷᠢᠯᠠᠨ ᠬᠤᠪᠢ | ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠣᠷᠣᠯᠠᠨ ᠰᠠᠭᠤᠯᠭᠠᠨ ᠠᠪᠴᠤ ᠣᠷᠣᠯᠠᠨ ᠲᠤᠰᠢᠶᠠᠬᠤ ᠡᠭᠦᠷᠭᠡ ᠶᠢ | ᠭᠦᠢᠴᠡᠳᠬᠡᠵᠦ᠂ ᠱᠠᠩᠨᠠᠯ ᠬᠦᠷᠲᠡᠭᠴᠢ ᠳᠤ ᠭᠠᠶᠢᠯᠢ ᠲᠤᠰᠢᠶᠠᠭᠰᠠᠨ ᠤ ᠳᠠᠷᠠᠭᠠᠬᠢ ᠵᠣᠭᠤᠰ ᠤᠨ ᠲᠤᠭ᠎ᠠ ᠪᠠᠷ | ᠥᠭᠭᠦᠨ᠎ᠡ᠃ ᠤᠷᠤᠯᠳᠤᠭᠠᠨ ᠤ ᠦᠷ᠎ᠡ ᠳ᠋ᠦᠩ ᠢ ᠢᠯᠡ ᠨᠡᠶᠢᠲᠡᠯᠡᠬᠦ ᠬᠤᠭᠤᠴᠠᠭ᠎ᠠ ᠨᠢ 15 ᠡᠳᠦᠷ᠂ ᠬᠡᠷᠪᠡ | ᠮᠠᠷᠭᠤᠯᠳᠤᠭᠠᠨ ᠥᠬᠡᠶ ᠪᠣᠯ᠂ ᠳᠠᠭᠠᠭᠠᠴᠠᠯᠠᠨ ᠡᠷᠬᠢᠯᠡᠭᠰᠡᠨ ᠲᠠᠯ᠎ᠠ ᠵᠢᠴᠢ ᠬᠠᠮᠢᠶ᠎ᠠ ᠪᠥᠬᠦᠶ ᠨᠢᠭᠡᠴᠢ ᠨᠦᠭᠦᠳ 60 | ᠡᠳᠦᠷ ᠤᠨ ᠳᠣᠲᠣᠷ᠎ᠠ ᠱᠠᠩᠨᠠᠯ ᠤᠨ ᠮᠥᠩᠭᠦ ᠶᠢ ᠥᠭᠴᠦ᠂ ᠪᠠᠩᠬᠢ ᠳᠤ ᠲᠠᠩᠰᠠ ᠰᠢᠯᠵᠢᠭᠦᠯᠬᠦ ᠠᠷᠭ᠎ᠠ ᠮᠠᠶ᠋ᠢᠭ ᠢᠶᠠᠷ | ᠥᠭᠬᠦ ᠪᠣᠯᠤᠨ᠎ᠠ᠃ | ᠨᠠᠢᠮᠠ᠂ ᠵᠣᠬᠢᠶᠠᠨ ᠪᠠᠶᠢᠭᠤᠯᠤᠭᠰᠠᠨ ᠪᠠᠶᠢᠭᠤᠯᠤᠮᠵᠢ | ᠭᠤᠣᠯᠯᠠᠨ ᠡᠷᠬᠢᠯᠡᠭᠰᠡᠨ ᠨᠢᠭᠡᠴᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠳᠠᠭᠠᠭᠠᠨ ᠡᠷᠬᠢᠯᠡᠭᠰᠡᠨ ᠨᠢᠭᠡᠴᠢ᠄ ᠥᠪᠥᠷ ᠮᠣᠩᠭᠤᠯ ᠤᠨ ᠲᠦᠩ ᠳ᠋ᠡ ᠭᠦᠩ ᠮᠤᠤ ᠰᠣᠶᠣᠯ | ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ | ᠭᠦᠢᠴᠡᠳᠭᠡᠬᠦ ᠨᠢᠭᠡᠴᠢ᠄ ᠥᠪᠥᠷ ᠮᠣᠩᠭᠤᠯ ᠤᠨ ᠠᠶ ᠷᠦᠩ ᠰᠣᠶᠣᠯ ᠵᠠᠭᠤᠴᠢᠯᠠᠭᠤᠷ ᠤᠨ ᠬᠢᠵᠠᠭᠠᠷᠲᠤ | ᠺᠣᠮᠫᠠᠨᠢ ᠥᠪᠥᠷ ᠮᠣᠩᠭᠤᠯ ᠤᠨ ᠤᠯᠠᠭᠠᠨ ᠮᠣᠷᠢᠲᠤ ᠴᠡᠷᠢᠭ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ | ᠥᠪᠥᠷ ᠮᠣᠩᠭᠤᠯ ᠤᠨ ᠲᠦᠩ ᠳ᠋ᠡ ᠬᠦᠩ ᠮᠤᠤ ᠵᠢᠭᠤᠯᠴᠢᠯᠠᠯ ᠤᠨ ᠬᠤᠷᠢᠶ᠎ᠠ ᠶᠢᠨ ᠬᠢᠵᠠᠭᠠᠷᠲᠤ ᠺᠣᠮᠫᠠᠨᠢ | ᠶᠢᠰᠦ᠂ ᠪᠦᠲᠦᠭᠡᠯ ᠤᠨ ᠡᠷᠬᠡ ᠶᠢᠨ ᠬᠠᠷᠢᠶ᠎ᠠ | 1. ᠱᠠᠩᠨᠠᠯ ᠣᠯᠤᠭᠰᠠᠨ ᠪᠣᠶ ᠪᠥᠬᠦᠶ ᠪᠦᠲᠦᠭᠡᠯ ᠢ᠂ ᠵᠣᠬᠢᠶᠠᠯ ᠪᠦᠲᠦᠭᠡᠯ ᠤᠨ ᠡᠷᠬᠡ ᠨᠢ ᠨᠢᠭᠡᠨᠲᠡ ᠥᠪᠥᠷ | ᠮᠣᠩᠭᠤᠯ ᠤᠨ ᠲᠦᠩ ᠳ᠋ᠡ ᠮᠤᠤ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ︵ᠪᠤᠶᠤ | ᠲᠡᠭᠦᠨ ᠤ ᠬᠠᠷᠢᠶ᠎ᠠ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠨᠢᠭᠡᠴᠢ ᠳᠤ᠂ ᠳᠣᠷᠣᠭᠰᠢ ᠠᠳᠠᠯᠢ︶ ᠳᠤ ᠭᠠᠭᠴᠠᠭᠠᠷ | ᠥᠮᠴᠢᠯᠡᠭᠳᠡᠭᠰᠡᠨ ᠢᠶᠠᠷ ᠦᠵᠡᠵᠦ᠂ ᠱᠠᠩᠨᠠᠯ ᠤᠨ ᠮᠥᠩᠭᠦ ᠶᠢ ᠵᠣᠬᠢᠶᠠᠭᠴᠢ ᠠᠴᠠ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ︵ᠠᠴᠢᠶᠠᠯᠠᠭᠴᠢ ᠪᠠᠭᠲᠠᠨ᠎ᠠ︶ ᠶᠢ ᠨᠢᠭᠡ ᠯᠡ ᠤᠳᠠᠭ᠎ᠠ ᠳᠤ ᠲᠣᠭᠠᠴᠠᠭᠠᠯᠠᠵᠤ ᠬᠤᠳᠠᠯᠳᠤᠨ | ᠠᠪᠬᠤ ᠶᠢ ᠵᠥᠪᠰᠢᠶᠡᠷᠡᠭᠰᠡᠨ ᠬᠠᠷᠠᠮᠵᠢ ᠮᠥᠩᠭᠦ ᠪᠠᠷ ᠦᠵᠡᠵᠦ᠂ ᠥᠪᠥᠷ ᠮᠣᠩᠭᠤᠯ ᠤᠨ ᠲᠦᠩ ᠳ᠋ᠡ ᠬᠦᠩ ᠮᠤᠤ | ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠥᠨᠢ ᠡᠭᠦᠷᠢᠳᠡ ᠦᠨ᠎ᠡ ᠲᠥᠯᠥᠪᠦᠷᠢ ᠥᠬᠡᠶ ᠪᠠᠷ | ᠬᠡᠷᠡᠭᠯᠡᠬᠦ ᠪᠤᠶᠤ ᠭᠤᠷᠪᠠᠳᠠᠬᠢ ᠡᠲᠡᠭᠡᠳ ᠬᠡᠷᠡᠭᠯᠡᠬᠦ ᠶᠢ ᠵᠥᠪᠰᠢᠶᠡᠷᠡᠬᠦ ᠡᠷᠬᠡ ᠲᠠᠢ︔ ᠵᠣᠬᠢᠶᠠᠭᠴᠢ ᠶᠠᠮᠠᠷᠪᠠ | ᠪᠠᠶᠢᠳᠠᠯ ᠤᠨ ᠳᠣᠤᠷ᠎ᠠ ᠰᠤᠩᠭᠤᠭᠳᠠᠭᠰᠠᠨ ᠪᠦᠲᠦᠭᠡᠯ ᠢ ᠥᠪᠡᠰᠦᠪᠡᠨ ᠪᠤᠶᠤ ᠶᠠᠮᠠᠷᠪᠠ ᠵᠣᠬᠢᠶᠠᠨ ᠪᠠᠶᠢᠭᠤᠯᠤᠯᠲᠠ ᠪᠠ | ᠬᠤᠪᠢ ᠬᠥᠮᠦᠨ ᠳᠤ ᠡᠷᠬᠡ ᠣᠯᠭᠤᠵᠤ ᠨᠡᠶᠢᠲᠡᠯᠡᠵᠦ᠂ ᠬᠡᠷᠡᠭᠯᠡᠵᠦ ᠪᠣᠯᠬᠤ ᠦᠭᠡᠢ᠂ ᠭᠤᠤᠯᠯᠠᠨ ᠡᠷᠭᠢᠯᠡᠭᠰᠡᠨ ᠲᠠᠯ᠎ᠠ | ᠵᠢᠴᠢ ᠳᠠᠭᠠᠭᠠᠨ ᠡᠷᠭᠢᠯᠡᠭᠰᠡᠨ ᠨᠢᠭᠡᠴᠢ ᠨᠡᠷ᠎ᠡ ᠪᠢᠴᠢᠬᠦ ᠨᠥᠬᠦᠴᠡᠯ ᠳᠣᠤᠷ᠎ᠠ ᠵᠣᠬᠢᠶᠠᠭᠴᠢ ᠶᠢᠨ ᠨᠡᠷ᠎ᠡ ᠪᠢᠴᠢᠬᠦ ᠡᠷᠬᠡ | ᠡᠳ᠋ᠯᠡᠬᠦ ᠶᠢ ᠬᠠᠤᠯᠢ ᠶᠣᠰᠣᠭᠠᠷ ᠪᠠᠲᠤᠯᠠᠨ᠎ᠠ︔ | 2. ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠷᠢᠨ ᠤᠷᠤᠯᠳᠤᠭᠠᠨ ᠤ ︽ᠲᠣᠰᠬᠤᠨ ᠤ ᠬᠡᠲᠦ︾ | ᠶᠢ ᠤᠬᠠᠭᠤᠯᠬᠤ ᠠᠵᠢᠯᠯᠠᠭ᠎ᠠ ᠶᠢᠨ ᠬᠡᠯᠲᠡᠰ ᠲᠤ ᠵᠠᠰᠠᠪᠤᠷᠢ ᠣᠷᠣᠭᠤᠯᠬᠤ ᠪᠠ ᠬᠡᠷᠡᠭᠯᠡᠬᠦ ᠶᠢ ᠲᠣᠭᠲᠠᠭᠠᠬᠤ ᠡᠷᠬᠡ ᠲᠠᠢ᠃ | | 3. ᠱᠠᠩᠨᠠᠯ ᠤᠨ ᠮᠥᠩᠭᠦ ᠶᠢᠨ ᠪᠥᠬᠦ ᠵᠣᠭᠤᠰ ᠤᠨ ᠲᠤᠭ᠎ᠠ ᠨᠢ ᠴᠥᠮ ᠭᠠᠶᠢᠯᠢ ᠲᠤᠰᠢᠶᠠᠬᠤ ᠠᠴᠠ ᠡᠮᠦᠨ᠎ᠡ | ᠪᠠᠶᠢᠵᠤ᠂ ᠳᠠᠭᠠᠭᠠᠨᠡᠷᠬᠢᠯᠡᠭᠰᠡᠨ ᠲᠠᠯ᠎ᠠ ᠠᠴᠠ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠣᠷᠣᠯᠠᠨ | ᠰᠠᠭᠤᠯᠭᠠᠨ ᠠᠪᠴᠤ ᠣᠷᠣᠯᠠᠨ ᠲᠤᠰᠢᠶᠠᠨ᠎ᠠ᠃ |