ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/6
      3 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 163 ᠳ᠋ᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠠᠮᠢᠶ᠎ᠠ ᠪᠦᠬᠦᠢ ᠲᠤᠰᠢᠶᠠᠯ ᠤᠨ ᠮᠡᠳᠡᠭᠦᠯᠦᠯᠲᠡ ᠶᠢ ᠬᠢᠨᠠᠨ ᠤᠩᠰᠢᠬᠤ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2 ᠰᠠᠷ᠎ᠠ ᠶᠢᠨ 28 ᠤ ᠡᠳᠦᠷ ᠤᠨ ᠳᠣᠮᠳᠠᠳᠤ ᠤᠯᠤᠰ ᠤᠨ ᠡᠪ ᠬᠠᠮᠳᠥ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠳᠣᠮᠳᠠᠳᠤ ᠤᠯᠤᠰ ᠤᠨ ᠡᠪ ᠬᠠᠮᠳᠥ ᠨᠠᠮ  ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠨᠡᠨᠬᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠭᠤᠤᠯᠳᠠᠯᠭ᠎ᠠ ᠲᠠᠢ ᠠᠵᠤ ᠦᠢᠯᠡᠰ ᠢ ᠲᠦᠷᠭᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠠᠬᠤᠶ ᠶᠢᠨ ᠠᠵᠢᠯᠯᠠᠭᠠᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠵᠠᠩᠭᠢᠯᠠᠭ᠎ᠠ ᠶᠢᠨ ᠬᠦᠷᠢᠶ᠎ᠡ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠩᠬᠠᠨ ᠤ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠢ ᠴᠢᠷᠮᠠᠶᠢᠨ ᠪᠤᠶᠢᠵᠢᠭᠤᠯᠬᠤ ᠬᠡᠷᠡᠭᠲᠡᠶ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠳᠣᠭᠤᠰᠢᠯᠠᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠲᠠᠷᠬᠠᠨ ᠮᠤᠤᠮᠢᠩᠭᠠᠨ ᠢ ᠪᠦᠳᠦᠭᠡᠨ ᠪᠠᠶᠢᠭᠤᠯᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠦᠷᠭᠦᠯᠵᠢᠯᠡᠨ ᠪᠠᠲᠤ ᠰᠠᠬᠢᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ᠂ ᠨᠠᠮ ᠤᠨ ᠳᠦᠷᠢᠮ ᠪᠣᠯᠤᠨ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ︾ ︽ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠰᠠᠯᠠᠭ᠎ᠠ ᠮᠥᠴᠢᠷ  ᠪᠠᠶᠢᠭᠤᠯᠭ᠎ᠠ ᠨᠢᠭᠡᠴᠡ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠡᠯ᠎ᠡ ᠵᠦᠢᠯ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠨ ᠳᠣᠭᠤᠰᠢᠯᠠᠭᠤᠯᠵᠤ᠂ ᠲᠣᠭᠤᠷᠢᠨ ᠪᠠᠶᠢᠴᠠᠭᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠬᠢᠨᠠᠮᠠᠭᠠᠶ ᠰᠠᠶᠢᠲᠤᠷ ᠪᠡᠯᠡᠳᠭᠡᠵᠥ᠂ ᠢᠳᠡᠪᠬᠢᠲᠡᠶ ᠪᠠᠷ ᠵᠣᠬᠢᠴᠠᠭᠤᠯᠤᠨ ᠬᠠᠮᠵᠢᠯᠴᠠᠵᠤ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠠᠳᠬᠤᠬᠤ ᠪᠠ ᠡᠳᠦᠷ ᠲᠤᠲᠤᠮ ᠤᠨ ᠠᠵᠢᠯ ᠢᠶᠠᠨ ᠠᠬᠢᠭᠤᠯᠬᠤ ᠶᠢ ᠰᠠᠶᠢᠲᠤᠷ ᠬᠢᠬᠦ ᠮᠥᠷᠲᠡᠭᠡᠨ ᠪᠠᠰᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃      ᠬᠤᠷᠠᠯ ᠠᠴᠠ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠣᠮᠳᠠᠳᠤ ᠤᠯᠤᠰ ᠤᠨ ᠡᠪ ᠬᠠᠮᠳᠥ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯᠤᠨ ︽ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠪᠣᠯᠤᠨ ᠪᠤᠭᠤᠲᠤ ᠬᠤᠳᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠶᠢᠨ ᠲᠣᠭᠤᠷᠢᠨ ᠳᠤ ᠠᠰᠠᠭᠤᠳᠠᠯ ᠢ ᠪᠣᠳᠣᠯᠬᠢᠯᠠᠵᠤ᠂ ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠠᠵᠢᠯ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠠᠮᠤ ᠪᠤᠳᠠᠭᠠᠨ ᠤ ᠠᠮᠤᠷ ᠲᠦᠪᠰᠢᠨ ᠢ ᠲᠣᠭᠲᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠬᠦ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠴᠢᠨᠠᠭᠰᠢᠳᠠ ᠪᠠᠬᠢᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2025 ᠣᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠭᠤᠤᠯᠳᠠᠯᠭ᠎ᠠ︾ ᠶᠢ ᠬᠢᠨᠠᠨ ᠵᠥᠪᠯᠡᠵᠦ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠠᠵᠢᠯ ᠬᠢᠵᠦ ᠦᠢᠯᠡᠰ ᠴᠣᠭᠴᠠᠯᠠᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠬᠥᠭᠵᠢᠭᠡᠬᠦ ᠬᠡᠷᠡᠭᠲᠡᠶ ᠭᠡᠵᠦ ᠴᠢᠬᠤᠯᠠᠴᠢᠯᠠᠪᠠ᠃ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠪᠣᠭᠤᠮᠲᠠ ᠶᠢᠨ ᠭᠠᠳᠠᠭᠠᠳᠤ ᠠᠷᠠᠯᠵᠢᠶ᠎ᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠡᠮ ᠡᠮᠨᠡᠯᠭᠡ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠬᠦᠷᠢᠶ᠎ᠡ ᠪᠠᠷ ᠭᠤᠣᠯᠳᠠᠯᠭ᠎ᠠ ᠪᠣᠯᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠷᠠᠳ ᠤᠯᠠᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ᠃ ᠪᠥᠬᠦ ᠵᠢᠯ ᠤᠨ ᠥᠭᠡᠷᠡᠴᠢᠯᠡᠯᠲᠡ ᠶᠢᠨ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠠᠩ ᠪᠡᠯᠭᠡ ᠲᠡᠮᠳᠡᠭ ᠤᠨ ᠴᠢᠨᠠᠷᠲᠠᠶ᠂ ᠢᠯᠭᠠᠨ ᠲᠠᠨᠢᠬᠤ ᠬᠡᠮᠵᠢᠶ᠎ᠡ ᠲᠠᠢ ᠥᠭᠡᠷᠡᠴᠢᠯᠡᠯᠲᠡ ᠶᠢᠨ ᠦᠷ᠎ᠡ ᠪᠦᠲᠦᠭᠡᠯ ᠢᠶᠠᠨ ᠴᠢᠷᠮᠠᠶᠢᠨ ᠲᠤᠰᠢᠶᠠᠬᠤ ᠬᠡᠷᠡᠭᠲᠡᠶ᠃ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ ᠠᠵᠢᠯ ᠤᠨ ᠭᠤᠤᠯᠳᠠᠯᠭ᠎ᠠ ᠵᠢᠴᠢ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ︾ ᠂ ︽ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2025 ᠣᠨ ᠤ ᠠᠵᠢᠯ ᠤᠨ ᠭᠤᠤᠯᠳᠠᠯᠭ᠎ᠠ︾ ᠪᠠ ︽ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠤᠯᠳᠠᠯᠭ᠎ᠠ︾᠂ ︽ᠤᠯᠤᠰ ᠲᠥᠷᠥ ᠶᠢᠨ ᠵᠥᠪᠯᠡᠯᠭᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 2025 ᠣᠨ ᠤ ᠵᠥᠪᠯᠡᠬᠦ ᠲᠥᠯᠥᠪᠯᠡᠭᠡ︾ ᠶᠢ ᠬᠢᠨᠠᠨ ᠵᠥᠪᠯᠡᠪᠡ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号