ᠣᠷᠣᠨ ᠲᠤᠭ᠎ᠠ ᠲᠠᠢ︕ 700 ᠭᠠᠷᠤᠶ ᠬᠥᠮᠦᠨ ᠢᠯᠡ ᠪᠠᠷ ᠡᠯᠰᠡᠨ᠎ᠠ︕
ᠨᠡᠶᠢᠲᠡᠯᠡᠭᠰᠡᠨ ᠴᠠᠭ᠄
2025/3/6
      ᠥᠪᠥᠷ ᠮᠣᠩᠭᠤᠯ ᠤᠨ ᠶᠡᠭᠡ ᠰᠤᠷᠭᠠᠭᠤᠯᠢ ᠨᠢ ᠪᠠᠭᠰᠢ ᠶᠢᠨ ᠡᠩᠨᠡᠭᠡ ᠶᠢ ᠨᠢᠭᠡᠳᠦᠭᠡᠷ ᠡᠬᠢ ᠪᠠᠶᠠᠯᠢᠭ ᠪᠣᠯᠭᠠᠨ ᠪᠥᠲᠥᠭᠡᠨ ᠪᠠᠶᠢᠭᠤᠯᠵᠤ᠂ ᠳᠡᠭᠡᠳᠦ ᠲᠠᠰ ᠤᠨ ᠴᠢᠳᠠᠪᠤᠷᠢᠲᠠᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠷᠭᠡᠨ ᠬᠡᠷᠡᠭᠵᠢᠭᠦᠯᠵᠦ᠂ ᠴᠢᠳᠠᠪᠤᠷᠢᠲᠠᠨ ᠢ ᠪᠥᠬᠦ ᠲᠠᠯ᠎ᠠ ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠶᠢᠲᠤᠷ ᠬᠡᠷᠡᠭᠯᠡᠭᠰᠡᠭᠡᠷ ᠢᠷᠡᠭᠰᠡᠨ ᠪᠦᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠰᠤᠷᠭᠠᠭᠤᠯᠢ ᠨᠢ ᠡᠬᠢ ᠪᠠᠶᠠᠯᠢᠭ ᠤᠨ ᠣᠷᠣᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠴᠢᠨᠠᠬᠰᠢᠳᠠ ᠴᠢᠩᠭᠠᠷᠠᠭᠤᠯᠵᠤ᠂ ︽ᠠᠵᠢᠨᠠᠶ ᠬᠦᠯᠦᠭ ᠤᠨ ᠲᠥᠯᠥᠪᠯᠡᠭᠡ︾ ᠪᠠ ︽ᠡᠷᠳᠡᠮ ᠰᠢᠨᠵᠢᠯᠡᠭᠡᠨ ᠤ ᠵᠠᠯᠠᠭᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ︾ ᠶᠢ ᠭᠦᠨᠵᠡᠭᠡᠶ ᠬᠡᠷᠡᠭᠵᠢᠭᠦᠯᠬᠦ  ᠶᠢᠨ ᠲᠤᠰᠠᠳᠠ ᠤᠯᠤᠰ ᠤᠨ ᠳᠣᠲᠣᠭᠠᠳᠤ ᠭᠠᠳᠠᠭᠠᠳᠤ ᠳᠤ ᠬᠠᠨᠳᠤᠭᠤᠯᠤᠨ ᠵᠢᠩᠬᠢᠨᠢ ᠠᠵᠢᠯᠳᠠᠨ ᠤ ᠤᠷᠤᠨ ᠲᠤᠭ᠎ᠠ  ᠲᠠᠢ ᠡᠷᠳᠡᠮ ᠰᠢᠨᠵᠢᠯᠡᠭᠡᠨ ᠤ ᠳᠠᠭᠠᠭᠤᠯᠤᠭᠴᠢ ᠪᠠ ᠡᠷᠳᠡᠮ ᠰᠢᠨᠵᠢᠯᠡᠭᠡᠨ ᠤ ᠵᠠᠯᠠᠭᠤ ᠴᠢᠳᠠᠪᠤᠷᠢᠲᠠᠨ ᠢ 700 ᠭᠠᠷᠤᠢ ᠬᠦᠮᠦᠨ ᠣᠷᠣᠭᠤᠯᠤᠨ ᠠᠪᠴᠢᠷᠠᠬᠤ ᠶᠢᠨ ᠬᠠᠮᠲᠤ ᠣᠷᠣᠭᠤᠯᠤᠨ ᠠᠪᠴᠢᠷᠠᠬᠰᠠᠨ ᠴᠢᠳᠠᠪᠤᠷᠢᠳᠠᠨ ᠳᠤ ᠲᠡᠷᠢᠭᠦᠨ ᠤ ᠡᠷᠳᠡᠮ ᠰᠢᠨᠵᠢᠯᠡᠭᠡᠨ ᠤ ᠣᠷᠴᠢᠨ ᠨᠥᠬᠦᠴᠡᠯ᠂ ᠠᠮᠢᠳᠤᠷᠠᠯ ᠤᠨ ᠬᠠᠷᠠᠭᠠᠯᠵᠠᠯ ᠪᠠ ᠠᠵᠢᠯ ᠬᠢᠵᠦ ᠤᠶᠢᠯᠡᠰ ᠪᠤᠰᠬᠠᠬᠤ ᠲᠠᠪᠴᠠᠩ ᠬᠠᠩᠭᠠᠨ᠎ᠠ᠃      ︽ᠠᠵᠢᠨᠠᠶ ᠬᠦᠯᠦᠭ ᠲᠥᠯᠥᠪᠯᠡᠭᠡ︾ ᠳᠤ A ᠲᠥᠷᠥᠯ ︵A1᠂ A2᠂ A3︶ ᠤᠨ ᠠᠵᠢᠯ ᠤᠨ ᠪᠠᠶᠢᠷᠢ ᠪᠠ B ᠲᠥᠷᠥᠯ ︵B1᠂ B2︶ ᠤᠨ ᠠᠵᠢᠯ ᠤᠨ ᠪᠠᠶᠢᠷᠢ ᠭᠠᠷᠭᠠᠵᠤ᠂ A ᠲᠥᠷᠥᠯ ᠤᠨ ᠠᠵᠢᠯ ᠤᠨ ᠪᠠᠶᠢᠷᠢ ᠶᠢ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠤᠨ ᠴᠢᠳᠠᠪᠤᠷᠢᠲᠠᠨ ᠳᠤ ᠬᠠᠨᠳᠤᠭᠤᠯᠵᠤ᠂ B ᠲᠥᠷᠥᠯ ᠤᠨ ᠠᠵᠢᠯ ᠤᠨ ᠪᠠᠶᠢᠷᠢ ᠶᠢ ᠤᠯᠤᠰ ᠤᠨ ᠳᠣᠲᠣᠭᠠᠳᠤ ᠭᠠᠳᠠᠭᠠᠳᠤ ᠶᠢᠨ ᠵᠠᠯᠠᠭᠤ ᠰᠢᠯᠢᠳᠡᠭ ᠣᠷᠦ᠋ᠢᠯᠠᠭᠰᠠᠨ ᠴᠢᠳᠠᠪᠤᠷᠢᠲᠠᠨ ᠳᠤ ᠬᠠᠨᠳᠤᠭᠤᠯᠤᠨ᠎ᠠ᠃      ᠬᠠᠷᠢᠯᠴᠠᠬᠤ ᠠᠷᠭ᠎ᠠ᠄ 0471 - 4993517 0471 - 4992415᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号