ᠴᠢᠬᠤᠯᠠ ᠮᠡᠳᠡᠭᠳᠡᠯ   ᠲᠦᠷᠦᠯᠬᠢ  ᠵᠢᠷᠦᠬᠡᠨ ᠡᠪᠡᠳᠴᠢᠨ ᠤ  ᠬᠤᠯᠪᠤᠭᠳᠠᠯ ᠪᠦᠬᠦᠢ ᠰᠢᠭᠰᠢᠨ ᠪᠠᠶᠢᠴᠠᠭᠠᠯᠲᠠ
ᠨᠡᠶᠢᠲᠡᠯᠡᠭᠰᠡᠨ ᠴᠠᠭ᠄
2025/3/7
      ︽2025 ᠣᠨ ᠤ  ︿ᠠᠨᠵᠧᠯ ᠤᠨ ᠠᠶᠠᠯᠠᠯ﹀ ᠲᠥᠷᠥᠯᠬᠢ ᠵᠢᠷᠦᠬᠡᠨ ᠡᠪᠡᠳᠴᠢᠨ ᠲᠠᠢ ᠬᠡᠦᠬᠡᠳ ᠢ ᠠᠪᠤᠷᠠᠨ ᠲᠤᠰᠠᠯᠠᠬᠤ ᠠᠵᠢᠯᠯᠠᠭ᠎ᠠ ᠶᠢᠨ ᠰᠢᠭᠰᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾  ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ ᠱᠠᠩᠬᠠᠶ ᠶᠢᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠪᠤᠭᠤᠲᠤ ᠬᠤᠲᠠ ᠳᠤ ᠲᠥᠷᠥᠯᠬᠢ ᠵᠢᠷᠦᠬᠡᠨ ᠡᠪᠡᠳᠴᠢᠨ ᠲᠠᠢ ᠬᠡᠦᠬᠡᠳ ᠢ ᠰᠢᠭᠰᠢᠨ ᠪᠠᠶᠢᠴᠠᠭᠠᠬᠤ ᠵᠢᠴᠢ ᠮᠡᠰᠡ ᠵᠠᠰᠠᠯ ᠤᠨ ᠳᠠᠷᠠᠭ᠎ᠠ ᠳᠠᠬᠢᠨ ᠪᠠᠶᠢᠴᠠᠭᠠᠬᠤ ᠠᠵᠢᠯ ᠢ ᠥᠷᠨᠢᠭᠦᠯᠦᠨ᠎ᠡ᠃  ᠠᠳᠡ ᠪᠣᠳᠠᠲᠠᠶ ᠤᠴᠢᠷ ᠢ ᠳᠣᠤᠷᠠᠬᠢ ᠮᠡᠲᠦ ᠮᠡᠳᠡᠭᠳᠡᠶ᠎ᠡ      ᠨᠢᠭᠡ᠂ ᠰᠢᠭᠰᠢᠨ ᠪᠠᠶᠢᠴᠠᠭᠠᠬᠤ ᠴᠠᠭ᠄     2025 ᠣᠨ ᠤ 3 ᠰᠠᠷ᠎ᠠ ᠶᠢᠨ 7 ᠤ ᠡᠳᠦᠷ ︵ᠭᠠᠷᠠᠭ ᠤᠨ ᠲᠠᠪᠤᠨ︶ ᠤᠨ ᠦᠳᠡ ᠶᠢᠨ ᠡᠮᠦᠨ᠎ᠡ 8᠄ 30-12᠄ 00     ᠬᠤᠶᠠᠷ᠂ ᠰᠢᠭᠰᠢᠨ ᠪᠠᠶᠢᠴᠠᠭᠠᠬᠤ ᠭᠠᠵᠠᠷ᠄     ᠪᠤᠭᠤᠲᠤ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠶᠢᠨ 4  ᠳ᠋ᠦ᠋ᠭᠡᠷ ᠠᠰᠠᠷ ᠤᠨ ︵PET- CT ᠠᠰᠠᠷ︶ ᠬᠤᠶᠠᠳᠤᠭᠠᠷ ᠲᠠᠪᠬᠤᠷᠭ᠎ᠠ ᠶᠢᠨ ᠬᠤᠷᠠᠯ ᠤᠨ ᠭᠡᠷ᠃     ᠭᠤᠷᠪᠠ᠂ ᠠᠩᠬᠠᠷᠬᠤ ᠵᠦᠢᠯ᠄    1. ᠲᠣᠰ ᠤᠳᠠᠭᠠᠨ ᠤ ᠰᠢᠭᠰᠢᠨ ᠪᠠᠶᠢᠴᠠᠭᠠᠯᠲᠠ ᠨᠢ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ  ᠪᠤᠯᠬᠤ ᠲᠤᠯᠠ ᠶᠠᠮᠠᠷ ᠴᠤ ᠰᠦᠢᠳᠬᠡᠯ ᠬᠤᠷᠢᠶᠠᠬᠤ ᠥᠬᠡᠶ᠃    2. ᠬᠡᠷ ᠤᠨ ᠠᠬᠠᠮᠠᠳ ᠬᠡᠤᠬᠡᠳ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ᠂ ᠴᠠᠭ ᠲᠤᠬᠠᠶ ᠳᠤᠨᠢ ᠲᠤᠬᠠᠶ ᠶᠢᠨ ᠲᠠᠯᠠᠪᠠᠶ ᠳᠤ ᠬᠦᠷᠴᠦ ︵ᠣᠨᠴᠠᠭᠠᠶᠢᠯᠠᠨ ᠠᠩᠬᠠᠷ᠄ ᠰᠢᠭᠰᠢᠨ ᠪᠠᠶᠢᠴᠠᠭᠠᠬᠤ ᠴᠠᠭ ᠨᠢ ᠦᠳᠡ ᠶᠢᠨ ᠡᠮᠦᠨᠡᠬᠢ 8᠄ 30-12᠄ 00︶᠂ ᠠᠵᠢᠯᠲᠠᠨ ᠤ ᠵᠢᠯᠣᠭᠤᠳᠣᠯᠭ᠎ᠠ ᠶᠢ ᠰᠣᠨᠣᠰᠴᠤ᠂ ᠰᠢᠭᠰᠢᠨ ᠪᠠᠶᠢᠴᠠᠭᠠᠯᠳᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃    ᠳᠥᠷᠪᠡ᠂ ᠬᠠᠷᠢᠯᠴᠠᠬᠤ ᠠᠷᠭ᠎ᠠ ᠮᠠᠶ᠋ᠢᠭ᠄  ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠤᠬᠠᠶᠢᠯᠠᠭᠰᠠᠨ ᠠᠵᠢᠯ ᠤᠨ ᠰᠠᠯᠠᠭ᠎ᠠ᠄ 0472 - 6172668   ᠬᠠᠷᠢᠯᠴᠠᠬᠤ ᠬᠥᠮᠦᠨ᠄ ᠵᠣᠣ ᠾᠧᠩ ︵ᠭᠠᠷ ᠤᠲᠠᠰᠤ᠄ 15049324997︶
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号