ᠲᠣᠰᠣᠨ ᠤ ᠦᠨ᠎ᠡ ᠳᠤ ᠪᠠᠰᠠ ᠬᠤᠪᠢᠷᠠᠯᠲᠠ ᠭᠠᠷᠤᠨ᠎ᠠ︕
ᠨᠡᠶᠢᠲᠡᠯᠡᠭᠰᠡᠨ ᠴᠠᠭ᠄
2025/3/6
      ᠪᠣᠯᠪᠠᠰᠤᠷᠠᠭᠤᠯᠤᠭᠰᠠᠨ ᠲᠣᠰᠣᠨ ᠤ ᠦᠨ᠎ᠡ ᠶᠢᠨ ᠲᠣᠬᠢᠷᠠᠭᠤᠯᠤᠯᠲᠠ ᠶᠢᠨ ᠳᠦᠷᠢᠮ ᠢ ᠦᠨᠳᠦᠰᠦᠯᠡᠪᠡᠯ᠂ ᠰᠢᠨ᠎ᠡ ᠨᠢᠭᠡᠨ ᠡᠭᠡᠯᠵᠢ ᠶᠢᠨ ᠲᠣᠰᠣᠨ ᠤ ᠦᠨ᠎ᠡ ᠶᠢᠨ ᠲᠣᠬᠢᠷᠠᠭᠤᠯᠤᠯᠲᠠ 3 ᠰᠠᠷ᠎ᠠ ᠶᠢᠨ 5 ᠤ ᠣᠷᠣᠶ ᠶᠠᠪᠤᠭᠳᠠᠬᠤ ᠪᠣᠯᠤᠨ᠎ᠠ᠂ ᠲᠤᠰ ᠡᠭᠡᠯᠵᠢ ᠶᠢᠨ ᠲᠣᠰᠣᠨ ᠤ ᠦᠨ᠎ᠡ ᠶᠢᠨ ᠪᠦᠷᠢᠳᠬᠡᠯ ᠳᠤ ᠲᠣᠰᠣᠨ ᠤ ᠦᠨ᠎ᠡ ᠤᠷᠢᠳᠠᠪᠠᠷ ᠥᠰᠴᠦ ᠳᠠᠷᠠᠭ᠎ᠠ ᠨᠢ ᠬᠢᠮᠳᠠᠷᠠᠨ᠎ᠠ᠃      ᠤᠯᠤᠰ ᠤᠨ ᠳᠣᠲᠣᠭᠠᠳᠤ ᠶᠢᠨ ᠲᠣᠰᠣᠨ ᠤ ᠦᠨ᠎ᠡ ᠳᠠᠷᠠᠭ᠎ᠠ ᠭᠠᠷᠠᠭ ᠤᠨ ᠭᠤᠷᠪᠠᠨ ᠤ ᠣᠷᠣᠶ ︵3 ᠰᠠᠷ᠎ᠠ ᠶᠢᠨ 5 ᠤ ᠡᠳᠦᠷ ᠤᠨ 24 ᠴᠠᠭ︶ 2025 ᠣᠨ ᠤ ᠲᠠᠪᠤᠳᠡᠬᠢ ᠤᠳᠠᠭᠠᠨ ᠤ ᠲᠣᠰᠣᠨ ᠤ ᠦᠨ᠎ᠡ ᠶᠢᠨ ᠲᠣᠬᠢᠷᠠᠭᠤᠯᠤᠯᠲᠠ ᠶᠢ ᠬᠢᠬᠦ ᠪᠣᠯᠤᠨ᠎ᠠ᠂ ᠲᠣᠰ ᠡᠭᠡᠯᠵᠢ ᠶᠢᠨ ᠲᠣᠰᠣᠨ ᠤ ᠦᠨ᠎ᠡ ᠶᠢᠨ 10 ᠠᠵᠢᠯᠯᠠᠬᠤ ᠡᠳᠦᠷ ᠤᠨ ᠪᠦᠷᠢᠳᠬᠡᠯ ᠤᠨ ᠦᠶᠡᠯᠡᠯ ᠨᠢ ᠣᠲᠣ ᠨᠢᠭᠡᠨᠲᠡ 60% ᠶᠢᠨ ᠴᠠᠭ ᠪᠣᠯᠵᠣ᠂ ᠣᠳᠣᠬᠠᠨ ᠳᠤ ᠲᠦᠭᠦᠬᠡᠶ ᠲᠣᠰᠣᠨ ᠤ ᠬᠤᠪᠢᠷᠠᠯᠲᠠ ᠶᠢᠨ ᠨᠣᠷᠮ᠎ᠠ ᠨᠢᠭᠡᠨᠲᠡ -1.05 % ᠳᠤ ᠬᠦᠷᠴᠦ᠂ ᠵᠢᠱᠢᠯᠲᠡ ᠪᠠᠷ ᠲᠣᠰᠣᠨ ᠤ ᠦᠨ᠎ᠡ ᠲᠣᠨ ᠪᠦᠷᠢ ᠳᠡᠭᠡᠨ 50 ᠲᠥᠭᠦᠷᠢᠭ ᠬᠢᠮᠳᠠᠷᠠᠬᠤ ᠪᠤᠯᠤᠨ᠎ᠠ᠂ ᠡᠨᠡ ᠬᠦ ᠵᠢᠱᠢᠭᠰᠡᠨ ᠬᠢᠮᠳᠠᠷᠠᠯᠳᠠ ᠶᠢᠨ ᠬᠡᠮᠵᠢᠶ᠎ᠡ ᠨᠢ ᠶᠠᠭ ᠰᠠᠶᠢᠬᠠᠨ ᠲᠣᠨ ᠪᠦᠷᠢ ᠳᠡᠭᠡᠨ 50 ᠲᠥᠭᠦᠷᠢᠭ ᠬᠢᠮᠳᠠᠷᠠᠬᠤ ᠪᠠᠷᠢᠮᠵᠢᠶ᠎ᠠ ᠳᠤ ᠬᠦᠷᠦᠨ᠎ᠡ᠂ ᠣᠳᠣᠬᠠᠨ ᠤ ᠬᠢᠮᠳᠠᠷᠠᠯᠳᠠ ᠶᠢᠨ ᠬᠡᠮᠵᠢᠶ᠎ᠡ ᠪᠠᠷ ᠠᠪᠴᠤ ᠬᠡᠯᠡᠪᠡᠯ᠂ ᠳᠠᠷᠠᠭ᠎ᠠ ᠭᠠᠷᠠᠭ ᠲᠤ 92 . 95 ᠨᠤᠮᠧᠷᠳᠦ ᠴᠢᠶ᠋ᠢᠦ ᠪᠠ ᠴᠠᠶᠢᠶ᠋ᠢᠦ ᠨᠢ ᠲᠤᠰ ᠲᠤᠰ ᠯᠢᠲᠷ ᠪᠦᠷᠢ ᠳᠡᠭᠡᠨ 0.04 ᠲᠥᠭᠦᠷᠢᠭ ᠪᠠ 0.05 ᠬᠢᠮᠳᠠᠷᠠᠨ᠎ᠠ᠃ ᠣᠳᠣ ᠬᠠᠮᠤᠭ ᠡᠴᠦᠰ ᠤᠨ ᠲᠣᠰᠣᠨ ᠤ ᠦᠨ᠎ᠡ ᠶᠢᠨ ᠲᠣᠬᠢᠷᠠᠭᠤᠯᠤᠯᠲᠠ ᠪᠣᠯᠲᠠᠯ᠎ᠠ ᠪᠠᠰᠠ 6 ᠡᠳᠦᠷ ᠤᠨ ᠴᠠᠭ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号