ᠰᠠᠶᠢᠨ ᠴᠢᠮᠡᠭᠡ︕ 75 % ᠪᠠᠷ ᠬᠢᠮᠳᠠᠷᠠᠪᠠ
ᠨᠡᠶᠢᠲᠡᠯᠡᠭᠰᠡᠨ ᠴᠠᠭ᠄
2025/3/6
      2025 ᠣᠨ ᠤ 3 ᠰᠠᠷ᠎ᠠ ᠶᠢᠨ 3 ᠤ ᠡᠳᠦᠷ ᠪᠣᠯ 26 ᠳᠠᠬᠢ ᠪᠥᠬᠦ ᠤᠯᠤᠰ ᠤᠨ ᠴᠢᠬᠢ ᠪᠠᠨ ᠬᠠᠶᠢᠷᠠᠯᠠᠬᠤ ᠡᠳᠦᠷ ᠪᠣᠯᠤᠨ᠎ᠠ᠃ ᠡᠨᠡ ᠬᠤᠶᠠᠷ ᠡᠳᠦᠷ᠂ ᠨᠢᠭᠡᠨ ᠰᠠᠶᠢᠨ ᠴᠢᠮᠡᠭᠡ ᠤᠯᠠᠮᠵᠢᠯᠠᠭᠳᠠᠯ᠎ᠠ᠄ ᠤᠯᠤᠰ ᠠᠴᠠ ᠵᠣᠬᠢᠶᠠᠨ ᠪᠠᠶᠢᠭᠤᠯᠤᠭᠰᠠᠨ ᠬᠢᠮᠡᠯ ᠴᠢᠬᠢᠨ ᠲᠤᠩ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠣᠭᠲᠠᠭᠠᠵᠤ ᠨᠢᠭᠡᠳᠦᠯᠳᠡᠢ ᠬᠤᠳᠠᠯᠳᠤᠨ ᠠᠪᠤᠭᠰᠠᠨ ᠦᠷ᠎ᠡ ᠳ᠋ᠦᠩ ᠢ ᠵᠢᠩᠬᠢᠨᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ ᠬᠢᠮᠡᠯ ᠴᠢᠬᠢᠨ ᠲᠤᠩ ᠤᠨ ᠦᠨ᠎ᠡ ᠶᠢᠨ ᠬᠢᠮᠳᠠᠷᠠᠯᠲᠠ ᠶᠢᠨ ᠬᠡᠮᠵᠢᠶ᠎ᠡ 75 % ᠳᠤ ᠬᠦᠷᠴᠡᠶ᠃      ᠬᠢᠮᠡᠯ ᠴᠢᠬᠢᠨ ᠲᠣᠩ ᠢ ᠨᠢᠭᠡᠳᠦᠯᠳᠡᠢ ᠬᠤᠳᠠᠯᠳᠤᠨ ᠠᠪᠬᠤ ᠳᠤ ᠰᠣᠩᠭᠤᠭᠰᠠᠨ ᠦᠷ᠎ᠡ ᠳ᠋ᠦᠩ ᠨᠢ ᠲᠣᠰ ᠰᠠᠷ᠎ᠠ ᠠᠴᠠ ᠡᠬᠢᠯᠡᠪᠡ᠂ ᠲᠣᠰ ᠤᠳᠠᠭᠠᠨ ᠤ ᠬᠢᠮᠡᠯ ᠴᠢᠬᠢᠨ ᠲᠣᠩ ᠤᠨ ᠲᠥᠷᠥᠯ ᠤᠨ ᠬᠤᠷᠣᠭᠳᠠᠯ ᠮᠠᠲ᠋ᠧᠷᠢᠶᠠᠯ ᠢ ᠨᠢᠭᠡᠳᠦᠯᠳᠡᠢ ᠬᠤᠳᠠᠯᠳᠤᠨ ᠠᠪᠬᠤ ᠬᠡᠮᠵᠢᠶ᠎ᠡ ᠨᠡᠶᠢᠲᠡ 1.1 ᠲᠦᠮᠡᠨ ᠢᠵᠢ ᠳᠤ ᠬᠦᠷᠴᠡᠢ᠂ ᠡᠬᠦᠨ ᠳᠤ ᠡᠮᠴᠢᠯᠡᠭᠡᠨ ᠳᠤ ᠦᠷᠭᠦᠯᠵᠢ ᠬᠡᠷᠡᠭᠯᠡᠳᠡᠭ ᠤᠶᠢᠯᠡᠳᠬᠦᠨ ᠠᠴᠠ ᠭᠠᠳᠠᠨ᠎ᠠ᠂ ︵3 . 0 T︶ ᠴᠥᠮ᠎ᠡ ᠶᠢᠨ ᠰᠣᠷᠢᠨᠵᠢᠨ ᠬᠦᠴᠦᠨ ᠤ ᠰᠢᠨ᠎ᠡ ᠨᠢᠭᠡ ᠦᠶ᠎ᠡ ᠶᠢᠨ ᠬᠢᠮᠡᠯ ᠴᠢᠬᠢᠨ ᠲᠣᠩ ᠢ ᠬᠥᠮᠦᠨ ᠤ ᠬᠦᠴᠦ ᠪᠠᠷ ᠴᠢᠬᠢᠨ ᠳᠤᠨᠢ ᠬᠢᠵᠦ ᠣᠷᠣᠭᠤᠯᠬᠤ ᠶᠢ ᠳᠡᠮᠵᠢᠨ᠎ᠡ᠂ ᠬᠢᠮᠡᠯ ᠴᠢᠬᠢᠨ ᠲᠣᠩ ᠬᠢᠵᠦ ᠤᠷᠤᠭᠤᠯᠤᠬᠰᠠᠨ ᠡᠪᠡᠳᠴᠢᠲᠡᠨ ᠨᠢ ᠴᠥᠮ᠎ᠡ ᠶᠢᠨ ᠰᠣᠷᠢᠨᠵᠢᠨ ᠳᠠᠷᠪᠢᠯᠲᠠ ᠶᠢᠨ ᠪᠠᠶᠢᠴᠠᠭᠠᠯᠲᠠ ᠶᠢ ᠬᠢᠯᠭᠡᠵᠦ ᠪᠣᠯᠤᠨ᠎ᠠ᠃      3 ᠰᠠᠷ᠎ᠠ ᠶᠢᠨ 1 ᠤ ᠡᠳᠦᠷ ᠠᠴᠠ ᠡᠬᠢᠯᠡᠨ᠂ ᠲᠢᠶᠠᠨᠵᠢᠨ ᠬᠤᠲᠠ ᠶᠢᠨ ᠬᠢᠨ ᠤᠯᠤᠰ ᠠᠴᠠ ᠵᠣᠬᠢᠶᠠᠨ ᠪᠠᠶᠢᠭᠤᠯᠤᠭᠰᠠᠨ ᠬᠥᠮᠦᠨ ᠤ ᠬᠦᠴᠦᠨ ᠤ ᠴᠢᠬᠢᠨ ᠲᠤᠩ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠨᠢᠭᠡᠳᠦᠯᠳᠡᠢ ᠬᠤᠳᠠᠯᠳᠤᠨ ᠠᠪᠬᠤ ᠳᠤ ᠰᠣᠩᠭᠤᠭᠰᠠᠨ ᠦᠷ᠎ᠡ ᠳ᠋ᠦᠩ ᠢ ᠡᠩ ᠲᠡᠷᠢᠭᠦᠨ ᠳᠤ ᠬᠡᠷᠡᠭᠵᠢᠭᠦᠯᠦᠭᠰᠡᠨ ᠪᠥᠭᠡᠳ ᠰᠣᠩᠭᠤᠭᠳᠠᠭᠰᠠᠨ ᠤᠶᠢᠯᠡᠳᠬᠦᠨ ᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号