ᠰᠠᠶᠢᠨ ᠴᠢᠮᠡᠭᠡ︕ ᠡᠨᠡ ᠮᠥᠩᠭᠦ ᠶᠢ ᠬᠦᠴᠦᠨ ᠥᠬᠡᠶ ᠪᠣᠯᠭᠠᠪᠡ︕
ᠨᠡᠶᠢᠲᠡᠯᠡᠭᠰᠡᠨ ᠴᠠᠭ᠄
2025/3/6
      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ 3 ᠰᠠᠷ᠎ᠠ ᠠᠴᠠ ᠡᠬᠢᠯᠡᠨ᠂ ᠪᠥᠬᠦ ᠤᠯᠤᠰ ᠤᠨ ᠠᠯᠪᠠᠨ ᠠᠴᠠ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠬᠦᠴᠦᠨ ᠥᠬᠡᠶ ᠪᠣᠯᠭᠠᠵᠤ᠂ ᠡᠮᠨᠡᠯᠭᠡ ᠳᠤ ᠰᠠᠭᠤᠬᠤ ᠳᠤ ᠤᠷᠢᠳᠴᠢᠯᠠᠨ ᠲᠤᠰᠢᠶᠠᠬᠤ ᠮᠥᠩᠭᠦ ᠶᠢ ᠠᠳᠠᠯᠢ ᠡᠪᠡᠳᠴᠢᠨ ᠤ ᠲᠥᠷᠥᠯ ᠤᠨ ᠡᠮᠴᠢᠯᠡᠭᠡᠨ ᠤ ᠳᠠᠭᠠᠳᠬᠠᠯ ᠳᠤ ᠤᠷᠤᠬᠰᠠᠨ ᠡᠪᠡᠳᠴᠢᠲᠡᠨ ᠤ ᠬᠤᠪᠢ ᠬᠥᠮᠦᠨ ᠤ ᠡᠭᠦᠷᠭᠡᠯᠡᠬᠦ ᠴᠢᠬᠤᠯᠠᠳᠠᠢ ᠦᠪᠡᠷ ᠢᠶᠠᠨ ᠳᠥᠯᠥᠬᠦ ᠳᠤᠮᠳᠠᠴᠢ ᠲᠦᠪᠰᠢᠨ ᠳᠤ ᠬᠦᠷᠲᠡᠯ᠎ᠡ ᠪᠠᠭᠤᠷᠠᠭᠤᠯᠵᠤ᠂ ᠡᠪᠡᠳᠴᠢᠲᠡᠨ ᠤ ᠤᠷᠢᠳᠴᠢᠯᠠᠨ ᠲᠤᠰᠢᠶᠠᠬᠤ ᠮᠥᠩᠭᠦ ᠶᠢᠨ ᠳᠠᠷᠤᠯᠲᠠ ᠶᠢ ᠦᠨᠡᠨ ᠬᠦ ᠬᠥᠩᠭᠡᠷᠡᠭᠦᠯᠬᠦ ᠪᠠᠷ ᠲᠣᠭᠲᠠᠪᠠ᠃      ᠤᠷᠢᠳᠴᠢᠯᠠᠨ ᠲᠤᠰᠢᠶᠠᠬᠤ ᠮᠥᠩᠭᠦ ᠭᠡᠳᠡᠭ ᠨᠢ ᠡᠪᠡᠳᠴᠢᠲᠡᠨ ᠤ ᠡᠭᠦᠳᠡᠨ ᠡᠮᠨᠡᠯᠭᠡ ᠪᠤᠶᠤ ᠡᠮᠨᠡᠯᠭᠡ ᠳᠤ ᠰᠠᠭᠤᠬᠤ ᠶᠢ ᠭᠦᠢᠴᠡᠳᠬᠡᠬᠦ ᠠᠴᠠ ᠡᠮᠦᠨ᠎ᠡ ᠤᠷᠢᠳᠴᠢᠯᠠᠨ ᠥᠭᠬᠦ ᠴᠢᠬᠤᠯᠠᠲᠠᠢ ᠨᠢᠭᠡ ᠪᠦᠯᠦᠭ ᠪᠠᠷᠢᠴᠠᠭᠠᠨ ᠤ ᠮᠥᠩᠭᠦ ᠶᠢ ᠵᠢᠭᠠᠵᠤ ᠪᠠᠶᠢᠨ᠎ᠠ᠃ ᠦᠨᠡᠨ ᠳᠡᠭᠡᠨ᠂ ᠣᠲᠣ ᠮᠠᠰᠢ ᠣᠯᠠᠨ ᠭᠠᠵᠠᠷ ᠤᠨ ᠬᠢᠨ ᠴᠥᠮ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠬᠦᠴᠦᠨ ᠥᠬᠡᠶ ᠪᠣᠯᠭᠠᠵᠠᠶ᠂ ᠡᠨᠡ ᠤᠳᠠᠭ᠎ᠠ ᠪᠣᠯ ᠪᠥᠬᠦ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ 3 ᠰᠠᠷ᠎ᠠ ᠠᠴᠠ ᠡᠬᠢᠯᠡᠨ ᠪᠥᠬᠦ ᠲᠠᠯ᠎ᠠ ᠪᠠᠷ ᠬᠦᠴᠦᠨ ᠥᠬᠡᠶ ᠪᠣᠯᠭᠠᠭᠰᠠᠨ ᠪᠥᠭᠡᠳ ᠡᠪᠡᠳᠴᠢᠲᠡᠨ ᠤ ᠤᠤᠯ ᠤᠨ ᠲᠤᠰᠢᠶᠠᠭᠰᠠᠨ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠬᠤᠭᠤᠴᠠᠭ᠎ᠠ ᠲᠣᠭᠲᠠᠭᠠᠨ ᠢᠯᠭᠠᠷᠠᠭᠤᠯᠤᠨ ᠪᠤᠴᠠᠭᠠᠵᠦ ᠪᠠᠶᠢᠨ᠎ᠠ᠃ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠬᠦᠴᠦᠨ ᠦᠭᠡᠢ ᠪᠣᠯᠭᠠᠬᠰᠠᠨ ᠶᠠᠪᠤᠳᠠᠯ ᠨᠢ ᠡᠪᠡᠳᠴᠢᠲᠡᠨ ᠰᠤᠶᠢᠳᠭᠡᠯ ᠤᠨ ᠠᠰᠠᠭᠤᠳᠠᠯ ᠠᠴᠠ ᠪᠣᠯᠵᠤ ᠡᠮᠴᠢᠯᠡᠭᠡ ᠪᠠᠨ ᠰᠠᠭᠠᠲᠠᠭᠠᠬᠤ ᠦᠭᠡᠢ ᠪᠤᠯᠤᠬᠰᠠᠨ ᠢ ᠬᠠᠷᠠᠭᠤᠯᠵᠤ ᠪᠠᠶᠢᠨ᠎ᠠ᠃ ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢ ᠪᠠᠭᠤᠷᠠᠭᠤᠯᠤᠬᠰᠠᠨ ᠶᠠᠪᠤᠳᠠᠯ ᠨᠢ ᠡᠪᠡᠳᠴᠢᠯᠡᠪᠡᠯ ᠡᠮᠨᠡᠯᠭᠡ ᠳᠤ ᠰᠠᠭᠤᠵᠤ᠂ ᠡᠮᠨᠡᠯᠭᠡ ᠳᠤ ᠰᠠᠭᠤᠬᠤ ᠶᠡᠭᠡ ᠬᠡᠮᠵᠢᠶᠡᠨ ᠤ ᠪᠠᠷᠢᠴᠠᠭᠠᠨ ᠤ ᠮᠥᠩᠭᠦ ᠶᠢ ᠤᠷᠢᠳᠴᠢᠯᠠᠨ ᠪᠡᠯᠡᠳᠬᠡᠬᠦ ᠴᠢᠬᠤᠯᠠ ᠦᠭᠡᠢ ᠪᠤᠯᠤᠬᠰᠠᠨ ᠢ ᠬᠠᠷᠠᠭᠤᠯᠵᠤ ᠪᠠᠶᠢᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号