ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽  ᠯᠧᠢ ᠹᠧᠩ ᠠᠴᠠ ᠰᠤᠷᠤᠯᠴᠠᠵᠤ᠂ ᠪᠣᠯᠪᠠᠰᠤᠨ  ᠢᠶᠠᠷ ᠦᠪᠡᠷ ᠤᠨ ᠠᠵᠢᠯᠯᠠᠭ᠎ᠠ ᠪᠠᠨ ᠦᠢᠯᠡᠳᠦᠯᠭᠡᠵᠢᠭᠦᠯᠬᠦ ︾ ᠭᠤᠣᠯ ᠰᠡᠳᠦᠪᠲᠦ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/3/7
      ᠯᠧᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠬᠦ ᠶᠢᠨ ᠲᠥᠯᠥᠭᠡ᠂ 3 ᠰᠠᠷ᠎ᠠ ᠶᠢᠨ 5 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠯᠧᠢ ᠹᠧᠩ ᠠᠴᠠ ᠰᠤᠷᠤᠯᠴᠠᠵᠤ᠂ ᠪᠣᠯᠪᠠᠰᠤᠨ  ᠢᠶᠠᠷ ᠦᠪᠡᠷ ᠤᠨ ᠠᠵᠢᠯᠯᠠᠭ᠎ᠠ ᠪᠠᠨ ᠦᠢᠯᠡᠳᠦᠯᠭᠡᠵᠢᠭᠦᠯᠬᠦ︾ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠠᠲᠤᠬᠠᠭᠠᠯᠭ᠎ᠠ ᠪᠠᠯᠭᠠᠰᠤᠨ ᠤ ᠱᠦᠢ ᠲᠠ ᠵᠡᠭᠡᠯᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ  ᠬᠦᠰᠢᠭᠡ ᠪᠠᠨ ᠰᠡᠬᠦᠪᠡ ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ ᠠᠵᠢᠯᠯᠠᠭ᠎ᠠ ᠡᠬᠢᠯᠡᠭᠰᠡᠨ ᠢ ᠵᠠᠷᠯᠠᠬᠤ ᠶᠢᠨ ᠬᠠᠮᠲᠤ ᠶᠠᠷᠢᠶ᠎ᠠ ᠲᠠᠯᠪᠢᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ︽ᠯᠸᠢ ᠹᠧᠩ ᠠᠴᠠ ᠰᠤᠷᠤᠯᠴᠠᠵᠤ᠂ ᠪᠣᠯᠪᠠᠰᠤᠨ  ᠢᠶᠠᠷ ᠦᠪᠡᠷ ᠤᠨ ᠠᠵᠢᠯᠯᠠᠭ᠎ᠠ ᠪᠠᠨ ᠦᠢᠯᠡᠳᠦᠯᠭᠡᠵᠢᠭᠦᠯᠬᠦ︾ ᠶᠢᠨ ᠰᠠᠨᠠᠭᠠᠴᠢᠯᠠᠭ᠎ᠠ ᠶᠢᠨ ᠪᠢᠴᠢᠭ ᠢ ᠤᠩᠰᠢᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠯᠸᠢ ᠹᠧᠩ ᠤᠨ ᠵᠣᠷᠢᠭ ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠤᠷᠢᠶᠠᠯᠠᠪᠠ᠃ ᠳᠠᠷᠠᠭ᠎ᠠ ᠨᠢ᠂ ᠤᠯᠠᠭᠠᠨᠮᠥ᠋ᠴᠢᠷ ᠤᠨ ᠭᠡᠰᠢᠭᠦᠳ ᠲᠤᠬᠠᠶ ᠶᠢᠨ ᠲᠠᠯᠠᠪᠠᠢ ᠶᠢᠨ ᠦᠵᠡᠭᠴᠢᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠠᠪᠴᠢᠷᠠᠵᠤ᠂ ᠤᠷᠠᠯᠢᠭ ᠤᠨ ᠬᠡᠯᠪᠡᠷᠢ ᠪᠠᠷ ᠯᠸᠢ ᠹᠧᠩ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠵᠤ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠤᠯᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽ᠪᠣᠯᠪᠠᠰᠤᠨ ᠴᠤᠭᠯᠠᠭ᠎ᠠ ᠮᠠᠶᠢᠮᠠᠢ︾ ᠶᠢᠨ ᠠᠵᠢᠯᠯᠠᠭ᠎ᠠ ᠵᠡᠷᠭᠡᠪᠡᠷ ᠶᠠᠪᠤᠭᠳᠠᠪᠠ᠃ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠠᠵᠢᠯᠯᠠᠭ᠎ᠠ ᠶᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠮᠡᠬᠡᠯᠡᠯ ᠢ ᠡᠰᠡᠷᠭᠦᠴᠡᠵᠦ ᠬᠤᠤᠷᠲᠤ ᠡᠳ᠋ ᠢ ᠴᠠᠭᠠᠵᠠᠯᠠᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠪᠣᠯᠪᠠᠰᠤᠨ ᠬᠡᠪ ᠰᠤᠷᠲᠠᠯ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠵᠡᠷᠭᠡ ᠣᠯᠠᠨ ᠶᠠᠩᠵᠤ ᠬᠡᠯᠪᠡᠷᠢ ᠶᠢᠨ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠦᠷᠨᠢᠬᠦᠯᠵᠦ᠂ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠤ  ᠬᠠᠯᠠᠭᠤᠨ ᠬᠦᠷᠢᠶᠡᠯᠡᠯ ᠢ ᠤᠯᠪᠠ᠃      ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠢᠨ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠦᠷᠴᠦ᠂ ᠪᠣᠯᠪᠠᠰᠤᠨ ᠤ ᠦᠢᠯᠡᠳᠦᠯᠭᠡ ᠶᠢᠨ ᠭᠤᠤᠯ ᠰᠡᠳᠦᠪ ᠤᠨ ᠲᠣᠭᠤᠷᠢᠨ ᠳᠤ ᠡᠯ᠎ᠡ ᠲᠥᠷᠥᠯ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠪᠣᠯᠪᠠᠰᠤᠨ ᠤ ᠦᠢᠯᠡᠳᠦᠯᠭᠡ ᠪᠣᠯ ᠰᠢᠨ᠎ᠡ ᠴᠠᠭ ᠦᠶ᠎ᠡ ᠳᠤ ᠯᠸᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠶᠢᠨ ᠴᠢᠬᠤᠯᠠ ᠠᠴᠢᠶᠠᠯᠠᠪᠤᠷᠢ ᠂ ᠮᠥᠨ ᠴᠤ ᠥᠷᠭᠡᠨ ᠤᠯᠠᠨ ᠲᠦᠮᠡᠨ ᠤ ᠯᠸᠢ ᠹᠧᠩ ᠠᠴᠠ ᠰᠤᠷᠤᠯᠴᠠᠬᠤ ᠪᠦᠲᠦᠮᠵᠢᠲᠡᠢ ᠬᠡᠯᠪᠡᠷᠢ ᠪᠠ ᠠᠷᠭ᠎ᠠ ᠵᠠᠮ ᠶᠤᠮ ᠃ ᠳᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠯᠸᠢ ᠹᠧᠩ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠤᠯᠠᠨ ᠲᠦᠮᠡᠨᠴᠢᠯᠡᠬᠦ᠂ ᠪᠠᠶᠢᠩᠭᠤᠵᠢᠭᠰᠠᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠦᠨᠡᠨ ᠬᠦ ᠤᠯᠠᠨ ᠲᠦᠮᠡᠨ ᠳᠤ ᠠᠭᠤᠰᠤᠯᠴᠠᠭᠤᠯᠵᠤ᠂    ᠦᠷᠬᠦᠯᠵᠢ ᠶᠢᠨ ᠴᠢᠨᠠᠷᠳᠠᠢ ᠠᠵᠢᠯᠯᠠᠭ᠎ᠠ ᠦᠷᠨᠢᠬᠦᠯᠵᠦ᠂ ᠮᠠᠨ ᠤ ᠬᠤᠰᠢᠭᠤᠨ ᠤ ᠪᠣᠯᠪᠠᠰᠤᠨ ᠤ ᠦᠢᠯᠡᠳᠦᠯᠭᠡ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号