︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭ ᠠᠭᠤᠷ ᠤᠨ ᠬᠤᠷᠢᠶ᠎ᠠ ᠡᠯᠡᠰᠦᠨ ᠰᠢᠭᠤᠷᠭ᠎ᠠ ᠶᠢᠨ | ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠨᠡᠢᠲᠡᠯᠡᠪᠡ᠄ 12 ᠴᠠᠭ ᠤᠨ ᠳᠣᠲᠣᠷ᠎ᠠ ᠪᠦᠬᠦ ᠬᠤᠰᠢᠭᠤᠨ ᠳᠤ ᠡᠯᠡᠰᠦᠨ | ᠰᠢᠭᠤᠷᠭ᠎ᠠ ᠶᠢᠨ ᠴᠠᠭ ᠠᠭᠤᠷ ᠭᠠᠷᠴᠤ ᠮᠡᠳᠡᠨ᠎ᠡ᠃ ᠲᠣᠰ ᠤᠳᠠᠭᠠᠨ ᠤ ᠶᠡᠭᠡ ᠰᠠᠯᠬᠢ ᠡᠯᠡᠰᠦᠨ ᠰᠢᠭᠤᠷᠭ᠎ᠠ ᠶᠢᠨ ᠴᠠᠭ | ᠠᠭᠤᠷ ᠤᠨ ᠨᠥᠯᠥᠭᠡᠯᠡᠬᠦ ᠬᠡᠪᠴᠢᠶ᠎ᠡ ᠥᠷᠭᠡᠨ᠂ ᠰᠠᠯᠬᠢᠨ ᠤ ᠬᠦᠴᠦ ᠶᠡᠭᠡ᠂ ᠦᠵᠡᠭᠳᠡᠴᠡ ᠠᠨᠠᠶ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠵᠢᠴᠢ ᠣᠯᠠᠨ ᠨᠡᠶᠢᠲᠡ ᠶᠢᠨ ᠤᠷᠢᠳᠴᠢᠯᠠᠨ ᠰᠡᠷᠭᠡᠶᠢᠯᠡᠬᠦ ᠶᠢ ᠰᠠᠨᠠᠭᠤᠯᠤᠶ᠎ᠠ᠃ ᠡᠭᠦᠨ ᠠᠴᠠ | ᠭᠠᠳᠠᠨ᠎ᠠ᠂ ᠠᠭᠠᠷ ᠤᠨ ᠳᠤᠯᠠᠭᠠᠨ ᠶᠡᠭᠡᠪᠡᠷ ᠪᠠᠭᠤᠷᠠᠵᠤ᠂ ᠬᠦᠢᠲᠡᠨ ᠠᠭᠤᠷ ᠠᠮᠢᠰᠬᠤᠯ ᠤᠨ ᠭᠠᠮᠰᠢᠭ ᠪᠤᠯᠬᠤ | ᠲᠦᠭᠰᠢᠭᠦᠷᠢ ᠥᠨᠳᠥᠷ ᠪᠠᠶᠢᠵᠤ᠂ ᠲᠥᠬᠦᠭᠡᠷᠦᠮᠵᠢᠲᠦ ᠲᠠᠷᠢᠶᠠᠯᠠᠩ ᠤᠨ ᠲᠠᠷᠢᠮᠠᠯ ᠤᠨ ᠡᠷᠦᠬᠡ ᠠᠷᠭᠠᠴᠠᠭᠠᠬᠤ ᠠᠷᠭ᠎ᠠ | ᠬᠡᠮᠵᠢᠶ᠎ᠡ ᠪᠠᠨ ᠤᠷᠢᠳᠴᠢᠯᠠᠨ ᠰᠠᠶᠢᠲᠤᠷ ᠬᠢᠬᠦ ᠬᠡᠷᠡᠭᠲᠡᠶ ᠁︾ | ᠭᠡᠷ ᠨᠢ ᠰᠢ ᠾᠧ ᠰᠢᠶᠠᠩ ᠤᠨ ᠭᠤᠸᠠᠩ ᠬᠠᠨ ᠲᠣᠰᠬᠤᠨ ᠤ ᠬᠤ᠋ ᠬᠠᠢ ᠹᠦ᠋ ᠨᠠᠰᠤᠳᠠᠨ᠂ ᠭᠡᠷ ᠤᠨ | ᠡᠭᠦᠳᠡᠨ ᠳᠠᠬᠢ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢ ᠰᠤᠨᠤᠰᠤᠩᠭᠤᠳᠠ ᠪᠠᠨ ᠶᠠᠭᠠᠷᠠᠤ | ᠰᠠᠨᠳᠤᠷᠤᠤ ᠭᠠᠷ ᠲᠠᠬᠢ ᠱᠦᠭᠦᠷ ᠢᠶᠠᠨ ᠲᠠᠯᠪᠢᠵᠤ᠂ ᠭᠡᠷ ᠤᠨ ᠬᠥᠮᠦᠰ ᠲᠤ ᠪᠠᠨ ᠡᠨᠡ ᠴᠢᠮᠡᠭᠡ ᠶᠢ ᠵᠠᠬᠢᠴᠢᠬᠠᠭᠠᠳ᠂ | ᠥᠪᠡᠷ ᠤᠨ ᠮᠠᠯ ᠤᠨᠤᠭ᠎ᠠ ᠪᠠᠨ ᠬᠠᠰᠢᠶᠠᠯᠠᠵᠠᠢ᠃ ︽ᠡᠨᠡ ᠬᠦ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠶᠢ | ᠲᠣᠬᠢᠷᠠᠭᠤᠯᠤᠭᠰᠠᠨ ᠠᠴᠠ ᠨᠠᠰᠢ᠂ ᠶᠠᠮᠠᠷ ᠴᠠᠭ ᠠᠭᠤᠷ ᠤᠨ ᠬᠤᠪᠢᠷᠠᠯᠲᠠ ᠲᠠᠢ ᠪᠤᠯᠬᠤ᠂ ᠶᠠᠮᠠᠷ ᠪᠠᠴᠢᠮ ᠮᠡᠳᠡᠭᠡ | ᠵᠠᠩᠭᠢ ᠪᠠᠶᠢᠬᠤ ᠶᠢ ᠪᠢᠳᠡ ᠭᠡᠷ ᠲᠤ ᠪᠠᠨ ᠰᠠᠭᠤᠭᠠᠳ ᠣᠯᠵᠤ ᠮᠡᠳᠡᠵᠦ ᠳᠡᠶᠢᠯᠦᠨ᠎ᠡ᠂ ᠥᠨᠥᠳᠥᠷ ᠤᠨ ᠡᠨᠡ ᠡᠯᠡᠰᠦᠨ | ᠰᠢᠭᠤᠷᠭ᠎ᠠ ᠰᠢᠭ᠋᠂ ᠪᠢ ᠮᠠᠯ ᠤᠨᠤᠭ᠎ᠠ ᠪᠠᠨ ᠤᠷᠢᠳᠴᠢᠯᠠᠨ ᠠᠪᠴᠢᠷᠠᠵᠤ ᠬᠠᠰᠢᠶᠠᠯᠠᠵᠠᠢ᠂ ᠡᠨᠡ ᠬᠦ ᠪᠠᠴᠢᠮ | ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠦᠨᠡᠭᠡᠷ ᠲᠤᠰᠠᠲᠠᠶ ᠶᠤᠮ︾ ᠭᠡᠵᠦ ᠬᠤ᠋ ᠬᠠᠢ ᠹᠦ᠋ ᠬᠡᠯᠡᠪᠡ᠃ | ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠪᠣᠯ | ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠠᠶᠢᠷᠢᠯᠠᠭᠤᠯᠤᠭᠰᠠᠨ ᠨᠢᠭᠡ ᠵᠦᠢᠯ ᠤᠨ | ᠭᠤᠤᠯᠳᠠᠯᠭ᠎ᠠ ᠲᠠᠢ ᠠᠵᠢᠯ ᠪᠣᠯᠤᠨ᠎ᠠ᠃ ᠤᠢᠢᠷ᠎ᠠ ᠶᠢᠨ ᠵᠢᠯ ᠠᠴᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ | ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠬᠤᠪᠢᠶᠠᠷᠢ ᠺᠣᠮᠫᠠᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠰᠠᠶᠢᠨ ᠲᠤᠷ᠎ᠠ ᠠᠴᠠ ᠪᠠᠨ ᠲᠤᠭ ᠲᠠᠯᠪᠠᠭ᠎ᠠ ᠪᠤᠰᠬᠠᠬᠤ᠂ ᠠᠷᠠᠳ ᠤᠨ ᠰᠡᠳᠬᠢᠯ ᠢ | ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠲᠦᠷᠢ ᠲᠥᠷᠬᠦ ᠶᠢ ᠢᠯᠡᠷᠡᠭᠦᠯᠬᠦ | ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ | ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ | ᠨᠡᠪᠲᠡᠷᠡᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠪᠠ᠃ | 2024 ᠣᠨ ᠤ 9 ᠰᠠᠷ᠎ᠠ ᠶᠢᠨ 20 ᠤ ᠡᠳᠦᠷ ᠠᠴᠠ 10 ᠰᠠᠷ᠎ᠠ ᠶᠢᠨ 30 ᠤ ᠡᠳᠦᠷ ᠪᠣᠯᠲᠠᠯ᠎ᠠ᠂ ᠵᠥᠪᠬᠡᠨ | 40 ᠡᠳᠦᠷ ᠤᠨ ᠴᠠᠭ ᠵᠠᠷᠤᠴᠠᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 450 ᠲᠦᠮᠡᠨ ᠲᠥᠭᠦᠷᠢᠭ ᠤᠨ | ᠤᠯᠤᠰ ᠤᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠴᠦᠭᠡᠨ ᠲᠤᠭᠠᠳᠤ ᠦᠨᠳᠦᠰᠦᠳᠡᠨ ᠤ ᠵᠠᠬ᠎ᠠ ᠬᠢᠵᠠᠭᠠᠷ | ᠤᠷᠤᠨ ᠵᠢᠴᠢ ᠬᠥᠭᠵᠢᠭᠡᠳᠦᠢ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠳᠤ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠥᠷᠥᠯ ᠵᠦᠢᠯ ᠨᠢ ᠨᠡᠶᠢᠲᠡ 12 ᠰᠢᠶᠠᠩ ᠪᠠᠯᠭᠠᠰᠤ | ᠰᠤᠮᠤ᠂ 77 ᠵᠠᠰᠠᠭ ᠵᠠᠬᠢᠷᠭᠠᠨ ᠤ ᠭᠠᠴᠠᠭ᠎ᠠ ᠲᠣᠰᠬᠤᠨ᠂ 7 ᠨᠡᠶᠢᠭᠡᠮ ᠲᠣᠭᠤᠷᠢᠭ ᠢ ᠬᠠᠮᠤᠷᠴᠤ᠂ 264 ᠴᠡᠭ | ᠤᠭᠰᠠᠷᠠᠪᠠ᠃ | ︽ᠥᠩᠭᠡᠷᠡᠭᠰᠡᠨ ᠳᠤ ᠪᠢᠳᠡ ᠪᠦᠷ ᠤᠲᠠᠰᠤᠲᠤ ᠷᠠᠳᠢᠣ᠋ ᠨᠡᠪᠲᠡᠷᠡᠭᠦᠯᠭᠡ ᠶᠢ ᠬᠡᠷᠡᠭᠯᠡᠵᠦ᠂ ᠪᠦᠷᠬᠦᠴᠡ ᠪᠠᠭ᠎ᠠ᠂ | ᠤᠯᠠᠮᠵᠢᠯᠠᠨ ᠲᠠᠷᠬᠠᠭᠠᠬᠤ ᠦᠷ᠎ᠡ ᠪᠦᠲᠦᠮᠵᠢ ᠨᠢ ᠲᠡᠶᠢᠮᠤ ᠰᠠᠶᠢᠨ ᠪᠢᠰᠢ᠃ ᠤᠳᠤ ᠮᠠᠨ ᠤ ᠪᠠᠴᠢᠮ ᠪᠠᠶᠢᠳᠠᠯ ᠢ | ᠠᠷᠭᠠᠴᠠᠭᠠᠬᠤ ᠷᠠᠳᠢᠣ᠋ ᠨᠢ ᠨᠢᠭᠡᠨᠲᠡ ᠳᠠᠪᠲᠠᠮᠵᠢ ᠲᠣᠬᠢᠷᠠᠭᠤᠯᠬᠤ᠂ ᠳᠠᠭᠠᠭᠤᠯᠢ ᠣᠳᠣ᠂ ᠭᠡᠷᠡᠯᠴᠢ ᠴᠡᠨᠡᠭ ᠢ | ᠨᠡᠪᠲᠡᠷᠡᠭᠦᠯᠵᠦ᠂ ᠪᠦᠷᠬᠦᠴᠡ ᠨᠢ ᠨᠡᠩ ᠥᠷᠭᠡᠨ ᠪᠣᠯᠤᠭᠰᠠᠨ ᠢᠶᠠᠷ ᠪᠠᠷᠠᠬᠤ ᠦᠭᠡᠢ᠂ ᠳᠣᠬᠢᠶ᠎ᠠ ᠨᠢ ᠴᠦ ᠨᠡᠩ | ᠲᠣᠭᠲᠠᠭᠤᠨ ᠪᠣᠯᠵᠠᠶ︾ ᠬᠡᠵᠦ ᠲᠥᠷᠥᠯ ᠵᠦᠢᠯ ᠤᠨ ᠬᠠᠷᠢᠭᠤᠴᠠᠯᠭᠠᠲᠠᠨ ᠲᠠᠨᠢᠯᠴᠠᠭᠤᠯᠪᠠ᠃ ᠲᠥᠷᠥᠯ ᠵᠦᠢᠯ | ᠪᠠᠶᠢᠭᠤᠯᠤᠭᠳᠠᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢ ᠶᠢ ᠨᠡᠶᠢᠲᠡᠯᠡᠬᠦ ᠴᠢᠳᠠᠪᠤᠷᠢ ᠶᠢ | ᠶᠡᠭᠡ ᠪᠠᠷ ᠳᠡᠭᠡᠭᠰᠢᠯᠡᠭᠦᠯᠵᠦ᠂ ᠪᠠᠶᠢᠭᠠᠯᠢ ᠶᠢᠨ ᠭᠠᠮᠰᠢᠭ᠂ ᠪᠠᠴᠢᠮ ᠪᠠᠶᠢᠳᠠᠯ ᠵᠡᠷᠭᠡ ᠵᠠᠩᠭᠢᠯᠠᠭ᠎ᠠ ᠶᠢᠨ ᠴᠠᠭ | ᠬᠤᠭᠤᠴᠠᠭᠠᠨ ᠳᠤ ᠮᠡᠳᠡᠭᠡ ᠵᠠᠩᠭᠢ ᠶᠢ ᠲᠦᠷᠭᠡᠨ ᠪᠥᠭᠡᠳ ᠣᠨᠣᠪᠴᠢᠲᠠᠶ ᠳᠠᠮᠵᠢᠭᠤᠯᠬᠤ ᠶᠢ ᠦᠨᠡᠨ ᠬᠦ ᠪᠠᠲᠤᠯᠠᠵᠤ᠂ | ᠣᠯᠠᠨ ᠨᠡᠶᠢᠲᠡ ᠳᠤ ᠴᠠᠭ ᠲᠤᠬᠠᠶ ᠳᠤᠨᠢ ᠪᠦᠲᠦᠮᠵᠢᠲᠡᠶ ᠵᠢᠯᠣᠭᠤᠳᠣᠯᠭ᠎ᠠ ᠪᠠ ᠦᠢᠯᠡᠴᠢᠯᠡᠭᠡ ᠬᠠᠩᠭᠠᠪᠠ᠃ | ︽ᠲᠠᠷᠠᠭᠠᠴᠢ ᠶᠢᠨ ᠠᠯᠬᠤᠮ ᠳᠤ᠂ ᠪᠢᠳᠡ ᠪᠠᠰᠠ ᠤᠯᠤᠰ ᠤᠨ ᠬᠢᠯᠢ ᠬᠢᠵᠠᠭᠠᠷ ᠢ ᠪᠠᠬᠢᠵᠢᠭᠦᠯᠬᠦ ᠬᠤᠶᠠᠳᠤᠭᠠᠷ | ᠬᠤᠭᠤᠴᠠᠭᠠᠨ ᠤ ᠢᠨᠵᠧᠨᠧᠷᠢᠩ᠂ ᠴᠠᠬᠢᠯᠭᠠᠨ ᠮᠡᠳᠡᠭᠡ ᠪᠠᠷ ᠬᠢᠯᠢ ᠬᠢᠵᠠᠭᠠᠷ ᠢ ᠲᠦᠭᠡᠮᠡᠯᠵᠢᠭᠦᠯᠬᠦ ᠲᠥᠷᠥᠯ ᠵᠦᠢᠯ | ᠪᠣᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶᠤᠨᠴᠢ ᠮᠠᠯ ᠠᠵᠤ ᠠᠬᠤᠶ ᠶᠢᠨ ᠲᠡᠭ ᠪᠤᠯᠭᠠᠬᠤ | ᠲᠥᠷᠥᠯ ᠵᠦᠢᠯ ᠢᠶᠠᠷ ᠳᠠᠮᠵᠢᠭᠤᠯᠤᠨ᠂ ᠨᠠᠩ ᠣᠯᠠᠨ ᠠᠷᠠᠳ ᠣᠯᠠᠨ ᠤ ᠪᠣᠳᠠᠲᠠᠶ ᠠᠰᠠᠭᠤᠳᠠᠯ ᠢ ᠰᠢᠢᠳᠪᠦᠷᠢᠯᠡᠵᠦ᠂ | ᠡᠬᠡ ᠤᠯᠤᠰ ᠤᠨ ᠬᠢᠯᠢ ᠬᠢᠵᠠᠭᠠᠷ ᠲᠤ ᠪᠠᠶᠢᠭ᠎ᠠ ᠥᠷᠭᠡᠨ ᠣᠯᠠᠨ ᠮᠠᠯᠴᠢᠨ ᠲᠠᠷᠢᠶᠠᠴᠢᠨ ᠢ ᠴᠥᠮ ᠲᠧᠯᠸᠢᠰ ᠦᠵᠡᠵᠦ᠂ | ᠰᠦᠯᠵᠢᠶᠡᠨ ᠳᠤ ᠭᠠᠷᠴᠤ ᠲᠡᠶᠢᠯᠬᠦ ᠪᠤᠯᠭᠠᠵᠤ᠂ ᠪᠤᠶᠢᠳᠠ ᠪᠥᠭᠯᠡᠭᠦᠤ ᠮᠠᠯᠵᠢᠬᠤ ᠣᠷᠣᠨ ᠤ ᠷᠠᠳᠢᠣ᠋ ᠲᠧᠯᠸᠢᠰ ᠤᠨ | ᠥᠷᠭᠡᠨ ᠪᠦᠰᠡᠲᠦ ᠰᠦᠯᠵᠢᠶᠡᠨ ᠤ ᠦᠢᠯᠡᠴᠢᠯᠡᠭᠡ ᠶᠢᠨ ︿ᠡᠴᠦᠰ ᠤᠨ ᠨᠢᠭᠡ ᠺᠢᠯᠤᠮᠧᠲᠷ﹀ ᠢ ᠦᠨᠡᠨ ᠬᠦ | ᠨᠡᠪᠲᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ | ᠲᠥᠷᠥᠭᠳᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ︾ ᠬᠡᠵᠦ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ | ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠬᠤᠪᠢᠶᠠᠷᠢ ᠺᠣᠮᠫᠠᠨᠢ ᠶᠢᠨ ᠳᠠᠭᠠᠭᠠᠮᠠᠯ ᠸᠠᠩ ᠪᠥᠸᠧ ᠬᠡᠯᠡᠪᠡ᠃ |