6 ᠲᠥᠷᠥᠯ ᠤᠨ ᠤᠶᠢᠯᠡᠳᠬᠦᠨ ᠢ ᠰᠢᠨ᠎ᠡ ᠪᠠᠷ ᠨᠡᠮᠡᠪᠡ︕ ᠥᠪᠥᠷ ᠮᠣᠩᠭᠤᠯ ᠤᠨ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠭᠠᠷᠴᠤ ᠢᠷᠡᠪᠡ
ᠨᠡᠶᠢᠲᠡᠯᠡᠭᠰᠡᠨ ᠴᠠᠭ᠄
2025/3/7
      ︽2025 ᠣᠨ ᠳᠤ ᠲᠣᠮᠣ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠤᠶᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠬᠦᠴᠦᠯᠡᠨ ᠥᠷᠭᠡᠳᠬᠡᠵᠦ ᠬᠡᠷᠡᠭᠵᠢᠭᠦᠯᠬᠦ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠤᠭᠤᠷᠢᠨ ᠡᠬᠢ ᠪᠠᠶᠠᠯᠢᠭ〔2025〕13 ᠳ᠋ᠤᠭᠠᠷ ᠲᠣᠭᠠᠲᠤ︶ ︽2025 ᠣᠨ ᠤ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠬᠤᠳᠠᠯᠳᠤᠭ᠎ᠠ ᠠᠯᠪᠠᠨ ᠭᠦᠢᠯᠭᠡᠭᠡ ᠵᠠᠬᠢᠳᠠᠯ 〔2025〕6 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ 2025 ᠣᠨ ᠤ ᠪᠥᠬᠦ ᠣᠷᠣᠨ ᠤ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠥᠷᠢ ᠥᠭᠬᠦ ᠠᠵᠢᠯ ᠢ ᠰᠠᠶᠢᠲᠤᠷ ᠬᠢᠨ᠎ᠡ᠃      12 ᠲᠣᠮᠣ ᠲᠥᠷᠥᠯ ᠤᠨ ᠦᠢᠯᠡᠳᠬᠦᠨ᠄ ᠬᠥᠷᠥᠭᠡᠭᠦᠷ ︵ᠬᠥᠯᠳᠡᠭᠡᠭᠦᠷ︶᠂ ᠬᠤᠪᠴᠠᠰᠤ ᠤᠬᠢᠶᠠᠬᠤ ᠮᠠᠰᠢᠨ ︵ᠬᠤᠪᠴᠠᠰᠤ ᠬᠠᠳᠠᠭᠠᠬᠤ ᠮᠠᠰᠢᠨ︶᠂ ᠲᠧᠯᠸᠢᠰ ︵ᠲᠤᠰᠬᠠᠭᠤᠷ︶᠂ ᠠᠭᠠᠷ ᠲᠣᠬᠢᠷᠠᠭᠤᠯᠤᠭᠴᠢ ︵ᠠᠭᠠᠷ ᠡᠭᠦᠰᠭᠡᠭᠴᠢ ᠶᠢᠨ ᠢᠯᠴᠢ ᠶᠢᠨ ᠬᠥᠭᠡᠷᠭᠡ︶᠂ ᠺᠣᠮᠫᠢᠤᠲ᠋ᠧᠷ᠂ ᠭᠡᠷ ᠲᠤ ᠭᠡᠷᠡᠭᠯᠡᠬᠦ ᠵᠤᠤᠬ᠎ᠠ ︵ᠬᠤᠷᠠᠮᠠᠯ ᠵᠤᠤᠬ᠎ᠠ︶᠂ ᠲᠣᠰᠣᠨ ᠤᠲᠤᠭ᠎ᠠ ᠰᠣᠷᠣᠬᠤ ᠮᠠᠰᠢᠨ᠂ ᠪᠢᠴᠢᠯ ᠳᠣᠯᠭᠢᠶᠠᠨ ᠵᠤᠤᠬ᠎ᠠ᠂ ᠤᠰᠤ ᠬᠠᠯᠠᠭᠠᠭᠤᠷ ︵ᠬᠠᠨ᠎ᠠ ᠶᠢᠨ ᠡᠯᠭᠦᠭᠦᠷ ᠵᠤᠤᠬ᠎ᠠ︶᠂ ᠠᠶᠠᠭ᠎ᠠ ᠤᠬᠢᠶᠠᠬᠤ ᠮᠠᠰᠢᠨ᠂ ᠤᠰᠤ ᠴᠡᠪᠡᠷᠰᠢᠭᠦᠯᠬᠦ ᠮᠠᠰᠢᠨ ︵ᠵᠥᠭᠡᠯᠡᠨ ᠤᠰᠤᠨ ᠤ ᠮᠠᠰᠢᠨ᠂ ᠤᠤᠭᠤᠬᠤ ᠤᠰᠤᠨ ᠤ ᠮᠠᠰᠢᠨ︶᠂ ᠴᠠᠬᠢᠯᠭᠠᠨ ᠲᠣᠭᠤᠭ᠎ᠠ ︵ᠴᠠᠬᠢᠯᠭᠠᠨ ᠳᠠᠷᠤᠯᠲᠠᠲᠤ ᠲᠣᠭᠤᠭ᠎ᠠ︶᠃ᠰᠢᠨ᠎ᠡ ᠪᠠᠷ ᠨᠡᠮᠡᠭᠳᠡᠭᠰᠡᠨ 6 ᠲᠥᠷᠥᠯ ᠤᠨ ᠦᠢᠯᠡᠳᠬᠦᠨ᠄ ᠬᠤᠪᠴᠠᠰᠤ ᠬᠤᠨᠠᠷ ᠢᠯᠢᠭᠦᠷᠳᠡᠵᠦ ᠲᠡᠭᠰᠢᠯᠡᠬᠦ ᠮᠠᠰᠢᠨ ︵ᠢᠯᠢᠭᠦᠷᠳᠡᠬᠦ ᠮᠠᠰᠢᠨ᠂ ᠡᠯᠬᠦᠵᠦ ᠢᠯᠢᠭᠦᠷᠳᠡᠬᠦ ᠮᠠᠰᠢᠨ︶᠂ ᠭᠠᠵᠠᠷ ᠱᠦᠭᠦᠷᠳᠡᠬᠦ ᠮᠠᠰᠢᠨ ︵ᠭᠠᠵᠠᠷ ᠵᠦᠯᠭᠦᠬᠦ ᠮᠠᠰᠢᠨ ᠂ ᠭᠠᠵᠠᠷ ᠤᠬᠢᠶᠠᠬᠤ ᠮᠠᠰᠢᠨ᠂ ᠲᠣᠭᠤᠰᠣ ᠰᠣᠷᠣᠬᠤ ᠮᠠᠰᠢᠨ︶᠂ ᠵᠢᠩᠨᠡᠵᠦ ᠰᠢᠷᠠᠬᠤ ᠬᠠᠶᠢᠷᠴᠠᠭ ︵ᠵᠢᠩᠨᠡᠵᠦ ᠰᠢᠷᠠᠬᠤ ᠶᠢ ᠨᠢᠭᠡ ᠴᠣᠭᠴᠠᠵᠢᠭᠤᠯᠤᠭᠰᠠᠨ ᠮᠠᠰᠢᠨ᠂ ᠵᠢᠩᠨᠡᠬᠤ ᠬᠠᠶᠢᠷᠴᠠᠭ᠂ ᠰᠢᠷᠠᠬᠤ ᠬᠠᠶᠢᠷᠴᠠᠭ︶᠂ ᠬᠠᠯᠠᠭᠤᠨ ᠠᠭᠤᠷ ᠢᠶᠠᠷ ᠪᠤᠯᠭᠤᠭᠠᠬᠤ ᠲᠣᠭᠤᠭ᠎ᠠ᠂ ᠠᠭᠠᠷ ᠴᠡᠪᠡᠷᠰᠢᠭᠦᠯᠦᠭᠴᠢ ᠮᠠᠰᠢᠨ ︵ᠰᠢᠨ᠎ᠡ ᠦᠯᠢᠶᠡᠭᠦᠷ ᠮᠠᠰᠢᠨ᠂ ᠴᠢᠭᠢᠭᠲᠦᠭᠦᠯᠬᠦ ᠮᠠᠰᠢᠨ᠂ ᠴᠠᠬᠢᠯᠭᠠᠨ ᠳᠤᠯᠠᠭᠠᠮᠵᠢ︶᠂ ᠴᠠᠬᠢᠯᠭᠠᠨ ᠠᠭᠤᠷ ᠤᠨ ᠲᠣᠭᠤᠭ᠎ᠠ ︵ᠬᠠᠯᠠᠭᠤᠨ ᠤᠰᠤᠨ ᠤ ᠴᠠᠬᠢᠯᠭᠠᠨ ᠳᠡᠪᠦᠷ᠎ᠡ᠂ ᠪᠡᠶ᠎ᠡ ᠰᠤᠪᠢᠯᠠᠬᠤ ᠳᠡᠪᠦᠷ᠎ᠡ᠂ ᠴᠠᠬᠢᠯᠭᠠᠨ ᠬᠠᠯᠠᠭᠤᠨ ᠲᠣᠭᠤᠭ᠎ᠠ᠂ ᠴᠠᠬᠢᠯᠭᠠᠨ ᠬᠠᠭᠠᠷᠢᠭᠤᠯ ᠲᠣᠭᠤᠭ᠎ᠠ᠂ ᠴᠠᠬᠢᠯᠭᠠᠨ ᠰᠣᠷᠢᠨᠵᠢᠨ ᠵᠤᠤᠬ᠎ᠠ︶᠃ᠨᠥᠬᠦᠪᠥᠷᠢ ᠨᠢᠭᠡᠪᠦᠷᠢ ᠶᠢ 2000 ᠲᠥᠭᠦᠷᠢᠭ ᠠᠴᠠ ᠭᠡᠳᠦᠷᠡᠬᠦᠯᠬᠦ ᠥᠬᠡᠶ᠂ 2024 ᠣᠨ ᠳᠤ ᠨᠢᠭᠡᠨᠲᠡ ᠶᠠᠮᠠᠷ ᠨᠢᠭᠡᠨ ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠤᠨ ᠤᠶᠢᠯᠡᠳᠬᠦᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢ ᠭᠥᠷᠳᠡᠭᠰᠡᠨ ᠬᠤᠪᠢ ᠶᠢᠨ ᠬᠡᠷᠡᠭᠯᠡᠭᠴᠢ ᠨᠢ 2025 ᠣᠨ ᠳᠤ ᠠᠳᠠᠯᠢ ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠤᠨ ᠤᠶᠢᠯᠡᠳᠬᠦᠨ ᠬᠤᠳᠠᠯᠳᠤᠨ ᠠᠪᠤᠪᠠᠯ ᠦᠷᠭᠦᠯᠵᠢᠯᠡᠨ ᠨᠥᠬᠦᠪᠥᠷᠢ ᠭᠥᠷᠳᠡᠵᠦ ᠪᠣᠯᠤᠨ᠎ᠠ᠃ ᠨᠥᠬᠦᠪᠥᠷᠢᠯᠡᠬᠦ ᠴᠠᠭ ᠬᠤᠭᠤᠴᠠᠭ᠎ᠠ ᠨᠢ 2025 ᠣᠨ ᠪᠣᠯᠤᠨ᠎ᠠ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号