ᠲᠥᠯ ᠲᠣᠰᠴᠤ ᠪᠤᠶᠢᠵᠢᠭᠤᠯᠬᠤ ᠠᠵᠢᠯ ᠳᠠᠭᠠᠨ ᠶᠠᠭᠠᠷᠠᠵᠤ ᠲᠠᠷᠬᠠᠨ ᠮᠤᠤᠮᠢᠩᠭᠠᠨ ᠤ ᠲᠠᠯ᠎ᠠ ᠨᠤᠲᠤᠭ ᠲᠤ ᠰᠢᠨ᠎ᠡ ᠨᠢᠯᠬ᠎ᠠ ᠠᠮᠢ ᠶᠢ ᠤᠭᠲᠤᠨ ᠠᠪᠴᠢᠷᠠᠯ᠎ᠠ
ᠨᠡᠶᠢᠲᠡᠯᠡᠭᠰᠡᠨ ᠴᠠᠭ᠄
2025/3/6
      ᠬᠠᠪᠤᠷ ᠤᠨ ᠡᠬᠢᠨ ᠤ ᠰᠠᠯᠬᠢ ᠬᠠᠬᠢᠷ ᠡᠪᠦᠯ ᠢ ᠳᠠᠪᠠᠵᠤ᠂ ᠥᠷᠭᠡᠨ ᠠᠭᠤᠳᠠᠮ ᠲᠠᠷᠬᠠᠨ ᠮᠤᠤᠮᠢᠩᠭᠠᠨ ᠤ ᠲᠠᠯ᠎ᠠ‌ᠨᠤᠲᠤᠭ ᠵᠦᠭ ᠨᠠᠮ ᠵᠢᠮ ᠤᠷᠤᠭᠰᠢᠯᠠᠵᠤ᠂  ᠡᠪᠥᠯ ᠢᠴᠡᠭᠡᠯᠡᠭᠰᠡᠨ ᠲᠠᠯ᠎ᠠ ᠨᠤᠲᠤᠭ ᠰᠡᠷᠭᠦᠵᠦ ᠡᠬᠢᠯᠡᠪᠡ᠃ ᠣᠳᠣ ᠶᠠᠭ ᠲᠥᠯ ᠲᠤᠰᠴᠤ ᠪᠤᠶᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠵᠤ᠂ ᠲᠠᠯ᠎ᠠ ᠨᠤᠲᠤᠭ ᠤᠨ ᠮᠠᠯᠴᠢᠨ ᠲᠠᠷᠢᠶᠠᠴᠢᠳ ᠤᠨ ᠶᠠᠭᠠᠷᠠᠯᠳᠤᠭᠰᠠᠨ ᠳᠥᠷᠢ ᠳᠥᠷᠬᠢ ᠭᠠᠵᠠᠷ ᠪᠥᠬᠦᠨ ᠳᠤ ᠬᠠᠷᠠᠭᠳᠠᠵᠤ᠂ ᠬᠠᠰᠢᠶ᠎ᠠ ᠰᠠᠷᠠᠪᠴᠢᠨ ᠠᠴᠠ ᠰᠣᠨᠣᠰᠳᠠᠭᠳᠠᠵᠤ ᠪᠠᠶᠢᠭ᠎ᠠ ︽ᠮᠠᠶᠢᠯᠠᠯᠳᠤᠭᠠᠨ︾ ᠤ ᠳᠠᠭᠤᠨ ᠰᠢᠨ᠎ᠡ ᠠᠮᠢ ᠨᠠᠰᠤᠨ ᠤ ᠬᠦᠷᠴᠦ ᠢᠷᠡᠨ ᠥᠷᠨᠢᠭᠦᠨ ᠪᠤᠶᠢᠵᠢᠵᠤ ᠪᠠᠶᠢᠭ᠎ᠠ ᠶᠢ ᠬᠠᠷᠠᠭᠤᠯᠵᠤ ᠪᠠᠶᠢᠨ᠎ᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶ᠋ᠬᠤᠪᠤᠭ᠎ᠠ ᠰᠤᠮᠤ ᠶᠢᠨ ᠪᠠᠶᠠᠨᠪᠤᠯᠠᠭ ᠭᠠᠴᠠᠭᠠᠨ ᠤ ᠮᠠᠯᠴᠢᠨ ᠭᠦᠸᠧ ᠵᠢᠶᠦ᠋ᠨ ᠵᠢᠶᠦ᠋ᠨ ᠤ ᠭᠡᠷ ᠲᠤ ᠬᠥᠷᠭᠦ ᠳᠤ᠂  ᠨᠢᠯᠬ᠎ᠠ ᠬᠤᠷᠠᠭ᠎ᠠ ᠢᠰᠢᠭᠡ ᠶᠢᠨ ᠳᠠᠭᠤᠨ ᠪᠠᠶᠢᠨ ᠪᠠᠶᠢᠨ ᠰᠣᠨᠣᠰᠳᠠᠵᠤ᠂ ᠬᠤᠷᠢᠭ᠎ᠠ ᠰᠠᠷᠠᠪᠴᠢᠨ ᠳᠤ ᠪᠠᠶᠢᠭ᠎ᠠ ᠬᠤᠷᠠᠭ᠎ᠠ ᠢᠰᠢᠭᠡ ᠤᠳ ᠵᠠᠷᠢᠮ ᠨᠢ ᠡᠪᠡᠰᠦ ᠢᠳᠡᠵᠦ᠂   ᠵᠠᠷᠢᠮ ᠨᠢ ᠦᠰᠦᠷᠴᠦ ᠬᠠᠷᠠᠶᠢᠨ ᠨᠠᠭᠠᠳᠤᠨ ᠳᠣᠭᠯᠠᠵᠤ᠂ ᠪᠠᠶᠠᠷ ᠪᠠᠭ᠋ᠠᠳᠤᠯ ᠪᠠᠷ ᠪᠢᠯᠬᠠᠵᠤ᠂ ᠭᠡᠷ ᠤᠨ ᠡᠵᠡᠨ ᠤ ᠪᠠᠨ ᠨᠠᠷᠢᠨ ᠨᠢᠮᠪᠠᠶ ᠠᠰᠠᠷᠠᠯᠲᠠ ᠪᠠᠷ ᠡᠳᠦᠷ ᠢᠷᠡᠬᠦᠶ᠎ᠡ ᠥᠰᠥᠨ ᠪᠤᠵᠠᠭᠠᠶᠢᠷᠠᠵᠤ ᠪᠠᠶᠢᠨ᠎ᠡ᠃ ︽ᠮᠠᠨ ᠤ ᠬᠢᠨ ᠣᠶᠢᠨ ᠳᠤ ᠣᠳᠣ 120 ᠣᠷᠴᠢᠮ ᠡᠮ᠎ᠡ ᠬᠤᠨᠢ ᠲᠠᠢ ᠪᠠᠶᠢᠵᠤ᠂ ᠨᠢᠭᠡᠨᠲᠡ 100 ᠭᠠᠷᠤᠢ ᠳᠥᠯ ᠳᠣᠰᠴᠤ᠂ ᠤᠨᠳᠤᠷᠤᠯᠲᠠ ᠶᠢᠨ ᠨᠤᠷᠮ᠎ᠠ 98% ᠣᠷᠴᠢᠮ ᠪᠠᠶᠢᠵᠤ᠂ ᠪᠠᠷᠤᠭᠴᠠᠭᠠᠯᠠᠪᠠᠯ ᠪᠠᠰᠠ 10 ᠣᠷᠴᠢᠮ  ᠬᠤᠨᠢ ᠬᠤᠷᠠᠭᠠᠯᠠᠬᠤ ᠪᠤᠯᠤᠨ᠎ᠠ᠂ ᠬᠤᠷᠠᠭᠠᠨ ᠤ ᠪᠤᠶᠢᠵᠢᠯᠳᠡ ᠰᠠᠶᠢᠨ︾  ᠭᠡᠵᠥ ᠭᠥᠸᠧ ᠵᠢᠶᠦ᠋ᠨ ᠵᠢᠶᠦ᠋ᠨ ᠬᠡᠯᠡᠪᠡ᠃      ᠡᠭᠦᠨ ᠲᠠᠢ ᠠᠳᠠᠯᠢ ᠪᠠᠷ ᠮᠠᠨᠳᠤᠯ ᠪᠠᠯᠭᠠᠰᠤᠨ ᠤ ᠡᠷᠳᠡᠨᠢᠠᠤᠪᠤᠭ᠎ᠠ ᠭᠠᠴᠠᠭᠠᠨ ᠤ ᠡᠷᠳᠡᠮᠳᠥ ᠶᠢᠨ ᠬᠠᠰᠢᠶᠠᠨ ᠳᠤ ᠂ ᠨᠢᠯᠬ᠎ᠠ ᠳᠣᠭᠤᠯ ᠬᠥᠭᠡᠷᠥᠭᠦᠨ ᠳᠣᠷᠨᠢᠭᠤᠨ ᠪᠠᠶᠢᠵᠤ᠂  ᠨᠢᠯᠬ᠎ᠠ ᠬᠤᠷᠠᠭ᠎ᠠ ᠤᠳ ᠡᠬᠡ ᠪᠠᠨ ᠡᠷᠢᠨ ᠬᠥᠶᠥᠯᠳᠥᠵᠥ ᠪᠠᠶᠢᠨ᠎ᠠ᠃ ᠡᠷ᠎ᠡ ᠡᠮ᠎ᠡ ᠬᠤᠶᠠᠭᠤᠯᠠ ᠬᠠᠰᠢᠶᠠᠨ ᠳᠤ ᠪᠠᠨ ᠶᠠᠭᠠᠷᠠᠯᠳᠥᠵᠥ᠂ ᠨᠢᠯᠬ᠎ᠠ ᠳᠥᠯ ᠨᠦᠭᠦᠳ ᠢ ᠨᠠᠷᠢᠨ ᠨᠢᠮᠪᠠᠢ ᠠᠷᠠᠴᠢᠯᠠᠨ ᠳᠣᠳᠤᠮᠳᠠᠵᠤ ᠪᠠᠶᠢᠯ᠎ᠠ᠃ ︽ᠡᠨᠡ ᠵᠢᠯ ᠨᠢᠭᠡᠨᠲᠡ 100 ᠣᠷᠴᠢᠮ ᠬᠤᠷᠠᠭ᠎ᠠ᠂ 8᠂ 9 ᠲᠤᠭᠤᠯ ᠲᠤᠰᠴᠤ᠂  ᠪᠠᠰᠠ ᠠᠷᠪᠠᠨ ᠬᠡᠳᠥ ᠳᠥᠯᠯᠡᠭᠡᠳᠥᠢ᠃︾  ᠬᠡᠵᠥ ᠡᠷᠳᠡᠮᠳᠥ ᠨᠢᠭᠡ ᠲᠠᠯ᠎ᠠ ᠪᠠᠷ ᠬᠤᠷᠠᠭ᠎ᠠ ᠪᠠᠨ ᠲᠡᠵᠢᠭᠡᠬᠦ ᠶᠢᠨ ᠳᠠᠭᠠᠤ ᠶᠠᠷᠢᠵᠥ᠂ ᠳᠡᠭᠦᠨ ᠤ ᠦᠭᠡᠨ ᠳᠤ ᠨᠢᠯᠬ᠎ᠠ ᠠᠮᠢ ᠨᠠᠰᠤ ᠶᠢ ᠨᠠᠨᠳᠢᠩᠨᠠᠨ ᠬᠠᠶᠢᠷᠠᠯᠠᠬᠤ ᠪᠠ ᠡᠯᠪᠡᠭ ᠬᠤᠷᠢᠶᠠᠯᠲᠠ ᠶᠢᠨ ᠲᠤᠬᠠᠢ ᠬᠦᠰᠡᠯ ᠡᠷᠡᠮᠡᠯᠵᠡᠯ ᠪᠢᠯᠬᠠᠨ᠎ᠠ᠃       ︽ᠡᠳᠡᠭᠡᠷ ᠨᠢᠯᠬ᠎ᠠ ᠠᠮᠢ ᠨᠠᠰᠤ ᠶᠢ ᠤᠭᠲᠤᠬᠤ ᠶᠢᠨ ᠲᠥᠯᠥᠭᠡ ᠪᠢᠳᠡ ᠪᠡᠯᠡᠳᠬᠡᠯ ᠢᠶᠠᠨ ᠭᠦᠢᠴᠡᠳ ᠬᠢᠵᠡᠢ᠃ ᠥᠩᠭᠡᠷᠡᠭᠰᠡᠨ ᠳᠤ ᠬᠠᠰᠢᠶ᠎ᠠ ᠰᠠᠷᠠᠪᠴᠢ ᠶᠢᠨ ᠲᠥᠬᠦᠭᠡᠷᠦᠮᠵᠢ ᠨᠢ ᠲᠡᠶᠢᠮᠦ ᠰᠠᠶᠢᠨ ᠪᠢᠰᠢ᠂ ᠣᠲᠣ ᠲᠥᠬᠦᠭᠡᠷᠦᠮᠵᠢ ᠪᠦᠷᠢᠨ ᠲᠡᠭᠦᠯᠳᠡᠷ᠂ ᠪᠠᠰᠠ ᠳᠤᠯᠠᠭᠠᠨ ᠰᠠᠷᠠᠪᠴᠢ ᠪᠠᠶᠢᠭᠤᠯᠵᠤ᠂ ᠠᠯᠤᠰ ᠡᠵᠡᠮᠳᠡᠭᠦᠷ ᠤᠭᠰᠠᠷᠠᠵᠠᠢ᠂ ᠭᠡᠷ ᠠᠴᠠ ᠪᠠᠨ ᠬᠠᠰᠢᠶ᠎ᠠ ᠰᠠᠷᠠᠪᠴᠢ ᠶᠢᠨ ᠪᠠᠶᠢᠳᠠᠯ ᠢ ᠣᠯᠵᠤ ᠬᠠᠷᠠᠨ᠂ ᠲᠥᠯ ᠲᠤᠰᠬᠤ ᠨᠢ ᠮᠠᠰᠢ ᠳᠥᠭᠦᠮ ᠪᠣᠯᠵᠠᠢ︾ ᠭᠡᠵᠥ ᠡᠷᠳᠡᠮᠳᠥ ᠬᠡᠯᠡᠪᠡ᠃ ᠡᠳᠦᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯᠴᠢᠨ ᠲᠠᠷᠢᠶᠠᠴᠢᠨ ᠡᠷᠥᠬᠡ ᠪᠦᠷᠢ ᠪᠠᠷᠤᠭ ᠪᠥᠷ ᠳᠤᠯᠠᠭᠠᠨ ᠰᠠᠷᠠᠪᠴᠢ ᠲᠠᠢ᠂ ᠲᠥᠬᠦᠭᠡᠷᠦᠮᠵᠢ ᠪᠦᠷᠢᠨ᠂ ᠡᠪᠡᠰᠦ ᠪᠣᠷᠳᠤᠭ᠎ᠠ ᠡᠯᠪᠡᠭ ᠪᠠᠶᠢᠵᠤ᠂ ᠬᠠᠬᠢᠷ ᠬᠦᠢᠲᠡᠨ ᠴᠠᠭ ᠠᠭᠤᠷ ᠲᠤ ᠴᠤ ᠭᠡᠰᠡᠨ ᠲᠥᠯ ᠲᠤᠰᠴᠤ ᠪᠤᠶᠢᠵᠢᠭᠤᠯᠬᠤ ᠨᠥᠬᠦᠴᠡᠯ ᠲᠠᠢ ᠶᠤᠮ᠃ ᠡᠨᠡ ᠵᠢᠯ ᠬᠤᠨᠢ ᠪᠠᠨ ᠡᠷᠳᠡᠬᠡᠨ ᠲᠥᠯᠯᠡᠭᠦᠯᠥᠭᠰᠡᠨ ᠠᠴᠠ ᠬᠤᠷᠠᠭ᠎ᠠ ᠪᠠᠨ ᠡᠷᠳᠡᠭᠡᠨ ᠬᠠᠰᠢᠶ᠎ᠡ ᠠᠴᠠ ᠨᠢ ᠭᠠᠷᠭᠠᠵᠤ᠂ᠡᠷᠲᠡᠬᠡᠨ ᠪᠣᠷᠣᠯᠠᠭᠤᠯᠵᠤ᠂ ᠡᠷᠲᠡᠬᠡᠨ ᠠᠰᠢᠭ ᠣᠷᠣᠯᠭ᠎ᠠ ᠤᠯᠬᠤ ᠶᠤᠮ ᠪᠠᠶᠢᠨ᠎ᠠ᠂ ᠡᠨᠡ ᠨᠢ ᠨᠤᠲᠤᠭ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠬᠦ ᠪᠠᠷ ᠪᠠᠷᠠᠬᠤ ᠥᠬᠡᠶ ᠮᠠᠯᠴᠢᠨ ᠲᠠᠷᠢᠶᠠᠴᠢᠨ ᠤ ᠣᠷᠣᠯᠭ᠎ᠠ ᠶᠢ ᠴᠦ ᠪᠦᠲᠦᠮᠵᠢᠲᠡᠶ ᠳᠡᠭᠡᠰᠢᠯᠡᠭᠦᠯᠬᠦ ᠪᠤᠯᠤᠨ᠎ᠠ᠃       ᠲᠥᠯ ᠲᠤᠰᠴᠤ ᠪᠤᠶᠢᠵᠢᠭᠤᠯᠬᠤ ᠠᠵᠢᠯ ᠪᠣᠯ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠴᠢᠬᠤᠯᠠ ᠨᠢᠭᠡ ᠭᠤᠭᠴᠤᠭ᠎ᠠ ᠪᠠᠶᠢᠵᠤ᠂ ᠮᠠᠯᠴᠢᠳ ᠤᠨ ᠨᠢᠭᠡ ᠵᠢᠯ ᠤᠨ ᠤᠷᠤᠯᠭ᠎ᠠ ᠬᠤᠷᠢᠶᠠᠯᠲᠠ ᠶᠢ ᠲᠣᠭᠲᠠᠭᠠᠬᠤ ᠪᠠᠷ ᠪᠠᠷᠠᠬᠤ ᠦᠭᠡᠢ ᠪᠠᠰᠠ ᠮᠠᠯ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠳᠤ ᠬᠤᠯᠪᠣᠭᠳᠠᠵᠤ ᠪᠠᠶᠢᠳᠠᠭ᠃ ᠲᠥᠯ ᠲᠤᠰᠴᠤ ᠪᠤᠶᠢᠵᠢᠭᠤᠯᠬᠤ ᠠᠵᠢᠯ ᠢ ᠡᠮᠬᠢ ᠴᠡᠭᠴᠡ ᠲᠠᠢ ᠠᠬᠢᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠡᠷᠲᠡ ᠲᠥᠯᠥᠪᠵᠢᠭᠦᠯᠵᠦ᠂ ᠡᠷᠲᠡ ᠪᠠᠶᠢᠷᠢᠯᠠᠭᠤᠯᠪᠠ᠃ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ᠂ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠳ ᠢ ᠢᠳᠡᠪᠬᠢᠲᠡᠶ ᠪᠠᠷ ᠬᠠᠪᠰᠤᠷᠤᠨ ᠲᠥᠯ ᠲᠤᠰᠴᠤ ᠪᠤᠶᠢᠵᠢᠭᠤᠯᠬᠤ ᠳᠤᠮᠳᠠ ᠲᠤᠯᠭᠠᠷᠠᠭᠰᠠᠨ ᠡᠯ᠎ᠡ ᠵᠦᠢᠯ ᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠲᠥᠯ ᠲᠤᠰᠴᠤ ᠪᠤᠶᠢᠵᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠳᠣᠯᠠᠪᠠ᠃ ᠲᠦᠷᠦ ᠶᠢᠨ ᠪᠤᠳᠤᠯᠭ᠎ᠠ᠂ ᠮᠡᠷᠭᠡᠵᠢᠯ ᠪᠣᠯᠤᠨ ᠮᠠᠯᠴᠢᠳ ᠤᠨ ᠰᠢᠷᠭᠠᠭᠤ ᠬᠠᠲᠠᠭᠤᠵᠢᠯᠲᠠᠢ ᠬᠥᠳᠡᠯᠮᠦᠷᠢ ᠶᠢᠨ ᠬᠠᠮᠲᠤ ᠶᠢᠨ ᠬᠥᠳᠡᠯᠭᠡᠭᠦᠷ ᠳᠣᠣᠷ᠎ᠠ᠂ ᠲᠠᠷᠬᠠᠨ ᠮᠤᠤᠮᠢᠩᠭᠠᠨ ᠤ ᠨᠤᠲᠤᠭ ᠪᠡᠯᠴᠢᠭᠡᠷ ᠨᠢ ᠶᠠᠭ ᠠᠮᠢ ᠠᠬᠤᠢ ᠪᠣᠯᠤᠨ ᠦᠷ᠎ᠡ ᠠᠰᠢᠭ ᠤᠨ ᠬᠤᠣᠰ ᠠᠮᠵᠢᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号