ᠲᠠᠷᠬᠠᠨ ᠮᠤᠤᠮᠢᠩᠭᠠᠨ‌ᠬᠤᠯᠪᠤᠭᠠᠳᠣ ᠬᠤᠰᠢᠭᠤ ᠡᠯ ᠷᠧᠨ ᠲᠠᠢ ᠤᠷᠠᠯᠢᠭ ᠤᠨ ᠷᠢᠳᠢ ᠰᠢᠳᠢ ᠶᠢ ᠤᠯᠠᠮᠵᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2025/4/11
      ᠬᠠᠷᠠᠩᠭ᠎ᠠ ᠬᠡᠩᠭᠡᠷᠭᠡ ᠨᠢᠵᠢᠬᠢᠨᠡᠨ᠂ ᠶᠠᠲᠤᠭ᠎ᠠ ᠬᠥᠭᠵᠢᠮ ᠬᠦᠩᠭᠢᠨᠡᠵᠦ᠂ ᠬᠥᠮᠥᠰ ᠤᠨ ᠰᠡᠳᠬᠢᠯ ᠢ ᠬᠥᠭᠵᠢᠭᠡᠨ᠎ᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠳᠤ᠂ ᠢᠷᠠᠭᠤ ᠰᠠᠶᠢᠬᠠᠨ ᠡᠭᠡᠰᠢᠭ ᠳᠠᠭᠤᠨ ᠦᠳᠡ ᠶᠢᠨ ᠬᠤᠶᠢᠨ᠎ᠠ ᠪᠣᠯᠭᠠᠨ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠠᠰᠤᠭ ᠠᠴᠠ ᠰᠣᠨᠣᠰᠳᠠᠨ᠎ᠠ᠃ ᠠᠳᠡ ᠨᠢᠭᠡ ᠣᠨᠴᠠᠭᠠᠢ ᠡᠯ ᠷᠧᠨ ᠲᠠᠢ ᠲᠣᠭᠯᠠᠯᠲᠠ ᠶᠢᠨ ᠠᠩᠭᠢ ᠬᠥᠭᠵᠢᠶᠡᠨᠲᠡᠢ ᠪᠤᠯᠵᠤ᠂ ᠠᠩᠭᠢ ᠶᠢᠨ ᠭᠡᠰᠢᠭᠦᠳ ᠤᠨ ᠪᠡᠶ᠎ᠡ ᠭᠠᠷᠤᠯ ᠨᠢ ᠠᠳᠠᠯᠢ ᠦᠭᠡᠢ — ᠲᠣᠭᠤᠭᠠᠴᠢ᠂ ᠬᠤᠪᠢ ᠶᠢᠨ ᠬᠤᠳᠠᠯᠳᠤᠭᠠᠴᠢᠨ ᠂ ᠠᠵᠢᠯ ᠠᠴᠠ ᠪᠠᠨ ᠠᠮᠠᠷᠠᠭᠰᠠᠨ ᠠᠵᠢᠯᠲᠠᠨ ᠁ ᠲᠡᠳᠡ ᠲᠤᠰᠬᠠᠢ ᠲᠣᠭᠯᠠᠭᠴᠢ ᠪᠢᠰᠢ᠂ ᠬᠠᠷᠢᠨ ᠤᠯᠠᠮᠵᠢᠯᠠᠯᠲᠤ ᠤᠷᠠᠯᠢᠭ ᠤᠨ ᠬᠠᠯᠠᠭᠤᠨ ᠰᠡᠳᠬᠢᠯᠲᠦ ᠬᠥᠮᠥᠰ ᠮᠥᠨ᠂ ᠲᠡᠳᠡ ᠡᠳᠥᠷ ᠳᠣᠳᠤᠮ ᠤᠨ ᠠᠷ ᠰᠠᠷ ᠠᠮᠢᠳᠤᠷᠠᠯ ᠤᠨ ᠵᠠᠪᠰᠠᠷ ᠲᠤ ᠲᠣᠭᠯᠠᠯᠲᠠ ᠶᠢᠨ ᠬᠤᠪᠴᠠᠰᠤ ᠪᠠᠨ ᠰᠣᠯᠢᠨ᠂ ᠬᠥᠭᠵᠢᠮ ᠢᠶᠠᠨ ᠠᠪᠴᠤ᠂ ᠡᠨᠡ ᠬᠦ ᠠᠷᠠᠳ ᠤᠨ ᠤᠷᠠᠯᠢᠭ ᠢ ᠰᠠᠬᠢᠨ ᠬᠠᠮᠠᠭᠠᠯᠠᠵᠠᠢ᠃      ᠬᠤᠭᠤᠯᠠᠨ ᠭᠡᠷ ᠤᠨ ᠡᠵᠡᠨ ᠯᠢ ᠡᠯ ᠰᠢᠦ ᠪᠣᠯ ᠲᠣᠭᠯᠠᠯᠲᠠ ᠶᠢᠨ ᠠᠩᠭᠢ ᠶᠢᠨ ︽ᠭᠤᠣᠯ ᠲᠣᠭᠯᠠᠭᠴᠢ︾ ᠪᠣᠯᠤᠨ᠎ᠠ᠃ ᠲᠡᠷᠡ ᠡᠳᠦᠷ ᠪᠦᠷᠢ ᠬᠤᠭᠤᠯᠠᠨ ᠭᠡᠷ ᠳᠠᠬᠢ ᠠᠵᠢᠯ ᠢᠶᠠᠨ ᠪᠠᠷᠠᠭᠰᠠᠭᠠᠷ᠂ ᠲᠠᠷᠤᠢ ᠲᠥᠷᠭᠡᠨ ᠪᠤᠯᠪᠤᠰᠤᠷᠠᠯ ᠤᠨ ᠲᠠᠯᠠᠪᠤᠷ ᠲᠤ ᠢᠷᠡᠳᠡᠭ᠃ ︽ᠡᠳᠦᠷ ᠨᠢ ᠳᠣᠭᠤᠭ᠎ᠠ ᠰᠢᠨᠠᠭ᠎ᠠ ᠪᠠᠷ ᠣᠷᠤᠯᠳᠤᠵᠤ᠂ ᠣᠷᠣᠢ ᠨᠢ ᠵᠥᠴᠦᠭᠡ ᠪᠠᠨ ᠴᠡᠭᠡᠵᠢᠯᠡᠵᠥ᠂ ᠭᠠᠷ ᠳᠤ ᠪᠠᠨ ᠳᠣᠰᠤ ᠨᠠᠭᠠᠯᠳᠤᠭᠤᠯᠵᠤ᠂ ᠰᠡᠳᠬᠢᠯ ᠳᠤ ᠪᠠᠨ ᠵᠥᠴᠦᠭᠡ ᠪᠠᠨ ᠰᠠᠨᠠᠭᠠᠯᠵᠠᠨ᠎ᠡ︕︾ ᠯᠢ ᠡᠯ ᠰᠢᠦ ᠮᠠᠩᠨᠠᠢ ᠳᠡᠭᠡᠷᠡᠬᠢ ᠬᠥᠯᠥᠰᠥ ᠪᠠᠨ ᠠᠷᠴᠢᠭᠠᠳ᠂ ᠢᠨᠢᠶᠡᠬᠦ ᠳᠠᠭᠤ ᠨᠢ ᠬᠠᠩᠭᠢᠨᠠᠨ ᠰᠣᠨᠤᠰᠳᠠᠨ᠎ᠠ᠃ ᠲᠣᠭᠯᠠᠯᠲᠠ ᠶᠢᠨ ᠠᠩᠭᠢ ᠳᠤ ᠯᠢ ᠡᠯ ᠰᠢᠤ ᠮᠡᠳᠥ ᠶᠢᠨ ᠠᠩᠭᠢ ᠶᠢᠨ ᠭᠡᠰᠢᠭᠦᠨ ᠴᠥᠭᠡᠨ ᠪᠤᠰᠤ ᠪᠠᠶᠢᠳᠠᠭ᠂ ᠵᠢᠶᠠ ᠴᠢᠶᠣᠤ ᡁᠢ ᠬᠠᠷᠠᠬᠠᠨ ᠪᠠᠭ᠎ᠠ ᠠᠴᠠ ᠪᠠᠨ ᠡᠯ ᠷᠧᠨ ᠲᠠᠢ ᠶᠢ ᠰᠣᠨᠣᠰᠴᠤ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠰᠠᠶ᠋ᠢ ᠪᠠᠭ᠎ᠠ ᠶᠢᠨ ᠦᠶ᠎ᠡ ᠶᠢᠨ ᠬᠦᠰᠡᠯ ᠮᠥᠷᠦᠭᠡᠳᠥᠯ ᠢᠶᠠᠨ ᠪᠡᠶᠡᠯᠡᠭᠦᠯᠪᠡ︔ ᠵᠠᠩ ᠬᠦᠶ ᠶᠢᠩ ᠬᠡᠦᠬᠡᠳ ᠤᠨ ᠢᠶᠠᠨ ᠬᠢᠴᠢᠶᠡᠯ ᠢ ᠬᠠᠪᠰᠤᠷᠤᠨ ᠵᠢᠯᠣᠭᠤᠳᠬᠤ ᠳᠤ ᠴᠤ ᠵᠦᠴᠦᠭᠡ ᠶᠢᠨ ᠳᠡᠪᠲᠡᠷ ᠨᠢ ᠭᠠᠷ ᠠᠴᠠ ᠨᠢ ᠰᠠᠯᠤᠭᠰᠠᠨ ᠦᠭᠡᠢ᠃      ᠡᠨᠡ ᠬᠦ ᠠᠩᠬ᠎ᠠ ᠡᠬᠢᠨ ᠳᠤ ᠪᠠᠨ ᠵᠥᠪᠬᠡᠨ ᠭᠤᠷᠪᠠ ᠲᠠᠪᠤᠨ ᠭᠡᠰᠢᠭᠦᠨ ᠪᠠᠶᠢᠭᠰᠠᠨ ᠲᠣᠭᠯᠠᠯᠲᠠ ᠶᠢᠨ ᠠᠩᠭᠢ  ᠨᠢ ᠪᠠᠲᠤᠬᠠᠭᠠᠯᠭ᠎ᠠ ᠪᠠᠯᠭᠠᠰᠤᠨ ᠤ ᠵᠠᠰᠠᠭ ᠤᠨ ᠣᠷᠳᠣᠨ ᠤ ᠳᠡᠮᠵᠢᠯᠭᠡ ᠳᠣᠣᠷ᠎ᠠ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠣᠳᠤ ᠪᠣᠯᠬᠤ ᠳᠤ ᠲᠤᠰᠬᠠᠢ ᠪᠣᠯᠪᠠᠰᠤᠷᠠᠯ ᠤᠨ ᠲᠠᠯᠠᠪᠤᠷ ᠲᠠᠢ ᠪᠣᠯᠤᠭᠰᠠᠨ ᠢᠶᠠᠷ ᠪᠠᠷᠠᠬᠤ ᠦᠭᠡᠢ᠂ ᠨᠡᠩ ᠴᠤ ᠲᠤᠬᠠᠢ ᠶᠢᠨ ᠭᠠᠵᠠᠷ ᠤᠨ ᠠᠷᠠᠳ ᠤᠨ ᠵᠠᠩ ᠦᠢᠯᠡ ᠶᠢᠨ ᠲᠣᠭᠯᠠᠯᠲᠠ ᠶᠢᠨ ︽ᠠᠯᠳᠠᠨ ᠦᠰᠦᠭᠲᠦ ᠫᠠᠶᠢᠰᠠ︾ ᠪᠣᠯᠤᠭᠰᠠᠨ ᠪᠠᠶᠢᠨ᠎ᠠ᠃ ᠬᠠᠷᠠᠩᠭ᠎ᠠ ᠬᠡᠩᠭᠡᠷᠭᠡ ᠶᠢᠨ ᠳᠠᠭᠤᠨ ᠭᠠᠷᠤᠮᠠᠭᠴᠠ᠂ ᠲᠠᠶᠢᠰᠠᠨ ᠳᠣᠣᠷᠠᠬᠢ ᠦᠵᠡᠭᠴᠢᠳ ᠬᠥᠭᠵᠢᠮ ᠤᠨ ᠠᠶᠠᠰ ᠢᠶᠠᠷ ᠴᠣᠬᠢᠯᠭ᠎ᠠ ᠴᠣᠬᠢᠵᠤ᠂ ᠵᠠᠷᠢᠮ ᠨᠢ ᠴᠦ ᠥᠪᠡᠷ ᠤᠨ ᠡᠷᠬᠡ ᠦᠭᠡᠢ ᠠᠶᠠᠰ ᠢ  ᠲᠠᠭᠠᠨ ᠳᠠᠭᠤᠯᠠᠵᠤ ᠪᠠᠶᠢᠳᠠᠭ᠃ ᠡᠨᠡ ᠨᠢ ᠪᠠᠰᠠ ᠴᠤ ᠲᠣᠭᠯᠠᠯᠲᠠ ᠶᠢᠨ ᠠᠩᠭᠢ ᠶᠢᠨ ᠬᠠᠮᠤᠭ ᠤᠨ ᠣᠮᠣᠭᠰᠢᠯ ᠲᠠᠢ ᠴᠠᠭ ᠮᠥᠴᠡ ᠪᠣᠯᠤᠨ᠎ᠠ᠃ ︽ᠤᠳᠠᠭ᠎ᠠ ᠪᠦᠷᠢ ᠲᠠᠶᠢᠰᠠᠨ ᠳᠣᠣᠷᠠᠬᠢ ᠦᠵᠡᠭᠴᠢᠳ ᠤᠨ ᠰᠣᠨᠢᠷᠬᠠᠭᠰᠠᠨ ᠪᠠᠶᠢᠳᠠᠯ ᠢ ᠦᠵᠡᠪᠡᠯ ᠪᠢᠳᠡ ᠪᠠᠰᠠ ᠨᠡᠩ ᠢᠯᠡᠭᠦᠦ ᠬᠦᠴᠦ ᠲᠠᠯᠪᠢᠨ ᠲᠣᠭᠯᠠᠳᠠᠭ᠂ ᠡᠳᠦᠷ ᠪᠦᠷᠢ ᠶᠢᠨ ᠪᠣᠯᠪᠠᠰᠤᠷᠠᠯ ᠴᠤ ᠳᠤᠩ ᠤᠳᠬ᠎ᠠ ᠠᠭᠤᠯᠭ᠎ᠠ ᠲᠠᠢ ᠰᠠᠨᠠᠭᠳᠠᠳᠠᠭ︾ ᠭᠡᠵᠦ ᠠᠩᠭᠢ ᠶᠢᠨ ᠭᠡᠰᠢᠭᠦᠳ ᠠᠮᠠᠷᠠᠬᠤ ᠵᠠᠪᠰᠠᠷ ᠲᠤ ᠪᠠᠨ ᠰᠤᠷᠪᠤᠯᠵᠢᠯᠠᠭᠴᠢ ᠲᠠᠢ ᠬᠤᠪᠢᠶᠠᠯᠴᠠᠨ᠎ᠠ᠃      ᠦᠵᠡᠭᠴᠢᠳ ᠤᠨ ᠬᠠᠯᠠᠭᠤᠨ ᠲᠤᠰᠬᠠᠯ ᠤᠨ ᠡᠮᠦᠨ᠎ᠡ᠂ ᠲᠣᠭᠯᠠᠭᠴᠢᠳ ᠪᠠᠶᠠᠷᠯᠠᠵᠤ ᠪᠠᠶᠢᠭᠰᠠᠨ ᠴᠤ᠂ ᠪᠠᠰᠠ ᠨᠢᠭᠡ ᠰᠠᠨᠠᠭᠠᠰᠢᠷᠠᠯ ᠤᠴᠠᠷᠠᠪᠠ -ᠲᠣᠭᠯᠠᠯᠲᠠ ᠶᠢᠨ ᠠᠩᠭᠢ ᠶᠢᠨ ᠬᠡᠰᠢᠭᠦᠳ ᠤᠨ ᠨᠠᠰᠤᠵᠢᠯᠳᠡ ᠤᠨ ᠬᠠᠨᠳᠤᠰᠢ ᠡᠳᠦᠷ ᠢᠷᠡᠬᠦᠶ᠎ᠡ ᠰᠢᠷᠦᠭᠦᠰᠴᠦ᠂ ᠰᠢᠨ᠎ᠡ ᠬᠦᠴᠦᠨ ᠬᠠᠷᠢᠨ ᠣᠷᠣᠵᠤ ᠢᠷᠡᠬᠦ ᠦᠭᠡᠢ᠂ ᠬᠡᠷᠬᠢᠨ ᠲᠣᠭᠯᠠᠯᠲᠠ ᠶᠢᠨ ᠠᠩᠭᠢ ᠶᠢ ᠨᠡᠩ ᠰᠠᠶᠢᠲᠤᠷ ᠡᠷᠬᠢᠯᠡᠬᠦ  ᠨᠢ ᠨᠢᠭᠡᠨᠲᠡ ᠪᠠᠴᠢᠮ ᠰᠢᠢᠳᠪᠦᠷᠢᠯᠡᠬᠦ ᠴᠢᠬᠤᠯᠠᠲᠠᠶ ᠬᠦᠴᠢᠷ ᠠᠰᠠᠭᠤᠳᠠᠯ ᠪᠣᠯᠤᠭᠰᠠᠨ ᠪᠠᠶᠢᠨ᠎ᠠ᠃ ︽ᠡᠯ ᠷᠧᠨ ᠲᠠᠢ ᠤᠷᠠᠯᠢᠭ ᠤᠨ ᠳᠠᠭᠤᠯᠠᠬᠤ᠂ ᠳᠣᠭᠯᠠᠬᠤ ᠨᠢ ᠰᠢᠷᠭᠠᠭᠤ ᠬᠠᠲᠠᠭᠤᠵᠢᠯᠳᠠᠢ ᠪᠣᠯᠪᠠᠰᠤᠷᠠᠯ ᠬᠡᠷᠡᠭᠳᠡᠢ᠂ ᠣᠳᠣ ᠶᠢᠨ ᠵᠠᠯᠠᠭᠤᠴᠤᠳ ᠳᠡᠮᠡᠢ ᠰᠣᠨᠢᠷᠬᠠᠯ ᠦᠭᠡᠢ᠂ ᠪᠢᠳᠡ ᠡᠨᠡᠬᠦ ᠤᠷᠠᠯᠢᠭ ᠢᠶᠠᠨ ᠤᠰᠠᠳᠬᠠᠬᠤ ᠶᠢ ᠣᠭᠳᠤ ᠰᠠᠨᠠᠬᠤ ᠦᠭᠡᠢ︾ ᠭᠡᠵᠥ ᠠᠩᠭᠢ ᠶᠢᠨ ᠭᠡᠰᠢᠭᠦᠨ ᠵᠢᠶᠠ ᠴᠢᠶᠣᠤ ᡁᠢ ᠠᠩᠭᠢ ᠶᠢᠨ ᠪᠠᠶᠢᠳᠠᠯ ᠢᠶᠠᠨ ᠶᠠᠷᠢᠵᠤ ᠪᠠᠶᠢᠯ᠎ᠠ᠃ ᠣᠳᠣᠬᠢ ᠪᠠᠶᠢᠳᠠᠯ ᠤᠨ ᠡᠮᠦᠨ᠎ᠡ᠂ ᠲᠡᠳᠡ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠬᠡᠩᠭᠡᠷᠭᠡ ᠶᠢᠨ ᠪᠠᠭᠰᠢ ᠭᠤᠤ ᠯᠢᠶᠠᠨ ᠰᠢ ᠬᠥᠭᠵᠢᠮ ᠢᠶᠠᠨ ︽ᠳᠢᠭ ᠲᠤᠭ︾ ᠤᠨ ᠣᠬᠤᠷ ᠸᠢᠳᠢᠣ᠋ ᠪᠣᠯᠭᠠᠨ᠂ ᠵᠢᠶᠠ ᠴᠢᠶᠣᠤ ᡁᠢ ᠭᠡᠰᠢᠭᠦᠳ ᠲᠠᠢ ᠪᠠᠨ ᠬᠠᠮᠲᠤ ᠤᠷᠤᠰᠬᠠᠯ ᠳᠠᠭᠤᠤ ᠶᠢᠨ ᠦᠭᠡ ᠪᠠᠷ ᠤᠯᠠᠮᠵᠢᠯᠠᠯᠲᠤ ᠳᠠᠭᠤᠤ ᠶᠢᠨ ᠫᠠᠶᠢᠰᠠ ᠢ ᠣᠷᠣᠭᠤᠯᠬᠤ ᠪᠠᠷ ᠲᠤᠷᠰᠢᠪᠠ ᠁ ᠤᠯᠠᠮᠵᠢᠯᠠᠯᠲᠤ ᠤᠷᠠᠯᠢᠭ ᠢ ᠨᠠᠩ ᠣᠯᠠᠨ ᠦᠵᠡᠭᠴᠢᠳ ᠤᠨ ᠳᠤᠮᠳᠠ ᠬᠥᠷᠭᠡᠪᠡ᠃ ︽ᠡᠯ ᠷᠧᠨ ᠲᠠᠢ ᠤᠷᠠᠯᠢᠭ ᠲᠤ ᠳᠤᠷᠠᠲᠠᠢ ᠬᠥᠮᠥᠨ ᠪᠠᠶᠢᠳᠠᠭ ᠶᠤᠮ ᠪᠣᠯ ᠪᠢᠳᠡ ᠦᠷᠭᠦᠯᠵᠢᠯᠡᠨ ᠳᠠᠭᠤᠯᠠᠨ᠎ᠠ᠃︾ ᠬᠡᠵᠥ ᠠᠩᠭᠢ ᠶᠢᠨ ᠭᠡᠰᠢᠭᠦᠨ ᠵᠠᠩ ᠭᠦᠢ ᠶᠢᠩ ᠡᠷᠡᠰ ᠰᠢᠭᠤᠷᠬᠠᠢ ᠪᠠᠷ ᠬᠡᠯᠡᠪᠡ᠃      ︽ᠡᠯ ᠷᠧᠨ ᠲᠠᠢ ᠶᠢᠨ ᠳᠠᠭᠤᠯᠠᠬᠤ ᠳᠣᠭᠯᠠᠬᠤ ᠨᠢ ᠪᠥᠷ ᠰᠤᠷᠬᠤ ᠬᠡᠷᠡᠭᠲᠡᠢ᠃ ᠪᠢᠳᠡ ᠨᠡᠩ ᠣᠯᠠᠨ ᠵᠠᠯᠠᠭᠤᠴᠤᠳ ‍ᠤᠨ‌ᠡᠯ ᠷᠧᠨ ᠲᠠᠢ ᠶᠢ ᠣᠶᠢᠯᠠᠭᠠᠵᠤ ᠰᠣᠨᠢᠷᠬᠠᠬᠤ ᠶᠢ ᠬᠦᠰᠡᠵᠦ ᠪᠠᠶᠢᠨ᠎ᠠ︾ ᠭᠡᠵᠥ ᠬᠡᠳᠦᠨ ᠠᠷᠪᠠᠨ ᠵᠢᠯ ᠬᠡᠩᠭᠡᠷᠭᠡ ᠳᠡᠯᠡᠳᠥᠭᠰᠡᠨ ᠭᠤᠣ ᠯᠢᠶᠠᠨ ᠰᠢ ᠶᠠᠷᠢᠪᠠ᠃ ᠡᠨᠡ ᠨᠢᠭᠡ ᠠᠩᠭᠢ ᠠᠵᠢᠯ ᠤᠨ ᠴᠢᠯᠥᠭᠡᠨ ᠤ ᠣᠷᠠᠯᠢᠭ ᠲᠤ ᠪᠠᠭ᠋ᠠᠲᠠᠢ ᠵᠢᠷ ᠤᠨ ᠬᠥᠮᠦᠰ ᠥᠪᠡᠷ ᠤᠨ ᠬᠠᠮᠤᠭ ᠤᠨ ᠪᠣᠷᠣᠭᠵᠢᠭᠤᠨ ᠠᠷᠭ᠎ᠠ ᠬᠡᠯᠪᠡᠷᠢ ᠪᠠᠷ ᠭᠡᠷᠡᠴᠢᠯᠡᠭᠰᠡᠨ ᠨᠢ᠄ ᠰᠡᠳᠬᠢᠯ ᠳᠠᠬᠢ ᠡᠯ ᠷᠧᠨ ᠲᠠᠢ ᠤᠷᠠᠯᠢᠭ ᠢᠶᠠᠨ ᠪᠠᠲᠤ ᠰᠠᠬᠢᠬᠤ ᠵᠣᠷᠢᠭ ᠪᠠᠶᠢᠳᠠᠭ ᠯᠠ ᠶᠤᠮ ᠪᠣᠯ᠂ ᠡᠯ ᠷᠧᠨ ᠲᠠᠢ ᠤᠷᠠᠯᠢᠭ ᠨᠢ ᠴᠤ ᠲᠠᠰᠤᠷᠠᠯᠲᠠ ᠦᠭᠡᠢ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠥᠨᠢ ᠤᠳᠠᠭᠠᠨ ᠳᠡᠥᠬᠡᠨ ᠤᠷᠠᠯᠢᠭ ᠴᠤ ᠰᠢᠨ᠎ᠡ ᠬᠥᠷᠥᠰᠥᠨ ᠳᠤ ᠦᠨᠳᠦᠰᠦᠯᠡᠵᠤ ᠴᠢᠳᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号